ᠪᠥᠭᠦ ᠬᠤᠳᠠ ᠶᠢᠨ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠨᠢᠭᠡᠳᠦᠯᠲᠠᠢ ᠲᠦᠯᠦᠪᠵᠢᠬᠦᠯᠦᠨ ᠠᠬᠢᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠨᠠᠢᠮᠠᠳᠤᠭᠠᠷ ᠤᠳᠠᠭᠠᠨ ᠤ ᠠᠯᠪᠠᠯᠠᠬᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2020-06-08
     ᠥᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠰᠡᠴᠡᠨᠪᠢᠯᠢᠭ ᠪᠥᠭᠦ ᠬᠤᠳᠠ ᠶᠢᠨ ︽ᠠᠷᠪᠠᠨ ᠲᠦᠷᠪᠡᠳᠦᠬᠡᠷ ᠲᠠᠪᠤᠨ ᠵᠢᠯ ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠨᠢᠭᠡᠳᠦᠯᠲᠠᠢ ᠲᠦᠯᠦᠪᠵᠢᠬᠦᠯᠦᠨ ᠠᠬᠢᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠨᠠᠢᠮᠠᠳᠤᠭᠠᠷ ᠤᠳᠠᠭᠠᠨ ᠤ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠲᠠ ᠶᠢᠨ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠥᠷᠢ ᠰᠢᠷᠢ ᠶᠢ ᠠᠷᠢᠯᠭᠠᠬᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠬᠡᠷᠡᠭᠯᠡᠬᠦ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠰᠤᠨᠤᠰᠤᠨ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠲᠠ ᠶᠢᠨ ᠳᠡᠳ᠋ ᠳᠠᠷᠤᠭ᠎ᠠ ᠶᠢᠨ ᠦ᠋᠂ ᠬᠤᠲᠠ ᠶᠢᠨ ᠳᠡᠳ᠋ ᠳᠠᠷᠤᠭ᠎ᠠ ᠯᠢ ᠸᠧᠨ ᠵᠥᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠤᠤ ᡁᠢ ᠬᠤᠸᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᡁᠢ ᠬᠤᠷᠠᠯ ᠳᠤ ᠣᠷᠣᠯᠴᠠᠵᠠᠶ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠳᠠᠷᠤᠭ᠎ᠠ ᠵᠠᠩ ᡁᠢ ᠰᠢᠦ᠋ᠩ᠂  ᠬᠤᠰᠢᠭᠤ ᠳᠡᠳ᠋ ᠳᠠᠷᠤᠭ᠎ᠠ ᠵᠸᠤ ᠱᠤᠸᠠᠢ᠂ ᠪᠠᠶᠠᠨᠴᠡᠩᠭᠡᠯ ᠸᠢᠳᠢᠣ᠋ ᠬᠤᠷᠠᠯ ᠤᠨ ᠬᠡᠯᠪᠡᠷᠢ ᠪᠠᠷ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠣᠷᠣᠯᠴᠠᠪᠠ᠃      ᠰᠡᠴᠡᠨᠪᠢᠯᠢᠭ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠬᠤ ᠨᠢ ᠮᠠᠰᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠣᠳᠣᠬᠠᠨ ᠳᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠵᠤ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠰᠡᠳᠬᠢᠯᠬᠡ ᠪᠠᠨ ᠦᠨᠡᠨ ᠬᠦ ᠴᠢᠩᠭᠠᠳᠬᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠦ ᠰᠡᠳᠬᠢᠴᠡ ᠪᠤᠯᠤᠨ ᠬᠠᠷᠠᠯᠲᠠ ᠡᠭᠦᠷᠭᠡ ᠪᠠᠨ ᠲᠣᠳᠣᠷᠬᠠᠶᠢᠯᠠᠨ ᠡᠯ᠎ᠡ ᠲᠦᠷᠦᠯ ᠤᠨ ᠡᠭᠦᠷᠭᠡ ᠪᠠᠨ ᠲᠦᠷᠭᠡᠳᠬᠡᠨ ᠨᠠᠶᠢᠳᠠᠪᠥᠷᠢᠵᠢᠭᠤᠯᠬᠤ ᠬᠡᠷᠡᠭᠲᠠᠢ᠃ ᠰᠤᠷᠤᠯᠴᠠᠨ ᠣᠶᠢᠯᠠᠭᠠᠬᠤ ᠳᠡᠭᠡᠷ᠎ᠡ ᠬᠦᠴᠦ ᠲᠠᠯᠪᠢᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠬᠦᠯᠦᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠨ ᠠᠮᠢ ᠠᠬᠤᠢ ᠶᠢ ᠤᠷᠢᠳ ᠢᠶᠠᠷ ᠪᠣᠳᠣᠯᠬᠢᠯᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠲᠦᠷᠭᠡᠨ ᠰᠦᠪᠡᠭᠴᠢᠯᠡᠭᠦ ᠬᠡᠷᠡᠭᠲᠠᠢ᠃ ᠰᠢᠰᠲ᠋ᠧᠮ ᠲᠠᠢ ᠰᠤᠳᠤᠯᠭᠠᠨ ᠳᠡᠭᠡᠷ᠎ᠡ ᠬᠦᠴᠦ ᠣᠷᠣᠭᠤᠯᠵᠤ ᠮᠠᠨ ᠤ ᠬᠤᠲᠠ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ ᠠᠰᠠᠭᠤᠳᠠᠯ ᠤᠨ ᠳᠤᠲᠠᠭᠤᠳᠠᠯ ᠢ ᠣᠨᠣᠪᠴᠢᠲᠠᠶ ᠡᠷᠢᠵᠦ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠵᠢᠬᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡᠳᠦᠯᠲᠡᠶ ᠲᠥᠯᠥᠪᠵᠢᠬᠦᠯᠦᠨ ᠠᠬᠢᠭᠤᠯᠬᠤ ᠳᠡᠭᠡᠷ᠎ᠡ ᠬᠦᠴᠦ ᠲᠠᠯᠪᠢᠵᠤ  ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ ᠴᠠᠭ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠣᠭᠲᠠᠭᠰᠠᠨ ᠬᠤᠭᠤᠴᠠᠭᠠᠨ ᠳᠤ ᠥᠨᠳᠥᠷ ᠲᠦᠪᠰᠢᠨ ᠢᠶᠠᠷ ᠪᠡᠶᠡᠯᠡᠭᠦᠯᠬᠦ ᠶᠢ ᠪᠠᠲᠤᠯᠠᠵᠦ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠠᠤᠭ᠎ᠠ ᠲᠥᠰᠦᠪ ᠢ ᠵᠢᠷᠤᠭᠯᠠᠵᠤ ᠥᠭᠭᠦ ᠬᠡᠷᠡᠭᠲᠠᠢ ᠬᠡᠵᠤ ᠵᠢᠭᠠᠵᠤ ᠭᠠᠷᠭᠠᠵᠠᠢ᠃      ᠰᠡᠴᠡᠨᠪᠢᠯᠢᠭ ᠪᠥᠭᠦ ᠬᠤᠳᠠ ᠪᠠᠷ ᠢᠶᠠᠨ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠦᠭᠰᠡᠨ ᠠᠴᠠ ᠨᠠᠭᠠᠰᠢ ᠢᠳᠡᠪᠬᠢᠲᠡᠶ ᠦᠷ᠎ᠡ ᠪᠦᠲᠦᠮᠵᠢ ᠶᠢ ᠣᠯᠵᠠᠶ᠃ ᠣᠳᠣᠬᠠᠨ ᠳᠤ ᠪᠦᠬᠦ ᠬᠤᠲᠠ ᠳᠤ ᠲᠤᠯᠭᠠᠷᠠᠵᠤ ᠪᠠᠶᠢᠭ᠎ᠠ ᠠᠵᠤ ᠠᠬᠤᠢ ᠶᠢᠨ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠶ ᠬᠦᠨᠳᠦ ᠬᠡᠴᠡᠭᠦᠤ ᠪᠠᠶᠢᠵᠤ ᠲᠥᠪ ᠤᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾ ᠴᠢᠬᠤᠯᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠭᠤᠤᠯᠳᠠᠯᠭ᠎ᠠ ᠲᠠᠢ ᠲᠥᠷᠥᠯ ᠵᠦᠶ᠋ᠯ ᠢ ᠲᠥᠪᠯᠡᠷᠡᠭᠦᠯᠦᠨ ᠠᠬᠢᠭᠤᠯᠬᠤ ᠲᠣᠭᠲᠠᠴᠠ ᠶᠢ ᠤᠯᠠᠮ ᠭᠦᠨᠵᠡᠭᠡᠶᠢᠷᠡᠭᠦᠯᠦᠨ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠠᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠲᠥᠷᠥᠯ ᠵᠦᠢᠯ ᠢ ᠲᠥᠰᠦᠪᠯᠡᠬᠦ᠂ ᠬᠢᠨᠠᠨ ᠵᠥᠪᠰᠢᠶᠡᠷᠡᠬᠦ᠂ ᠠᠵᠢᠯ ᠡᠬᠢᠯᠡᠭᠦᠯᠬᠦ᠂ ᠪᠦᠲᠦᠭᠡᠨ ᠪᠠᠶᠢᠭᠤᠯᠬᠤ ᠪᠦᠬᠦ ᠶᠠᠪᠤᠴᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠲᠠᠢ ᠠᠬᠢᠬᠤ ᠪᠠᠶᠢᠳᠠᠯ ᠢ ᠪᠠᠳᠤᠯᠠᠬᠤ ᠬᠡᠷᠡᠭᠲᠠᠢ ᠬᠡᠵᠤ ᠵᠢᠭᠠᠵᠤ ᠭᠠᠷᠭᠠᠪᠠ᠃      ᠰᠡᠴᠡᠨᠪᠢᠯᠢᠭ ᠲᠥᠪ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠢᠴᠡᠳ ᠠᠰᠢᠭᠯᠠᠨ ᠣᠯᠠᠨ ᠠᠷᠭ᠎ᠠ ᠬᠡᠮᠵᠢᠶ᠎ᠡ ᠪᠠᠷ ᠵᠠᠰᠠᠭ ᠤᠨ ᠣᠷᠳᠣᠨ ᠤ ᠳᠠᠯᠳᠠ ᠥᠷᠢ ᠰᠢᠷᠢ ᠶᠢ ᠠᠷᠢᠯᠭᠠᠬᠤ ᠪᠠ ᠥᠷᠢ ᠰᠢᠷᠢ ᠶᠢ ᠢᠯᠭᠠᠷᠠᠭᠤᠯᠤᠨ ᠪᠣᠳᠣᠬᠤ ᠠᠵᠢᠯ ᠢ ᠰᠠᠶᠢᠲᠤᠷ ᠠᠳᠬᠤᠵᠤ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠠᠢ᠃ ᠤᠯᠤᠰ ᠠᠴᠠ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠬᠡᠪᠴᠢᠶ᠎ᠡ ᠶᠢ ᠥᠷᠭᠡᠳᠬᠡᠬᠦ ᠴᠢᠬᠤᠯᠠ ᠶᠡᠭᠡ ᠠᠵᠠ ᠲᠣᠬᠢᠶᠠᠯ ᠢ ᠠᠳᠬᠤᠵᠤ ᠤᠯᠤᠰ ᠤᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠶ ᠴᠢᠷᠮᠠᠶᠢᠨ ᠡᠮᠦᠨᠡᠬᠢ ᠬᠤᠭᠤᠴᠠᠭᠠᠨ ᠤ ᠠᠵᠢᠯ ᠢ ᠨᠠᠷᠢᠯᠢᠭ ᠬᠢᠵᠦ᠂ ᠲᠥᠷᠥᠯ ᠵᠦᠢᠯ ᠢ ᠲᠥᠰᠦᠪᠯᠡᠨ ᠪᠣᠭᠤᠳᠠᠯᠯᠠᠵᠤ ᠨᠥᠭᠡᠴᠡᠯᠡᠬᠦ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠨᠭ᠍ᠭᠠᠬᠤ ᠬᠡᠷᠡᠭᠲᠠᠢ ᠬᠡᠵᠤ ᠴᠢᠬᠤᠯᠠᠴᠢᠯᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号