ᠰᠢ ᠶᠢᠨ ᠫᠢᠩ ᠺᠤᠰᠲ᠋ᠠ ᠷᠢᠺᠠ ᠶᠢᠨ ᠶᠡᠷᠤᠩᠭᠡᠶᠢᠯᠡᠭᠴᠢ ᠠᠯᠸᠠᠷᠠᠳᠣ᠋ ᠲᠠᠢ ᠤᠳᠠᠰᠤ ᠪᠠᠷ ᠶᠠᠷᠢᠯᠴᠠᠵᠠᠢ
ᠨᠡᠶᠢᠲᠡᠯᠡᠭᠰᠡᠨ ᠴᠠᠭ᠄
2020-06-09
   ᠤᠯᠤᠰ ᠤᠨ ᠲᠡᠷᠢᠬᠦᠯᠡᠭᠴᠢ ᠰᠢ ᠶᠢᠨ ᠫᠢᠩ 6 ᠰᠠᠷ᠎ᠡ ᠶᠢᠨ 5 ᠤ ᠤᠷᠤᠢ ᠺᠤᠰᠲ᠋ᠠ ᠷᠢᠺᠠ ᠶᠢᠨ ᠶᠡᠷᠤᠩᠭᠡᠶᠢᠯᠡᠭᠴᠢ ᠠᠯᠸᠠᠷᠠᠳᠣ᠋ ᠲᠠᠢ ᠤᠳᠠᠰᠤ ᠪᠠᠷ ᠶᠠᠷᠢᠯᠴᠠᠪᠠ᠃    ᠰᠢ ᠶᠢᠨ ᠫᠢᠩ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠺᠤᠰᠲ᠋ᠠ ᠷᠢᠺᠠ ᠶᠢᠨ ᠬᠢᠨ ᠲᠤᠮᠳᠠᠳᠤ ᠤᠯᠤᠰ ᠲᠤ ᠡᠮᠴᠢᠯᠡᠭᠡᠨ ᠤ ᠡᠳ᠋ ᠪᠤᠳᠠᠰ ᠤᠨ ᠲᠤᠰᠠᠯᠠᠮᠵᠢ ᠦᠵᠡᠬᠦᠯᠵᠠᠢ᠂ ᠡᠨᠡ ᠬᠦ ᠨᠦᠬᠦᠷᠯᠡᠯ ᠢ ᠪᠢᠳᠠ ᠡᠬᠦᠷᠢᠳᠠ ᠰᠡᠳᠬᠢᠯ ᠳᠡᠭᠡᠨ ᠴᠡᠭᠡᠵᠢᠯᠡᠨ᠎ᠡ᠃ ᠲᠤᠮᠳᠠᠳᠤ ᠤᠯᠤᠰ ᠺᠤᠰᠲ᠋ᠠ ᠷᠢᠺᠠ ᠶᠢᠨ ᠬᠢᠨ ᠢ ᠯᠠᠲ᠋ᠢᠨ ᠠᠮᠧᠷᠢᠺᠠ ᠶᠢᠨ ᠭᠠᠵᠠᠷ ᠤᠷᠤᠨ ᠳᠠᠬᠢ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠦᠷᠨᠢᠬᠦᠯᠬᠦ ᠴᠢᠬᠤᠯᠠ ᠬᠠᠨᠢᠳᠠᠨ ᠢᠶᠠᠷ ᠦᠵᠡᠵᠤ᠂ ᠺᠤᠰᠲ᠋ᠠ ᠷᠢᠺᠠ ᠶᠢᠨ ᠬᠢᠨ ᠳᠤ ᠬᠢᠵᠢᠭ ᠢ ᠰᠡᠷᠭᠡᠶᠢᠯᠡᠬᠦ ᠡᠳ᠋ ᠪᠤᠳᠠᠰ ᠬᠠᠨᠳᠢᠪᠯᠡᠬᠰᠡᠨ ᠪᠦᠭᠡᠳ ᠬᠢᠵᠢᠭ ᠲᠠᠢ ᠲᠡᠮᠡᠴᠡᠭᠰᠡᠨ ᠲᠤᠷᠰᠢᠯᠭ᠎ᠠ ᠶᠢᠨ ᠸᠢᠳᠢᠣ᠋ ᠰᠤᠯᠢᠯᠴᠠᠭᠠᠨ ᠤ ᠬᠤᠷᠠᠯ ᠬᠤᠷᠠᠯᠳᠤᠭᠤᠯᠪᠠ᠃ ᠤᠳᠤᠬᠠᠨ ᠳᠤ ᠯᠠᠲ᠋ᠢᠠ ᠠᠮᠧᠷᠢᠺᠠ ᠶᠢᠨ ᠭᠠᠵᠠᠷ ᠤᠷᠤᠨ ᠤ ᠬᠢᠵᠢᠭ ᠤᠨ ᠪᠠᠶᠢᠳᠠᠯ ᠬᠦᠨᠳᠤ ᠨᠤᠴᠢᠳᠠᠢ ᠪᠠᠶᠢᠨ᠎ᠡ᠂ ᠲᠤᠮᠳᠠᠳᠤ ᠤᠯᠤᠰ ᠲᠤᠷᠠᠳᠠᠶ᠎ᠡ ᠺᠤᠰᠲ᠋ᠠ ᠷᠢᠺᠠ ᠶᠢᠨ ᠬᠢᠨ ᠳᠤ ᠦᠷᠬᠦᠯᠵᠢᠯᠡᠨ ᠡᠷᠡᠰ ᠪᠠᠳᠤ ᠲᠠᠮᠵᠢᠯᠭᠡ ᠦᠵᠡᠬᠦᠯᠵᠤ᠂ ᠺᠤᠰᠲ᠋ᠠ ᠷᠢᠺᠠ ᠶᠢᠨ ᠬᠢᠨ ᠤ ᠭᠡᠷᠡᠭᠴᠡᠭᠡ ᠶᠢ ᠦᠨᠳᠤᠰᠤᠯᠠᠨ ᠴᠢᠳᠠᠯ ᠤᠨ ᠬᠢᠷᠢ ᠪᠠᠷ ᠬᠠᠪᠰᠤᠷᠤᠯᠭ᠎ᠠ ᠦᠵᠡᠬᠦᠯᠤᠨ᠎ᠡ᠃ ᠲᠤᠮᠳᠠᠳᠤ ᠤᠯᠤᠰ ᠤᠯᠠᠨ ᠤᠯᠤᠰ ᠤᠨ ᠲᠦᠪ ᠭᠤᠤᠯᠴᠢ ᠰᠢᠳᠤᠷᠭᠤ ᠶᠤᠰᠤ ᠪᠠ ᠲᠤᠮᠳᠠ ᠪᠠᠭ᠎ᠠ ᠬᠦᠭᠵᠢᠵᠤ ᠪᠠᠶᠢᠭ᠎ᠠ ᠤᠯᠤᠰ ᠤᠳ ᠤᠨ ᠬᠠᠤᠯᠢ ᠶᠤᠰᠤᠨ ᠤ ᠡᠷᠭᠡ ᠠᠰᠢᠭ ᠢ ᠦᠷᠬᠦᠯᠵᠢᠯᠡᠨ ᠡᠷᠡᠰ ᠪᠠᠳᠤ ᠬᠠᠮᠠᠭᠠᠯᠠᠵᠤ᠂ ᠲᠤᠷᠠᠳᠠᠶ᠎ᠡ ᠺᠤᠰᠲ᠋ᠠ ᠷᠢᠺᠠ ᠶᠢᠨ ᠬᠢᠨ ᠲᠠᠢ ᠬᠠᠮᠳᠤ ᠪᠠᠷ ᠤᠯᠨᠨ ᠤᠯᠤᠰ ᠤᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠪᠠᠨ ᠴᠢᠩᠭᠠᠳᠬᠠᠵᠤ᠂ ᠬᠦᠭᠵᠢᠵᠤ ᠪᠠᠶᠢᠭ᠎ᠠ ᠤᠯᠤᠰ ᠤᠳ ᠤᠨ ᠬᠢᠵᠢᠭ ᠲᠠᠢ ᠲᠡᠮᠡᠴᠡᠭᠰᠡᠨ ᠴᠢᠷᠮᠠᠶᠢᠯᠭ᠎ᠠ ᠶᠢ ᠬᠠᠮᠠᠭᠠᠯᠠᠵᠤ᠂ ᠪᠦᠬᠦ ᠪᠦᠮᠪᠦᠷᠴᠡᠭ ᠤᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠨ᠎ᠡ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠺᠤᠰᠲ᠋ᠠ ᠷᠢᠺᠠ ᠪᠤᠯ ᠲᠤᠮᠳᠠᠳᠤ ᠤᠯᠤᠰ ᠤᠨ ᠨᠠᠶᠢᠳᠠᠪᠤᠷᠢᠳᠠᠢ ᠪᠠᠶᠢᠯᠳᠤᠬᠤ ᠪᠤᠳᠤᠯᠭ᠎ᠠ ᠶᠢᠨ ᠬᠠᠨᠢᠳᠠᠨ ᠮᠦᠨ᠃ ᠬᠤᠶᠠᠷ ᠤᠯᠤᠰ ᠬᠠᠷᠢᠯᠴᠠᠭ᠎ᠠ ᠪᠠᠶᠢᠭᠤᠯᠤᠬᠰᠡᠨ ᠠᠴᠠ ᠨᠠᠭᠠᠰᠢ ᠬᠤᠶᠠᠷ ᠲᠠᠯ᠎ᠡ ᠶᠢᠨ ᠬᠠᠷᠢᠯᠴᠠᠭᠠᠨ ᠤ ᠬᠦᠭᠵᠢᠯᠳᠠ ᠤᠷᠤᠬᠰᠢᠳᠠᠢ ᠪᠠᠶᠢᠵᠤ᠂ ᠡᠯ᠎ᠡ ᠬᠦᠷᠢᠶᠠᠨ ᠳᠠᠬᠢ ᠬᠠᠮᠳᠤᠷᠠᠯᠴᠠᠭ᠎ᠠ ᠪᠠᠶᠠᠯᠢᠭ ᠦᠷ᠎ᠡ ᠪᠦᠳᠦᠭᠡᠯ ᠤᠯᠪᠠ᠃ ᠬᠢᠵᠢᠭ ᠤᠨ ᠪᠠᠶᠢᠳᠠᠯ ᠲᠤᠮᠳᠠᠳᠤ ᠺᠤᠰᠲ᠋ᠠ ᠷᠢᠺᠠ ᠶᠢᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ ᠪᠠ ᠬᠦᠮᠦᠰ ᠤᠨ ᠶᠠᠪᠤᠯᠴᠠᠭ᠎ᠠ ᠳᠤ ᠵᠤᠬᠢᠬᠤ ᠬᠡᠮᠵᠢᠶᠠᠨ ᠤ ᠨᠠᠵᠠᠭᠠᠢ ᠨᠦᠯᠦᠭᠡ ᠦᠵᠡᠬᠦᠯᠦᠭᠰᠡᠨ ᠪᠤᠯᠪᠠᠴᠤ ᠲᠤᠮᠳᠠᠳᠤ ᠤᠯᠤᠰ ᠤᠨ ᠲᠤᠮᠳᠠᠳᠤ ᠺᠤᠰᠲ᠋ᠠ ᠷᠢᠺᠠ ᠶᠢᠨ ᠤᠷᠳᠤ ᠬᠤᠭᠤᠴᠠᠭᠠᠨ ᠤ ᠨᠦᠬᠦᠷᠰᠡᠭ ᠬᠠᠮᠳᠤᠷᠠᠯᠴᠠᠭ᠎ᠠ ᠶᠢ ᠠᠬᠢᠭᠤᠯᠬᠤ ᠴᠢᠭᠯᠡᠯᠳᠠ ᠬᠤᠪᠢᠷᠠᠬᠤ ᠦᠭᠡᠢ᠂ ᠺᠤᠰᠲ᠋ᠠ ᠷᠢᠺᠠ ᠶᠢᠨ ᠬᠢᠨ ᠤ ᠠᠵᠤ ᠠᠬᠤᠢ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠲᠠᠮᠵᠢᠬᠦ ᠵᠤᠬᠰᠤᠴᠠ ᠬᠤᠪᠢᠷᠠᠬᠤ ᠦᠭᠡᠢ ᠶᠤᠮ᠃ ᠬᠤᠶᠠᠷ ᠲᠠᠯ᠎ᠡ ᠪᠠᠷ ᠢᠶᠠᠨ ᠲᠤᠰ ᠲᠤᠰ ᠤᠨ ᠭᠤᠤᠯᠯᠠᠬᠤ ᠠᠰᠢᠭ ᠲᠤᠰᠠ ᠪᠠ ᠠᠩᠬᠠᠷᠤᠨ ᠬᠠᠯᠠᠮᠵᠢᠯᠠᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠦᠷᠬᠦᠯᠵᠢᠯᠡᠨ ᠲᠠᠮᠵᠢᠵᠤ᠂ ᠬᠢᠵᠢᠭ ᠤᠨ ᠪᠠᠶᠢᠳᠠᠯ ᠦᠡᠭᠭᠡᠷᠡᠭᠰᠡᠨ ᠤ ᠲᠠᠷᠠᠭᠠᠬᠢ ᠬᠤᠶᠠᠷ ᠲᠠᠯ᠎ᠡ ᠶᠢᠨ ᠬᠠᠮᠳᠤᠷᠠᠯᠴᠠᠭ᠎ᠠ ᠪᠠᠨ ᠬᠠᠮᠳᠤ ᠪᠠᠷ ᠲᠦᠯᠦᠪᠵᠢᠬᠦᠯᠵᠤ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠪᠤᠷᠤ ᠲᠦᠯᠦᠪ ᠤᠨ ᠲᠤᠤᠷ᠎ᠡ ᠬᠤᠶᠠᠷ ᠤᠯᠤᠰ ᠤᠨ ᠡᠯ᠎ᠡ ᠬᠦᠷᠢᠶᠠᠨ ᠳᠠᠬᠢ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠶᠢ ᠬᠦᠨᠵᠡᠭᠡᠶᠢᠷᠠᠬᠦᠯᠤᠨ ᠪᠤᠳᠠᠳᠠᠶᠢᠵᠢᠭᠤᠯᠬᠤ ᠴᠢᠬᠤᠯᠠᠲᠠᠢ᠃ ᠲᠤᠮᠳᠠᠳᠤ ᠺᠤᠰᠲ᠋ᠠ ᠷᠢᠺᠠ ᠶᠢᠨ ᠬᠠᠷᠢᠯᠴᠠᠭ᠎ᠠ ᠬᠠᠮᠳᠤ ᠪᠠᠷ ᠬᠢᠵᠢᠭ ᠲᠠᠢ ᠲᠡᠮᠡᠴᠡᠬᠦ ᠶᠢ ᠦᠡᠭᠭᠡᠷᠡᠭᠡᠭᠰᠡᠨ ᠤ ᠲᠠᠷᠠᠭ᠎ᠠ ᠯᠠᠪᠳᠠᠢ ᠨᠡᠩ ᠶᠡᠭᠡ ᠰᠢᠨ᠎ᠡ ᠬᠦᠭᠵᠢᠯᠳᠠ ᠲᠠᠢ ᠪᠤᠯᠤᠨ᠎ᠡ ᠭᠡᠳᠡᠭ ᠢ ᠢᠳᠡᠭᠡᠵᠤ ᠪᠠᠶᠢᠨ᠎ᠡ ᠭᠡᠵᠤ ᠴᠢᠬᠤᠯᠠᠴᠢᠯᠠᠪᠠ᠃    ᠠᠯᠸᠠᠷᠠᠳᠣ᠋᠂ ᠺᠤᠰᠲ᠋ᠠ ᠷᠢᠺᠠ ᠲᠤᠮᠳᠠᠳᠤ ᠶᠢᠨ ᠬᠠᠷᠢᠯᠴᠠᠭ᠎ᠠ ᠪᠠᠶᠢᠭᠤᠯᠤᠬᠰᠡᠨ 13 ᠵᠢᠯ ᠤᠨ ᠲᠤᠷᠰᠢ ᠬᠤᠶᠠᠷ ᠲᠠᠯ᠎ᠡ ᠶᠢᠨ ᠨᠦᠬᠦᠷᠯᠡᠯ ᠡᠳᠦᠷ ᠢᠷᠠᠬᠦᠶ᠎ᠡ ᠵᠤᠵᠠᠭᠠᠷᠠᠵᠤ᠂ ᠬᠠᠷᠢᠯᠴᠠᠨ ᠠᠰᠢᠭ ᠬᠦᠷᠳᠡᠭᠡᠬᠦ ᠬᠠᠮᠳᠤᠷᠠᠯᠴᠠᠭ᠎ᠠ ᠲᠠᠰᠤᠷᠠᠯᠳᠠ ᠦᠭᠡᠢ ᠦᠷᠭᠡᠵᠢᠪᠠ᠃ ᠺᠤᠰᠲ᠋ᠠ ᠷᠢᠺᠠ ᠶᠢᠨ ᠬᠢᠨ ᠨᠢᠭᠡ ᠲᠤᠮᠳᠠᠳᠤ ᠤᠯᠤᠰ ᠪᠠᠶᠢᠬᠤ ᠵᠠᠷᠴᠢᠮ ᠢ ᠡᠷᠡᠰ ᠰᠠᠬᠢᠵᠤ᠂ ᠲᠤᠷᠠᠳᠠᠶ᠎ᠡ ᠲᠤᠮᠳᠠᠳᠤ ᠤᠯᠤᠰ ᠯᠤᠭ᠎ᠠ ᠤᠯᠠᠨ ᠨᠠᠶᠢᠳᠠ ᠶᠢᠨ ᠡᠷᠡᠬᠦᠯ ᠬᠠᠮᠠᠭᠠᠯᠠᠯ᠂ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ᠂ ᠰᠤᠶᠤᠯ ᠵᠡᠷᠭᠡ ᠬᠦᠷᠢᠶᠠᠨ ᠳᠠᠬᠢ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠲᠤᠮᠳᠠᠳᠤ ᠶᠢᠨ ᠬᠢᠨ ᠤ ᠲᠤᠮᠳᠠᠳᠤ ᠠᠮᠧᠷᠢᠺᠠ ᠲᠢᠪ ᠲᠠᠢ ᠬᠠᠷᠢᠯᠴᠠᠬᠤ ᠬᠦᠬᠦᠷᠭᠡ ᠪᠠ ᠬᠠᠭᠠᠯᠭ᠎ᠠ ᠪᠤᠯᠵᠤ᠂ ᠺᠤᠰᠲ᠋ᠠ ᠷᠢᠺᠠ ᠲᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠱᠠᠳᠤᠨ ᠳᠤ ᠤᠷᠤᠬᠤ ᠶᠢ ᠠᠬᠢᠭᠤᠯᠤᠨ᠎ᠡ᠃ ᠲᠤᠮᠳᠠᠳᠤ ᠤᠯᠤᠰ ᠪᠤᠯ ᠨᠢᠭᠡᠨ ᠠᠭᠤᠤ ᠶᠡᠭᠡ ᠤᠯᠤᠰ ᠮᠦᠨ᠂ ᠺᠤᠰᠲ᠋ᠠ ᠷᠢᠺᠠ ᠶᠢᠨ ᠬᠢᠨ ᠲᠡᠷᠢᠬᠦᠯᠡᠭᠴᠢ ᠰᠢ ᠶᠢᠨ ᠫᠢᠩ ᠤᠨ ᠲᠦᠷᠦ ᠶᠢ ᠵᠠᠰᠠᠵᠤ ᠵᠠᠰᠠᠭ ᠢ ᠡᠷᠬᠢᠯᠡᠭᠰᠡᠨ ᠲᠤᠷᠰᠢᠯᠭ᠎ᠠ ᠶᠢ ᠪᠢᠰᠢᠷᠠᠵᠤ ᠪᠠᠶᠢᠨ᠎ᠡ᠂ ᠲᠡᠷᠢᠬᠦᠯᠡᠭᠴᠢ ᠰᠢ ᠶᠢᠨ ᠫᠢᠩ ᠤᠨ ᠲᠤᠮᠳᠠᠳᠤ ᠤᠯᠤᠰ ᠤᠨ ᠰᠤᠳᠤᠯᠤᠨ ᠦᠢᠯᠡᠳᠦᠭᠰᠡᠨ ᠸᠠᠺᠼᠢᠨ ᠢᠶᠠᠨ ᠤᠯᠠᠨ ᠤᠯᠤᠰ ᠤᠨ ᠤᠯᠠᠨ ᠨᠠᠶᠢᠳᠠ ᠶᠢᠨ ᠦᠢᠯᠡᠳᠬᠦᠨ ᠪᠤᠯᠭᠠᠨ᠎ᠡ ᠭᠡᠵᠤ ᠵᠠᠷᠯᠡᠨ ᠨᠡᠶᠢᠳᠡᠯᠡᠭᠰᠡᠨ ᠢ ᠪᠢᠰᠢᠷᠠᠵᠤ ᠪᠠᠶᠢᠨ᠎ᠡ᠂ ᠲᠤᠮᠳᠠᠳᠤ ᠤᠯᠤᠰ ᠤᠨ ᠺᠤᠰᠲ᠋ᠠ ᠷᠢᠺᠠ ᠶᠢᠨ ᠬᠢᠨ ᠤ ᠬᠢᠵᠢᠭ ᠲᠠᠢ ᠲᠡᠮᠡᠴᠡᠬᠦ ᠳᠤ ᠦᠭᠬᠦᠭᠰᠡᠨ ᠡᠷᠡᠰ ᠪᠠᠳᠤ ᠲᠠᠮᠵᠢᠯᠭᠡ ᠳᠤ ᠲᠠᠯᠠᠷᠬᠠᠵᠤ ᠪᠠᠶᠢᠨ᠎ᠡ᠃ ᠺᠤᠰᠲ᠋ᠠ ᠷᠢᠺᠠ ᠶᠢᠨ ᠬᠢᠨ ᠲᠤᠷᠠᠳᠠᠶ᠎ᠡ ᠲᠤᠮᠳᠠᠳᠤ ᠤᠯᠤᠰ ᠯᠤᠭ᠎ᠠ ᠬᠠᠮᠳᠤ ᠪᠠᠷ ᠤᠯᠠᠨ ᠲᠠᠯᠠᠳᠤ ᠦᠵᠡᠯ ᠢ ᠲᠠᠮᠵᠢᠵᠤ᠂ ᠠᠭᠤᠷ ᠠᠮᠢᠰᠬᠤᠯ ᠤᠨ ᠬᠤᠪᠢᠷᠠᠯᠳᠠ ᠵᠡᠷᠭᠡ ᠪᠦᠬᠦ ᠪᠦᠮᠪᠦᠷᠴᠡᠭ ᠤᠨ ᠴᠢᠨᠠᠷᠳᠠᠢ ᠦᠷᠢᠰᠦᠯᠳᠦᠭᠡᠨ ᠢ ᠬᠠᠮᠳᠤ ᠪᠠᠷ ᠠᠷᠭᠠᠴᠠᠭᠠᠵᠤ᠂ ᠲᠠᠯᠠᠭᠡᠢ ᠶᠢᠨ ᠡᠩᠭᠡ ᠲᠠᠶᠢᠪᠤᠩ ᠪᠠ ᠬᠦᠭᠵᠢᠯᠳᠠ ᠶᠢ ᠠᠬᠢᠭᠤᠯᠤᠨ᠎ᠡ ᠭᠡᠵᠤ ᠢᠯᠡᠳᠭᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号