ᠲᠤᠭᠤᠯᠳᠠᠢ᠄ ᠤᠷᠤᠰᠢᠨ ᠠᠮᠢᠳᠤᠷᠠᠬᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠵᠠᠰᠠᠠ ᠴᠡᠭᠴᠡᠯᠡᠯᠲᠡ ᠶᠢ ᠡᠷᠴᠢᠮᠲᠠᠢ ᠠᠬᠢᠭᠤᠯᠣᠨ᠎ᠠ
ᠨᠡᠶᠢᠲᠡᠯᠡᠭᠰᠡᠨ ᠴᠠᠭ᠄
2020-06-09
  ᠡᠨᠡ ᠵᠢᠯ ᠪᠤᠯ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠲᠤᠯᠬᠤ ᠵᠠᠩᠭᠢᠯᠠᠭ᠎ᠠ ᠶᠢᠨ ᠵᠢᠯ ᠪᠤᠯᠤᠨ᠎ᠠ᠃ ᠡᠨᠡ ᠬᠦ ᠵᠠᠩᠭᠢᠯᠠᠭ᠎ᠠ ᠶᠢᠨ ᠴᠠᠭ ᠮᠦᠴᠡ ᠳᠤ ᠲᠤᠭ ᠪᠠᠯᠭᠠᠰᠤᠨ ᠤ ᠲᠤᠭᠤᠯᠲᠠᠢ ᠭᠠᠴᠠᠭ᠎ᠠ ᠨᠢ ᠲᠦᠪ ᠤᠨ ᠪᠠ ᠤᠷᠤᠨ ᠨᠤᠲᠤᠭ ᠤᠨ ᠬᠦᠲᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠯᠲᠡ ᠶᠢᠨ ᠲᠤᠬᠠᠢ ᠠᠯᠢ ᠤᠯᠠᠨ ᠱᠠᠭᠠᠷᠲᠠᠯᠭ᠎ᠠ ᠶᠢ ᠴᠤᠤᠷᠢᠶᠠᠳᠤᠨ ᠲᠠᠭᠠᠵᠦ᠂ ︽ᠴᠡᠪᠡᠷ ᠠᠷᠢᠭᠤᠨ ᠢᠶᠠᠷ ᠴᠢᠨᠡᠭᠡᠯᠢᠭ ᠨᠡᠶᠢᠬᠡᠮ ᠢ ᠤᠭᠲᠤᠬᠤ︾ ᠲᠤᠰᠬᠠᠢ ᠰᠡᠲᠦᠪᠲᠦ ᠠᠵᠢᠯᠯᠠᠭ᠎ᠠ ᠶᠢ ᠭᠦᠨᠵᠡᠭᠡᠢ ᠦᠷᠨᠢᠭᠦᠯᠵᠣ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠵᠠᠰᠠᠠ ᠴᠡᠭᠴᠡᠯᠡᠯᠳᠠ ᠶᠢ ᠡᠷᠴᠢᠮᠲᠠᠢ ᠠᠬᠢᠭᠤᠯᠵᠦ ᠪᠠᠶᠢᠨ᠎ᠠ᠃   ᠬᠦᠲᠡᠭᠡ ᠲᠤᠰᠬᠤᠨ ᠮᠠᠯᠵᠢᠬᠤ ᠤᠷᠤᠨ ᠤ ᠤᠷᠤᠰᠢᠨ ᠠᠮᠢᠲᠤᠷᠠᠬᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠵᠠᠰᠠᠠ ᠴᠡᠭᠴᠡᠯᠡᠯᠲᠡ ᠶᠢᠨ ᠠᠵᠢᠯ ᠤᠨ ᠦᠷᠭᠡᠨ ᠭᠡᠪᠴᠢᠶᠡᠲᠠᠢ᠂ ᠭᠦᠴᠢᠷ ᠪᠡᠷᠬᠡᠲᠡᠢ ᠪᠠ ᠪᠤᠲᠤᠯᠢᠶᠠᠨᠲᠤ ᠴᠢᠨᠠᠷ ᠲᠠᠢ ᠪᠠᠶᠢᠬᠤ ᠪᠠᠶᠢᠳᠠᠯ ᠳᠤ ᠴᠢᠭᠯᠡᠭᠦᠯᠦᠨ᠂ ᠲᠤᠰ ᠭᠠᠴᠠᠭᠠᠨ ᠤ ︽ᠬᠤᠶᠠᠷ ᠵᠦᠪᠯᠡᠯ︾ ᠪᠤᠯᠤᠨ ᠠᠵᠢᠯᠯᠠᠬᠤ ᠲᠤᠭᠤᠶᠢᠯᠠᠩ ᠨᠢ ᠬᠠᠮᠲᠤ ᠪᠠᠷ ᠶᠠᠷᠢᠯᠴᠡᠨ ᠰᠤᠲᠤᠯᠤᠭᠠᠳ ︽3 4 5 6︾ ᠶᠢᠨ ᠠᠵᠢᠯᠯᠠᠭᠠᠨ ᠤ ᠲᠦᠰᠦᠪ ᠢ ᠲᠤᠭᠲᠠᠭᠠᠨ ᠬᠡᠷᠡᠭᠵᠢᠭᠦᠯᠵᠦ᠂ ᠴᠡᠭᠴᠡᠯᠡᠯᠲᠡ ᠶᠢᠨ ᠶᠡᠷᠦᠩᠬᠡᠢ ᠬᠢᠷᠢ ᠲᠦᠪᠰᠢᠨ ᠢ ᠳᠡᠭᠡᠭᠰᠢᠯᠡᠬᠦᠯᠬᠦ ᠵᠤᠷᠢᠯᠭ᠎ᠠ ᠳᠠᠭᠠᠨ ᠭᠦᠷᠴᠤ ᠴᠢᠳᠠᠭᠰᠠᠨ ᠪᠠᠶᠢᠨ᠎ᠠ᠃   ︽3 ᠶᠡᠷᠤᠩᠭᠡᠢ ᠡᠭᠦᠷᠭᠡ︾ ᠶᠢ ᠲᠤᠭᠲᠠᠭᠠᠪᠠ᠃ ᠨᠢᠭᠡ ᠳᠤ ᠤᠬᠠᠭᠤᠯᠤᠨ ᠳᠠᠭᠠᠭᠤᠯᠬᠤ ᠶᠢ ᠴᠢᠩᠭᠠᠳᠬᠠᠵᠤ᠂ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠪᠠ ᠮᠡᠳᠡᠯᠭᠡ ᠶᠢᠨ ᠲᠦᠭᠡᠮᠠᠯᠵᠢᠭᠦᠯᠤᠯᠲᠡ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠪᠠᠶᠢᠭᠤᠯᠤᠯᠲᠠ ᠶᠢ ᠭᠠᠴᠠᠭ᠎ᠠ ᠲᠤᠰᠬᠤᠨ ᠤ ᠪᠤᠯᠪᠠᠰᠤᠨ ᠤ ᠡᠭᠦᠳᠤᠯᠲᠡ ᠶᠢᠨ ᠭᠤᠤᠯ ᠠᠭᠤᠯᠭ᠎ᠠ ᠪᠤᠯᠭᠠᠨ ᠠᠳᠬᠤᠵᠤ᠂ ᠨᠠᠮ ᠤᠨ ᠭᠡᠰᠢᠭᠦᠨ᠂ ᠠᠷᠠᠳ ᠤᠨ ᠲᠥᠯᠦᠭᠡᠯᠡᠭᠴᠢ᠂ ᠪᠠᠶᠠᠵᠢᠯ ᠤᠨ ᠳᠠᠭᠠᠭᠤᠯᠤᠭᠴᠢ ᠨᠠᠷ ᠢ ᠥᠷᠭᠡᠨ ᠢᠶᠠᠷ ᠳᠠᠶᠢᠴᠢᠯᠠᠪᠠ᠃ ᠬᠤᠶᠠᠷ ᠲᠤ᠂ ᠰᠢᠯᠭᠠᠵᠤ ᠵᠤᠷᠢᠭᠵᠢᠭᠤᠯᠬᠤ ᠶᠢ ᠴᠢᠩᠭᠠᠳᠬᠠᠵᠤ᠂ ᠢᠯᠡᠴᠢᠯᠡᠨ ᠮᠡᠳᠡᠭᠦᠯᠬᠦ ᠳᠤᠭᠲᠠᠮᠵᠢ ᠶᠢ ᠲᠡᠭᠦᠯᠳᠡᠷᠵᠢᠭᠦᠯᠥᠨ᠂ ᠺᠠᠳ᠋ᠷᠴᠤᠳ ᠲᠤ ᠭᠡᠰᠡᠭ ᠬᠤᠪᠢᠶᠠᠨ ᠲᠠᠭᠠᠭᠠᠴᠢᠯᠠᠨ ᠠᠪᠬᠤ ᠠᠷᠭ᠎ᠠ ᠪᠠᠷᠢᠯ ᠢ ᠬᠡᠷᠡᠭᠵᠢᠭᠦᠯᠪᠡ᠃ ᠭᠤᠷᠪᠠ ᠳᠤ᠂ ᠲᠥᠷᠥ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠪᠠᠶᠢᠴᠠᠭᠠᠨ ᠰᠢᠯᠭᠠᠬᠤ ᠳᠤ ᠬᠢᠷᠢ ᠲᠡᠩᠴᠡᠭᠰᠡᠨ ᠦᠬᠡᠢ ᠠᠶᠢᠯ ᠡᠷᠥᠬᠡ ᠳᠤ ᠡᠯ᠎ᠡ ᠵᠦᠢᠯ ᠤᠨ ᠱᠠᠩᠨᠠᠨ ᠨᠥᠬᠦᠪᠤᠷᠢᠯᠡᠬᠦ ᠲᠥᠷᠦ ᠶᠢᠨ ᠪᠤᠳᠤᠯᠭ᠎ᠠ ᠪᠠ ᠲᠥᠷᠥᠯ ᠵᠥᠢᠯ ᠢ ᠤᠯᠭᠤᠬᠤ ᠶᠢ ᠵᠤᠭᠰᠦᠭᠠᠬᠤ ᠪᠤᠶᠤ ᠪᠠᠭᠠᠰᠬᠠᠬᠤ ᠠᠷᠭ᠎ᠠ ᠶᠢ ᠶᠠᠪᠤᠭᠲᠠᠭᠤᠯᠵᠠᠢ᠃   ︽4 ᠵᠥᠢᠯ ᠤᠨ ᠳᠤᠪᠲᠤᠯᠬᠤ ᠠᠷᠭ᠎ᠠ︾ ᠶᠢ ᠬᠡᠷᠡᠭᠵᠢᠭᠦᠯᠪᠡ᠃ ᠨᠢᠭᠡ ᠳᠤ᠂ ᠨᠠᠷᠢᠨ ᠬᠢᠨᠠᠮᠠᠭᠠᠢ ᠪᠠᠶᠢᠴᠠᠭᠠᠨ ᠰᠤᠳᠤᠯᠥᠯᠲᠠ ᠶᠢ ᠦᠷᠨᠢᠭᠦᠯᠦᠨ᠂ ᠨᠢᠭᠡᠳᠥᠭᠡᠷ ᠤᠲᠠᠰᠤᠨ ᠳᠤ ᠰᠠᠨᠠᠯ ᠬᠤᠷᠢᠶᠠᠵᠤ᠂ ᠨᠢᠭᠡᠳᠥᠭᠡᠷ ᠤᠲᠠᠰᠤᠨ ᠳᠤ ᠤᠬᠠᠭᠤᠯᠭ᠎ᠠ ᠬᠢᠵᠤ᠂ ᠨᠢᠭᠡᠳᠥᠭᠡᠷ ᠤᠲᠠᠰᠤᠨ ᠳᠤ ᠠᠰᠠᠭᠤᠳᠠᠯ ᠢ ᠰᠢᠢᠳᠪᠤᠷᠢᠯᠡᠪᠡ᠃ ᠰᠠᠭᠤᠳᠠᠯ ᠤᠨ ᠬᠤᠷᠠᠯ᠂ ᠭᠡᠷᠡᠴᠢ ᠰᠤᠨᠤᠰᠬᠤ ᠬᠤᠷᠠᠯ ᠢ ᠬᠤᠷᠠᠯᠳᠤᠭᠤᠯᠵᠤ᠂ ᠳᠤᠰᠬᠠᠢ ᠪᠠᠶᠢᠷᠢᠯᠠᠭᠤᠯᠤᠯᠲᠠ ᠶᠢᠨ ᠬᠤᠷᠠᠯ ᠤᠨ ᠵᠤᠷᠢᠭ ᠰᠠᠨᠠᠭ᠎ᠠ ᠲᠠᠢ ᠤᠶᠠᠯᠳᠤᠭᠤᠯᠤᠨ᠂ ︽ᠭᠤᠷᠪᠠᠨ ᠤᠲᠠᠰᠤ ᠭᠤᠷᠪᠠᠨ ᠬᠤᠷᠠᠯ︾ ᠤᠨ ᠦᠢᠯᠡᠳᠥᠯ ᠢ ᠪᠠᠳᠠᠷᠠᠭᠤᠯᠪᠠ᠃ ᠬᠤᠶᠠᠷ ᠲᠤ᠂ ᠵᠤᠬᠢᠶᠠᠨ ᠪᠠᠶᠢᠭᠤᠯᠵᠤ ᠤᠳᠤᠷᠢᠳᠬᠤ ᠠᠵᠢᠯ ᠢ ᠴᠢᠩᠭᠠᠳᠬᠠᠵᠤ᠂ ᠰᠠᠷ᠎ᠠ ᠪᠦᠷᠢ ᠶᠢᠨ 7 ᠤ ᠡᠲᠦᠷ ᠤᠨ ᠳᠤᠭᠲᠠᠮᠠᠯ ᠡᠳᠥᠷ ᠤᠨ ᠠᠵᠢᠯᠯᠠᠭ᠎ᠠ ᠪᠠ ᠪᠠᠶᠢᠩᠭᠤ ᠠᠵᠢᠯᠯᠠᠭ᠎ᠠ ᠶᠢᠨ ᠳᠤᠭᠲᠠᠴᠠ ᠶᠢ ᠲᠡᠭᠦᠯᠳᠡᠷᠵᠢᠭᠦᠯᠵᠦ᠂ ᠭᠡᠰᠡᠭ ᠬᠤᠪᠢᠶᠠᠨ ᠳᠠᠭᠠᠭᠠᠨ ᠠᠪᠬᠤ ᠠᠷᠭ᠎ᠠ ᠪᠠᠷᠢᠯ ᠢ ᠲᠤᠭᠤᠶᠢᠯᠠᠩ ᠬᠤᠪᠢᠶᠠᠨ ᠨᠠᠶᠢᠲᠠᠪᠤᠷᠢᠵᠢᠭᠤᠯᠵᠦ᠂ ᠡᠭᠦᠷᠭᠡ ᠠᠬᠢᠴᠠ ᠶᠢᠨ ᠬᠡᠮᠵᠢᠶᠡᠵᠢᠯᠲᠡ ᠶᠢ ᠪᠤᠲᠠᠲᠠᠶᠢᠵᠢᠭᠤᠯᠪᠠ᠃ ᠭᠤᠷᠪᠠ ᠳᠤ᠂ ᠰᠤᠷᠲᠠᠯᠴᠢᠯᠠᠵᠤ ᠤᠬᠠᠭᠤᠯᠬᠤ ᠠᠵᠢᠯ ᠢ ᠡᠷᠴᠢᠮᠵᠢᠭᠦᠯᠤᠨ᠂ ᠤᠬᠠᠭᠤᠯᠬᠤ ᠳᠠᠪᠴᠠᠩ᠂ ᠵᠠᠷ ᠮᠡᠳᠡᠭᠡ ᠪᠠ ᠤᠷᠢᠶ᠎ᠠ ᠯᠤᠽᠦ᠋ᠩ ᠤᠨ ᠬᠡᠯᠪᠡᠷᠢ ᠪᠠᠷ ᠮᠠᠯᠴᠢᠨ ᠲᠥᠮᠡᠨ ᠳᠤ ᠦᠷᠭᠡᠨ ᠳᠡᠯᠭᠡᠷᠡᠩᠭᠦᠢ ᠤᠬᠠᠭᠤᠯᠭ᠎ᠠ ᠬᠢᠵᠥ᠂ ᠬᠥᠳᠡᠭᠡ ᠲᠣᠰᠬᠤᠠ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠥᠩᠭᠡᠶᠢᠯᠡᠡ ᠴᠡᠭᠴᠡᠯᠡᠡ ᠵᠠᠰᠠᠪᠠᠯ ︽ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠬᠢᠬᠦ ᠳᠤ ᠬᠥᠮᠥᠨ ᠪᠥᠭᠦᠨ ᠡᠭᠦᠷᠭᠡ ᠬᠠᠷᠢᠭᠤᠴᠠᠯᠭ᠎ᠠ ᠲᠠᠢ᠂ ᠣᠷᠴᠢᠨ ᠲᠣᠭᠤᠷᠢᠨ ᠢ ᠭᠤᠶᠣᠵᠢᠭᠤᠯᠪᠠᠯ ᠬᠥᠮᠥᠠ ᠪᠥᠬᠦᠨ ᠠᠰᠢᠭ ᠬᠥᠷᠲᠡᠨ᠎ᠠ︾ ᠭᠡᠳᠡᠭ ᠢ ᠬᠥᠮᠥᠨ ᠠᠷᠠᠳ ᠲᠤ ᠨᠡᠶᠢᠲᠡᠮ ᠮᠠᠳᠡᠭᠦᠯᠵᠠᠢ᠃ ᠲᠦᠷᠪᠡ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠤᠷᠲᠤᠨ ᠤ ᠵᠤᠷᠢᠭ ᠰᠠᠨᠠᠭ᠎ᠠ ᠶᠢ ᠲᠤᠭᠤᠰᠢᠯᠠᠭᠤᠯᠵᠦ᠂ ᠭᠠᠴᠠᠭᠠᠨ ᠤ ᠪᠠᠨ ᠤᠷᠤᠨ ᠪᠠᠶᠢᠷᠢ ᠶᠢᠨ ᠤᠷᠴᠢᠨ ᠲᠤᠭᠤᠷᠢᠨ ᠤ ᠨᠦᠬᠦᠴᠡᠯ ᠢ ᠦᠨᠳᠦᠰᠦᠯᠡᠨ ᠴᠡᠭ ᠱᠤᠭᠤᠮ ᠳᠤ ᠭᠤᠤᠯᠲᠠᠯᠭ᠎ᠠ ᠲᠠᠢ ᠪᠠᠷ ᠵᠠᠰᠠᠨ ᠴᠡᠭᠴᠡᠯᠡᠯᠲᠡ ᠬᠢᠵᠡᠢ᠃   ︽5 ᠬᠤᠷᠰᠢᠶ᠎ᠠ 6 ᠱᠤᠭᠤᠮ ᠤᠨ ᠲᠦᠷᠰᠤ ᠪᠠᠶᠢᠳᠠᠯ︾ ᠢ ᠬᠤᠪᠢᠷᠠᠭᠤᠯᠬᠤ ᠶᠢ ᠶᠡᠷᠦᠩᠬᠡᠢ ᠵᠤᠷᠢᠯᠲᠠ ᠪᠠᠨ ᠪᠤᠯᠭᠠᠪᠠ᠃ ᠭᠠᠴᠠᠭ᠎ᠠ ᠪᠠᠷ ᠭᠤᠤᠯᠳᠠᠯᠭ᠎ᠠ ᠪᠤᠯᠭᠠᠭᠰᠠᠨ ᠬᠤᠲᠠ ᠪᠠᠯᠭᠠᠰᠤᠨ ᠤ ᠤᠷᠴᠢᠨ ᠲᠤᠭᠤᠷᠢᠨ ᠤ ᠵᠠᠰᠠᠠ ᠴᠡᠭᠴᠡᠯᠡᠯᠲᠡ ᠪᠠᠷ ᠰᠢᠪᠲᠤᠯᠤᠯᠲᠠ ᠪᠤᠯᠭᠠᠵᠤ᠂ ︽ᠴᠡᠪᠡᠷ ᠵᠡᠭᠡᠯᠢ ᠭᠤᠲᠤᠮᠵᠢ᠂ ᠴᠡᠪᠡᠷ ᠭᠠᠴᠠᠭ᠎ᠠ ᠲᠤᠰᠬᠤᠨ᠂ ᠴᠡᠪᠡᠷ ᠨᠡᠶᠢᠬᠡᠮ ᠲᠤᠭᠤᠷᠢᠭ᠂ ᠴᠡᠪᠡᠷ ᠭᠡᠷ ᠪᠦᠯᠢ︾ ᠪᠠᠷ ᠭᠤᠤᠯ ᠠᠭᠤᠯᠭ᠎ᠠ ᠪᠠᠨ ᠪᠤᠯᠭᠠᠭᠰᠠᠨ ︽5 ᠬᠤᠷᠰᠢᠶ᠎ᠠ 6 ᠱᠤᠭᠤᠮ ︾ ︵5 ᠲᠠᠷᠢᠶᠠᠯᠠᠩ ᠮᠠᠯᠵᠢᠯ ᠤᠨ ᠬᠤᠷᠰᠢᠶ᠎ᠠ᠂ 6 ᠵᠤᠷᠪᠤᠰ ᠴᠠᠷᠳᠠᠮᠠᠯ ᠵᠠᠮ ᠤᠨ ᠱᠤᠭᠤᠮ︶ ᠤᠨ ᠤᠷᠴᠢᠨ ᠲᠤᠭᠤᠷᠢᠨ ᠢ ᠵᠠᠰᠠᠨ ᠴᠡᠭᠴᠡᠯᠡᠵᠤ᠂ ᠪᠤᠵᠠᠷ ᠪᠤᠷᠲᠠᠭ᠂ ᠡᠮᠬᠢ ᠵᠠᠮᠪᠠᠷᠠᠭ᠎ᠠ ᠦᠭᠡᠢ᠂ ᠵᠦᠷᠢᠶ᠎ᠡ ᠶᠡᠬᠡᠲᠠᠢ ᠪᠠᠶᠢᠳᠠᠯ ᠢ ᠦᠨᠳᠤᠰᠤᠨ ᠠᠴᠠ ᠨᠢ ᠬᠤᠪᠢᠷᠠᠭᠤᠯᠵᠠᠢ᠃   ᠤᠳᠤᠬᠠᠨ ᠳᠤ ᠲᠤᠭᠤᠯᠳᠠᠢ ᠭᠠᠴᠠᠭ᠎ᠠ ᠨᠢ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠲᠤᠤᠷ᠎ᠠ ᠨᠢᠭᠡ ᠲᠠᠯ᠎ᠠ ᠪᠠᠷ ᠬᠢᠵᠢᠭ ᠤᠨ ᠰᠡᠷᠭᠡᠶᠢᠯᠡᠯᠲᠡ ᠶᠢ ᠰᠤᠯᠠᠷᠠᠭᠤᠯᠬᠤ ᠦᠭᠡᠢ ᠪᠠᠷ ᠦᠷᠭᠦᠯᠵᠢᠯᠡᠨ ᠴᠢᠩᠭ᠎ᠠ ᠠᠳᠬᠤᠵᠤ᠂ ᠨᠦᠭᠦᠭᠡ ᠲᠠᠯ᠎ᠠ ᠪᠠᠷ ᠠᠵᠤ ᠠᠬᠤᠢ ᠨᠡᠶᠢᠬᠡᠮ ᠤᠨ ᠡᠮᠬᠢ ᠲᠢᠭᠯᠢᠮ ᠤᠨ ᠰᠡᠷᠭᠦᠯᠲᠡ ᠶᠢ ᠠᠯᠬᠤᠮ ᠳᠠᠷᠠᠭ᠎ᠠ ᠲᠠᠢ ᠪᠠᠷ ᠦᠢᠯᠡᠳᠦᠯᠭᠡᠵᠢᠭᠦᠯᠵᠦ᠂ ᠲᠦᠯ ᠲᠤᠰᠬᠤ᠂ ᠮᠠᠯ ᠮᠠᠯᠵᠢᠬᠤ ᠪᠡ ᠲᠠᠷᠢᠯᠭ᠎ᠠ ᠶᠢᠨ ᠠᠵᠢᠯ ᠢ ᠪᠦᠬᠦ ᠲᠠᠯ᠎ᠠ ᠪᠠᠷ ᠤᠯᠠᠮ ᠨᠢᠭᠡ ᠠᠯᠬᠤᠮ ᠭᠦᠨᠵᠡᠭᠡᠶᠢᠷᠡᠭᠦᠯᠤᠨ᠂ ᠶᠠᠳᠠᠭᠤ ᠶᠢ ᠲᠡᠳᠬᠦᠬᠦ᠂ ᠬᠦᠳᠡᠭᠡ ᠲᠤᠰᠬᠤᠨ ᠢ ᠬᠦᠭᠵᠢᠭᠦᠯᠬᠦ᠂ ᠤᠷᠴᠢᠨ ᠲᠤᠭᠤᠷᠢᠨ ᠤ ᠵᠠᠰᠠᠠ ᠴᠡᠭᠴᠡᠯᠡᠯᠲᠡ ᠶᠢ ᠠᠳᠬᠤᠬᠤ ᠵᠡᠷᠭᠡ ᠠᠯᠢ ᠤᠯᠠᠨ ᠠᠵᠢᠯ ᠡᠭᠦᠷᠭᠡ ᠶᠢ ᠨᠢᠭᠡᠳᠤᠯᠲᠠᠢ ᠲᠤᠬᠢᠷᠠᠭᠤᠯᠤᠨ᠂ ᠡᠯ᠎ᠡ ᠲᠠᠯ᠎ᠠ ᠶᠢᠨ ᠠᠵᠢᠯ ᠢ ᠠᠬᠢᠭᠤᠯᠵᠤ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号