ᠣᠷᠳᠣᠰ ᠬᠤᠳᠠ ᠶᠢᠨ ︽ᠴᠢᠨᠡᠬᠡᠯᠢᠭᠵᠢᠭᠰᠡᠨ ᠡᠰᠡᠬᠦ ᠶᠢ ᠨᠢ ᠮᠡᠳᠡᠶ᠎ᠡ ᠬᠡᠪᠡᠯ ᠨᠣᠳᠤᠭ ᠤᠨ ᠠᠷᠠᠳ ᠢ ᠨᠢ ᠬᠠᠷᠠᠭᠠᠷᠠᠢ︾ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠤ ᠰᠶᠢᠳᠪᠤᠷᠢᠲᠤ ᠢᠯᠡᠯᠳᠡ ᠶᠢ ᠣᠯᠬᠤ ᠭᠤᠣᠯ ᠰᠡᠳᠣᠪᠲᠣ ᠳᠠᠶᠢᠯᠦᠮᠵᠢ ᠭᠠᠯᠠᠭᠤᠲᠣ ᠪᠠᠯᠭᠠᠰᠣᠨ ᠳᠤ ᠶᠠᠪᠣᠭᠳᠠᠪᠠ
ᠨᠡᠶᠢᠲᠡᠯᠡᠭᠰᠡᠨ ᠴᠠᠭ᠄
2020-06-05
   6 ᠰᠠᠷ᠎ᠠ ᠶᠢᠨ 3 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠣᠬᠠᠭᠤᠯᠬᠤ ᠬᠡᠯᠳᠡᠰ᠂ ᠬᠤᠳᠠ ᠶᠢᠨ ᠨᠠᠮ  ᠤᠨ ᠬᠤᠷᠢᠶᠠᠨ ᠤ ᠯᠧᠺᠲ᠋ᠣᠷ ᠤᠨ ᠪᠦᠯᠬᠦᠮ ᠠᠴᠠ ᠭᠤᠣᠯᠯᠠᠨ ᠡᠷᠬᠢᠯᠡᠭᠰᠡᠨ ︽ᠴᠢᠨᠡᠬᠡᠯᠢᠭᠵᠢᠭᠰᠡᠨ ᠡᠰᠡᠬᠦ ᠨᠢ ᠬᠡᠬᠦ ᠶᠢ ᠮᠡᠳᠡᠶ᠎ᠡ ᠬᠡᠪᠡᠯ ᠨᠣᠳᠤᠭ ᠤᠨ ᠠᠷᠠᠳ ᠢ ᠨᠢ ᠬᠠᠷᠠᠭᠠᠷᠠᠢ︾ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠤ ᠰᠶᠢᠳᠪᠤᠷᠢᠲᠤ ᠢᠯᠡᠯᠳᠡ ᠶᠢ ᠣᠯᠬᠤ ᠭᠤᠣᠯ ᠰᠡᠳᠣᠪᠲᠣ ᠳᠠᠶᠢᠯᠦᠮᠵᠢ ᠭᠠᠯᠠᠭᠤᠲᠣ ᠪᠠᠯᠭᠠᠰᠣᠨ ᠳᠤ ᠶᠠᠪᠣᠭᠳᠠᠪᠠ᠃    ᠠᠵᠢᠯᠯᠠᠭᠠᠨ ᠢᠶᠠᠷ᠂ ᠯᠧᠺᠲ᠋ᠣᠷ ᠤᠨ ᠪᠦᠯᠬᠦᠮ ᠤᠨ ᠪᠠᠭᠰᠢ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠬᠦᠯᠡᠯ᠂ ᠮᠠᠨ ᠤ ᠣᠯᠣᠰ ᠤᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠶᠢᠨ ᠠᠬᠢᠴᠠ᠂ ᠦᠷ᠎ᠡ ᠪᠦᠲᠦᠮᠵᠢ ᠵᠢᠴᠢ ᠬᠦᠴᠢᠷᠳᠡᠯ᠂ ᠦᠪᠡᠷᠳᠡᠭᠡᠨ ᠵᠠᠰᠠᠬᠤ ᠣᠷᠣᠨ ᠪᠠ ᠮᠠᠨ ᠤ ᠬᠤᠳᠠ ᠶᠢᠨ ᠶᠠᠳᠠᠭᠤ  ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠳᠠᠬᠢ ᠳᠣᠷᠰᠢᠯᠭ᠎ᠠ᠂ ᠠᠷᠭ᠎ᠠ ᠪᠠᠷᠢᠯ ᠪᠠ ᠣᠳᠣᠬᠠᠨ ᠳᠤ ᠳᠣᠯᠭᠠᠷᠠᠵᠦ ᠪᠠᠶᠢᠭ᠎ᠠ ᠬᠦᠴᠢᠷᠳᠡᠯ ᠵᠢᠴᠢ ᠬᠢᠵᠢᠭ ᠤᠨ ᠪᠠᠶᠢᠳᠠᠯ ᠳᠣᠣᠷ᠎ᠠ ᠬᠡᠷᠬᠢᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠶᠢᠨ ᠳᠣᠮᠳᠠᠬᠢ ᠦᠷ᠎ᠡ ᠪᠦᠲᠦᠮᠵᠢ ᠪᠠᠨ ᠪᠠᠳᠣᠳᠬᠠᠬᠤ ᠳᠣᠬᠠᠢ ᠪᠦᠬᠦ ᠳᠠᠯ᠎ᠠ ᠶᠢᠨ ᠨᠠᠷᠢᠯᠢᠭ ᠳᠠᠶᠢᠯᠦᠮᠵᠢ ᠬᠢᠭᠰᠡᠨ ᠪᠠᠶᠢᠨ᠎ᠠ᠃    ᠳᠣᠰ ᠣᠳᠠᠭᠠᠨ ᠤ ᠠᠵᠢᠯᠯᠠᠭᠠᠨ ᠳᠤ ᠣᠬᠠᠭᠤᠯᠣᠨ ᠳᠠᠶᠢᠯᠪᠣᠷᠢᠯᠠᠬᠤ ᠪᠠ ᠪᠠᠶᠠᠵᠢᠨ ᠴᠢᠨᠡᠭᠡᠯᠢᠭᠵᠢᠭᠰᠡᠨ ᠡᠷᠦᠬᠡ  ᠶᠢ ᠰᠣᠷᠪᠣᠯᠵᠢᠯᠠᠬᠤ ᠶᠢ ᠣᠶᠠᠯᠳᠣᠭᠤᠯᠵᠦ ᠰᠣᠮᠣ ᠪᠠᠯᠭᠠᠰᠣ᠂ ᠭᠠᠴᠠᠭ᠎ᠠ ᠳᠣᠰᠬᠤᠨ ᠤ ᠺᠠᠳ᠋ᠷ ᠠᠵᠢᠯᠳᠠᠨ᠂ ᠶᠠᠳᠠᠭᠤ  ᠶᠢ ᠳᠡᠳᠬᠦᠬᠦ  ᠠᠵᠢᠯᠳᠠᠳ ᠤᠨ ᠢᠳᠡᠭᠡᠯ ᠵᠣᠷᠢᠭ ᠢ ᠬᠦᠪᠴᠢᠯᠡᠵᠦ ᠪᠦᠬᠦ ᠳᠠᠯ᠎ᠠ ᠪᠠᠷ ᠶᠠᠳᠠᠭᠤ ᠠᠴᠠ ᠠᠩᠬᠢᠵᠢᠷᠠᠨ ᠪᠣᠭᠤᠮᠳᠠ ᠰᠢᠪᠳᠣᠯᠬᠤ ᠳᠠᠶᠢᠯᠠᠯᠳᠣᠭᠠᠨ ᠤ ᠡᠴᠦᠰ ᠤᠨ ᠢᠯᠡᠯᠳᠡ ᠶᠢ ᠡᠷᠡᠰ ᠳᠡᠮᠡᠴᠡᠨ ᠣᠯᠬᠤ ᠳᠤ ᠣᠨᠣᠯ ᠤᠨ ᠰᠠᠭᠤᠷᠢ ᠬᠠᠩᠭᠠᠭᠰᠠᠨ ᠪᠠᠶᠢᠨ᠎ᠠ᠃    ᠭᠠᠯᠠᠭᠤᠲᠣ ᠪᠠᠯᠭᠠᠰᠣᠨ ᠤ ᠪᠦᠬᠦ ᠺᠠᠳ᠋ᠷ ᠠᠵᠢᠯᠳᠠᠨ᠂ ᠭᠠᠴᠠᠭ᠎ᠠ ᠳᠣᠰᠬᠤᠨ ᠳᠤ ᠰᠠᠭᠤᠨ ᠠᠵᠢᠯᠯᠠᠵᠦ ᠪᠠᠶᠢᠭ᠎ᠠ ᠠᠵᠢᠯᠳᠠᠨ ᠳᠠᠶᠢᠯᠦᠮᠵᠢ ᠶᠢ ᠰᠣᠨᠣᠰᠣᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号