ᠦᠦᠰᠢᠨ ᠰᠤᠶᠤᠯ ᠤᠨ ᠪᠦᠷᠢᠨ ᠪᠢᠴᠢᠭ ᠤᠨ ᠨᠢᠭᠡ ᠪᠣᠯᠬᠤ ︽ᠮᠤᠩᠭᠤᠯ ᠦᠨᠳᠦᠰᠦᠲᠡᠨ ᠤ ᠣᠪᠣᠭᠠᠨ ᠰᠤᠶᠤᠯ ᠤᠨ ᠪᠤᠳᠢ︾  ᠭᠡᠬᠦ ᠨᠤᠮ ᠢ ᠬᠡᠪᠯᠡᠨ ᠳᠠᠷᠬᠠᠭᠠᠯ᠎ᠠ
ᠨᠡᠶᠢᠲᠡᠯᠡᠭᠰᠡᠨ ᠴᠠᠭ᠄
2020-06-05
     ᠤᠶᠢᠷ᠎ᠠ ᠶᠢᠨ ᠡᠳᠦᠷ᠂ ᠦᠦᠰᠢᠨ ᠰᠤᠶᠤᠯ ᠤᠨ ᠪᠦᠷᠢᠨ ᠪᠢᠴᠢᠭ ᠤᠨ ᠨᠢᠭᠡ ᠪᠣᠯᠬᠤ ︽ᠮᠤᠩᠭᠤᠯ ᠦᠨᠳᠦᠰᠦᠲᠡᠨ ᠤ ᠣᠪᠣᠭᠠᠨ ᠰᠣᠶᠣᠯ ᠤᠨ ᠪᠣᠳᠢ︾ ᠭᠡᠬᠦ ᠨᠣᠮ ᠳᠠᠷᠬᠠᠭᠠᠬᠤ ᠶᠣᠰᠣᠯᠠᠯ ᠤᠯᠠᠭᠠᠨᠲᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠪᠢᠯᠢᠭ ᠤᠨ ᠰᠠᠩ ᠨᠤᠮ ᠤᠨ ᠣᠪᠣᠭᠠᠨ ᠳᠤ ᠶᠠᠪᠤᠭᠳᠠᠯ᠎ᠠ᠃      ᠣᠷᠳᠣᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠪᠠᠶᠠᠨᠴᠢᠮᠡᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ ᠶᠤᠰᠤᠯᠠᠯ ᠳᠤ ᠤᠷᠤᠯᠴᠠᠵᠤ ᠬᠤᠰᠢᠭᠤ ᠤᠯᠤᠰ ᠲᠦᠷᠦ ᠶᠢᠨ ᠵᠦᠪᠯᠡᠯᠡᠭᠡᠨ ᠤ ᠳᠡᠳ᠋ ᠲᠡᠷᠢᠭᠦᠯᠡᠭᠴᠢ ᠤᠶᠤᠨᠪᠢᠯᠢᠭ᠌ ᠶᠤᠰᠤᠯᠠᠯ ᠢ ᠡᠷᠬᠢᠯᠡᠭᠰᠡᠨ ᠪᠠᠶᠢᠨ᠎ᠠ᠃ ᠬᠤᠰᠢᠭᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠵᠦᠪᠯᠡᠯ᠂ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠬᠠᠷᠢᠭᠤᠴᠠᠯᠭᠠᠲᠠᠳ ᠲᠤᠰ ᠨᠤᠮ ᠤᠨ ᠡᠮᠬᠢᠳᠭᠡᠨ ᠨᠠᠶᠢᠷᠠᠭᠤᠯᠬᠤ ᠺᠤᠮᠢᠰ ᠤᠨ ᠭᠡᠰᠢᠭᠦᠳ ᠪᠤᠯᠤᠨ ᠤᠷᠠᠨ ᠵᠤᠬᠢᠶᠠᠯ ᠤᠨ ᠪᠠᠭ᠋ᠠᠲᠠᠳ᠂ ᠤᠩᠰᠢᠭᠴᠢᠳ ᠤᠯᠠᠨ ᠲᠦᠮᠡᠨ ᠶᠤᠰᠤᠯᠠᠯ ᠳᠤ ᠤᠷᠤᠯᠴᠠᠵᠠᠢ᠃      ᠶᠤᠰᠤᠯᠠᠯ ᠳᠡᠭᠡᠷ᠎ᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ ᠪᠠᠶᠠᠷ ᠤᠨ ᠦᠭᠡ ᠶᠠᠷᠢᠵᠦ ᠨᠤᠮ ᠡᠮᠬᠢᠳᠭᠡᠨ ᠨᠠᠶᠢᠷᠠᠭᠤᠯᠤᠭᠴᠢ ᠠᠴᠠ ᠨᠤᠮ ᠤᠨ ᠲᠤᠬᠠᠢ ᠲᠦᠭᠦᠮ ᠲᠠᠨᠢᠯᠴᠠᠭᠤᠯᠭ᠎ᠠ ᠬᠢᠭᠰᠡᠨ ᠤ ᠬᠤᠶᠢᠨ᠎ᠠ ︽ᠮᠤᠩᠭᠤᠯ ᠦᠨᠳᠦᠰᠦᠲᠡᠨ ᠤ ᠣᠪᠣᠭᠠᠨ ᠰᠣᠶᠣᠯ ᠤᠨ ᠪᠣᠳᠢ︾ ᠭᠡᠬᠦ ᠨᠤᠮ ᠢᠶᠠᠨ ᠨᠤᠮ ᠤᠨ ᠣᠪᠣᠭᠠᠨ ᠤ ᠬᠠᠷᠢᠭᠤᠴᠠᠯᠭᠠᠲᠠᠨ ᠳᠤ ᠬᠦᠷᠭᠡᠭᠰᠡᠨ ᠪᠠᠶᠢᠨ᠎ᠠ᠃      ᠨᠤᠮ ᠲᠠᠷᠬᠠᠭᠠᠬᠤ ᠶᠤᠰᠤᠯᠠᠯ ᠳᠤ ᠦᠦᠰᠢᠨ ᠬᠤᠰᠢᠭᠤᠨ ᠤ ᠨᠠᠮ ᠵᠠᠰᠠᠭ ᠤᠨ ᠤᠳᠤᠷᠢᠳᠤᠯᠭ᠎ᠠ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠵᠢᠴᠢ ᠲᠤᠰ ᠨᠤᠮ ᠤᠨ ᠡᠮᠬᠢᠳᠭᠡᠨ ᠨᠠᠶᠢᠷᠠᠭᠤᠯᠬᠤ ᠺᠤᠮᠢᠰ ᠤᠨ ᠭᠡᠰᠢᠭᠦᠳ ᠪᠤᠯᠤᠨ ᠤᠷᠠᠨ ᠵᠤᠬᠢᠶᠠᠯ ᠤᠨ ᠪᠠᠭ᠋ᠠᠲᠠᠳ᠂ ᠤᠩᠰᠢᠭᠴᠢᠳ ᠤᠷᠤᠯᠴᠠᠵᠠᠢ᠃      ︽ᠮᠤᠩᠭᠤᠯ ᠦᠨᠳᠦᠰᠦᠲᠡᠨ ᠤ ᠣᠪᠣᠭᠠᠨ ᠰᠣᠶᠣᠯ ᠤᠨ ᠪᠣᠳᠢ︾ ᠭᠡᠬᠦ ᠨᠤᠮ ᠢ ᠪᠠᠶᠠᠨᠰᠥ᠋ᠮᠪᠥᠷ᠂ ᠵᠠᠩᠭᠠᠨᠤᠷᠪᠤ᠂ ᠰᠤᠶᠤᠯᠳᠠᠯᠠᠢ᠂ ᠬᠦᠮᠦᠵᠢᠯᠲᠦ ᠵᠡᠷᠭᠡ 4 ᠨᠦᠭᠦᠷ ᠳᠣᠯᠣᠭᠠᠨ ᠵᠢᠯ ᠭᠠᠷᠣᠢ ᠶᠢᠨ ᠴᠠᠭ ᠢ ᠵᠠᠷᠤᠴᠠᠭᠤᠯᠤᠨ ᠱᠠᠨᠰᠢ ᠮᠤᠵᠢ᠂ ᠤᠲᠤᠭ ᠤᠨ ᠡᠮᠦᠨᠡᠲᠦ ᠬᠤᠰᠢᠭᠤ᠂ ᠡᠵᠡᠨ ᠬᠤᠷᠤᠭ᠎ᠠ ᠬᠤᠰᠢᠭᠤ ᠵᠢᠴᠢ ᠬᠤᠰᠢᠭᠤ ᠡᠯ᠎ᠡ ᠰᠤᠮᠤ ᠪᠠᠯᠭᠠᠰᠤ  ᠪᠠᠷ ᠪᠠᠶᠢᠷᠢᠯᠠᠵᠤ ᠪᠠᠶᠢᠭ᠎ᠠ ᠦᠦᠰᠢᠨᠴᠤᠳ ᠤᠨ ᠳᠠᠶᠢᠵᠤ ᠳᠠᠬᠢᠳᠠᠭ ᠣᠪᠣᠭ᠎ᠠ ᠣᠷᠤᠳ ᠢᠶᠠᠷ ᠬᠦᠷᠴᠦ ᠰᠤᠷᠪᠤᠯᠵᠢᠯᠠᠨ ᠡᠮᠬᠢᠳᠭᠡᠨ ᠨᠠᠶᠢᠷᠠᠭᠤᠯᠤᠭᠰᠠᠨ ᠪᠠᠶᠢᠨ᠎ᠠ᠃      ︽ᠮᠤᠩᠭᠤᠯ ᠦᠨᠳᠦᠰᠦᠲᠡᠨ ᠤ ᠣᠪᠣᠭᠠᠨ ᠰᠣᠶᠣᠯ ᠤᠨ ᠪᠣᠳᠢ︾ ᠭᠡᠬᠦ ᠨᠣᠮ ᠤᠨ ᠭᠤᠣᠯ ᠨᠠᠶᠢᠷᠠᠭᠤᠯᠤᠭᠴᠢ ᠪᠠᠶᠠᠨᠰᠥ᠋ᠮᠪᠥᠷ᠄ ︽ᠮᠠᠨ ᠤ ᠬᠡᠳᠤᠨ ᠨᠠᠶᠢᠷᠠᠭᠤᠯᠤᠭᠴᠢ ᠦᠩᠭᠡ ᠪᠤᠳᠤᠭ ᠨᠡᠮᠡᠭᠰᠡᠨ ᠦᠭᠡᠢ᠂ ᠪᠦᠷ ᠪᠣᠰᠣᠳ ᠢ ᠰᠤᠷᠪᠤᠯᠵᠢᠯᠠᠵᠦ   ᠪᠤᠰᠤᠳ ᠠᠴᠠ ᠠᠪᠤᠭᠠᠳ ᠡᠮᠬᠢᠳᠭᠡᠨ ᠨᠠᠶᠢᠷᠠᠭᠤᠯᠤᠭᠰᠠᠨ ᠶᠤᠮ᠂ ᠦᠨ᠎ᠡ ᠴᠡᠨ᠎ᠡ ᠨᠢ ᠡᠭᠦᠨ ᠳᠤ ᠪᠠᠶᠢᠭ᠎ᠠ ᠶᠤᠮ᠃ ᠡᠨᠡ ᠨᠤᠮ ᠢ ᠵᠤᠬᠢᠶᠠᠵᠤ ᠪᠢᠴᠢᠬᠦ ᠳᠤ ᠤᠷᠤᠯᠴᠠᠭᠰᠠᠨ ᠬᠦᠮᠦᠨ ᠵᠠᠭᠤ ᠭᠠᠷᠤᠢ ᠬᠦᠮᠦᠨ ᠪᠠᠶᠢᠨ᠎ᠠ᠃ ᠭᠤᠤᠯᠴᠢᠯᠠᠨ ᠬᠢᠳᠡᠭ ᠬᠦᠮᠦᠨ ᠪᠤᠯ ᠰᠤᠶᠤᠯᠳᠠᠯᠠᠢ᠂ ᠵᠠᠩᠭᠠᠨᠤᠷᠪᠤ᠂ ᠬᠦᠮᠦᠵᠢᠯᠲᠦ ᠪᠢᠳᠠ ᠳᠦᠷᠪᠡᠭᠦᠯᠡ᠃ ᠪᠢᠳᠠ ᠬᠡᠳᠦᠭᠦᠯᠡ ᠠᠵᠢᠯ ᠢᠶᠠᠨ ᠬᠤᠪᠢᠶᠠᠵᠤ ᠠᠪᠤᠭᠠᠳ ᠪᠤᠰᠤᠳ ᠬᠦᠮᠦᠰ ᠬᠠᠪᠰᠤᠷᠴᠤ ᠡᠨᠡ ᠠᠵᠢᠯ ᠢ ᠪᠡᠶᠡᠯᠡᠭᠦᠯᠪᠡ︾ ᠭᠡᠪᠡ᠃     ᠲᠤᠰ ᠨᠤᠮ ᠤᠨ ᠭᠡᠪᠯᠡᠭᠳᠡᠨ ᠳᠠᠷᠬᠠᠭᠠᠭᠳᠠᠭᠰᠠᠨ ᠨᠢ ᠤᠩᠰᠢᠭᠴᠢᠳ ᠲᠤ ᠦᠤᠰᠢᠨ ᠨᠤᠳᠤᠭ ᠤᠨ ᠣᠪᠣᠭᠠᠨ ᠳᠠᠬᠢᠯᠭ᠎ᠠ᠂ ᠣᠪᠣᠭᠠᠨ ᠰᠤᠶᠤᠯ ᠤᠨ ᠲᠤᠬᠠᠢ ᠤᠶᠢᠯᠠᠭᠠᠯᠲᠠ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ ᠦᠤᠰᠢᠨ ᠨᠤᠳᠤᠭ ᠤᠨ ᠤᠪᠣᠭᠠᠨ ᠰᠤᠶᠤᠯ ᠤᠨ ᠲᠠᠯ᠎ᠠ ᠪᠠᠷ ᠬᠢ ᠲᠤᠲᠠᠭᠤ ᠬᠠᠭᠤᠳᠠᠰᠤ ᠶᠢ ᠨᠦᠭᠦᠪᠦᠷᠢᠯᠡᠭᠰᠡᠨ ᠪᠠᠶᠢᠨ᠎ᠠ᠃     ᠣᠪᠣᠭᠠᠨ ᠰᠣᠶᠣᠯ ᠤᠨ ᠰᠣᠳᠣᠯᠣᠭᠴᠢ ᠬᠠᠳᠡᠴᠢ ᠭᠠᠩ᠄ ︽ᠣᠪᠣᠭ᠎ᠠ ᠳᠠᠬᠢᠬᠤ ᠶᠢ ᠳᠡᠭᠡᠷ᠎ᠡ ᠥᠶ᠎ᠡ ᠳᠤ ᠲᠡᠭᠷᠢ ᠳᠠᠬᠢᠬᠤ ᠭᠡᠵᠦ ᠬᠡᠯᠡᠵᠦ ᠪᠠᠶᠢᠵᠡᠢ᠂ ᠲᠡᠭᠷᠢ ᠭᠡᠰᠡᠨ ᠨᠢ ᠤᠳᠠᠭᠠᠨ ᠳᠠᠭᠠᠨ ᠬᠠᠶᠠᠭᠳᠠᠭᠠᠳ ᠣᠪᠣᠭ᠎ᠠ ᠪᠤᠯᠤᠭᠰᠠᠨ᠂ ᠭᠡᠪᠡᠴᠦ ᠡᠨᠡ ᠣᠪᠣᠭ᠎ᠠ ᠪᠠᠨ ᠪᠢᠳᠠ ᠪᠠᠰᠠ ᠲᠡᠭᠷᠢ ᠳᠠᠬᠢᠵᠦ ᠪᠠᠶᠢᠨ᠎ᠠ ᠭᠡᠵᠦ ᠪᠤᠳᠤᠨ᠎ᠠ᠂ ᠦᠦᠰᠢᠨ ᠳᠤ ᠨᠡᠶᠢᠲᠡ 249 ᠣᠪᠣᠭ᠎ᠠ ᠪᠠᠶᠢᠨ᠎ᠠ᠂ ᠡᠭᠦᠨ ᠳᠤ ᠭᠡᠭᠡᠭᠳᠡᠵᠦ ᠳᠠᠬᠢᠵᠦ ᠦᠭᠡᠢ ᠣᠪᠣᠭ᠎ᠠ ᠨᠢ 4 ᠪᠠᠶᠢᠨ᠎ᠠ᠃ ᠣᠳᠣ ᠦᠦᠰᠢᠨᠴᠤᠳ ᠤᠨ ᠳᠠᠬᠢᠵᠦ ᠪᠠᠶᠢᠭ᠎ᠠ ᠣᠪᠣᠭ᠎ᠠ 255 ᠪᠠᠶᠢᠨ᠎ᠠ︾ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号