ᠰᠢ ᠶᠢᠨ ᠫᠢᠩ ᠹᠷᠠᠨᠼᠢ ᠶᠢᠨ ᠶᠡᠷᠤᠩᠬᠡᠶᠢᠯᠡᠭᠴᠢ ᠮᠠᠶᠢᠺᠷᠤᠨ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-06-09
   ᠤᠯᠤᠰ ᠤᠨ ᠲᠡᠷᠢᠬᠦᠯᠡᠭᠴᠢ ᠰᠢ ᠶᠢᠨ ᠫᠢᠩ 6 ᠰᠠᠷ᠎ᠠ ᠶᠢᠨ 5 ᠤ ᠤᠷᠤᠢ ᠹᠷᠠᠨᠼᠢ ᠶᠢᠨ ᠶᠡᠷᠤᠩᠬᠡᠶᠢᠯᠡᠭᠴᠢ ᠮᠠᠶᠢᠺᠷᠤᠨ ᠲᠠᠢ ᠤᠳᠠᠰᠤ ᠪᠠᠷ ᠶᠠᠷᠢᠯᠴᠠᠪᠠ᠃    ᠰᠢ ᠶᠢᠨ ᠫᠢᠩ᠂ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠡᠬᠦᠰᠦᠭᠰᠡᠡ ᠠᠴᠠ ᠨᠠᠭᠠᠰᠢ᠂ ᠲᠤᠮᠳᠠᠳᠤ ᠹᠷᠠᠨᠼᠢ ᠦᠨᠳᠤᠷ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ ᠵᠤᠬᠢᠴᠠᠭᠤᠯᠭ᠎ᠠ ᠪᠠᠨ ᠪᠠᠳᠤᠯᠠᠪᠠ᠃ ᠤᠳᠤᠬᠠᠨ ᠳᠤ᠂ ᠪᠦᠬᠦ ᠪᠦᠮᠪᠦᠷᠴᠡᠭ ᠤᠨ ᠬᠢᠵᠢᠭ ᠤᠨ ᠪᠠᠶᠢᠳᠠᠯ ᠦᠷᠪᠢᠰᠦᠨ ᠲᠡᠯᠬᠡᠷᠡᠬᠦ ᠬᠠᠨᠳᠤᠰᠢ ᠶᠢ ᠪᠦᠳᠦᠮᠵᠢᠳᠡᠢ ᠬᠤᠷᠢᠬᠯᠠᠵᠥ ᠲᠡᠶᠢᠯᠥᠬᠡᠳᠤᠢ ᠪᠠᠶᠢᠭᠰᠠᠭᠠᠷ᠂ ᠬᠢᠵᠢᠭ ᠤᠨ ᠪᠠᠶᠢᠳᠠᠯ ᠤᠨ ᠡᠮᠤᠨ᠎ᠡ᠂ ᠪᠦᠯᠬᠦᠮᠳᠡᠨ ᠬᠠᠮᠳᠤᠷᠠᠯᠴᠠᠬᠤ ᠪᠤᠯ ᠰᠠᠶ᠋ᠢ ᠵᠦᠪ ᠵᠠᠮ ᠶᠤᠮ᠃ ᠲᠤᠮᠳᠠᠳᠤ ᠹᠷᠠᠨᠼᠢ ᠲᠡᠯᠡᠬᠡᠢ ᠨᠡᠶᠢᠬᠡᠮ ᠤᠨ ᠬᠢᠨ ᠤ ᠪᠦᠯᠬᠦᠮᠳᠡᠨ ᠬᠢᠵᠢᠭ ᠲᠠᠢ ᠲᠡᠮᠡᠴᠡᠬᠦ ᠶᠢ ᠦᠷᠬᠦᠯᠵᠢᠯᠡᠨ ᠬᠠᠮᠳᠤ ᠪᠠᠷ ᠲᠡᠮᠵᠢᠵᠥ᠂ ᠪᠦᠬᠦ ᠪᠦᠮᠪᠦᠷᠴᠡᠭ ᠤᠨ ᠬᠢᠨ ᠤ ᠡᠴᠤᠰ ᠲᠤ ᠬᠢᠵᠢᠭ ᠢ ᠢᠯᠡᠨ ᠲᠠᠪᠠᠭ᠋ᠤ ᠳᠤ ︽ᠲᠤᠮᠳᠠᠳᠤ ᠹᠷᠠᠨᠼᠢ ᠶᠢᠨ ᠬᠤᠪᠢ ᠨᠡᠮᠡᠷᠢ︾ ᠶᠢ ᠡᠷᠬᠦᠶ᠎ᠡ᠃ ᠬᠤᠶᠠᠷ ᠤᠯᠤᠰ ᠤᠨ ᠪᠠᠶᠢᠭᠤᠯᠤᠮᠵᠢ ᠶᠢᠨ ᠬᠠᠮᠳᠤᠷᠠᠨ ᠰᠤᠳᠤᠯᠭᠠᠨ ᠦᠷᠨᠢᠬᠦᠯᠬᠦ ᠶᠢ ᠠᠬᠢᠭᠤᠯᠵᠥ᠂ ᠸᠠᠺᠼᠢᠨ ᠪᠤᠯᠤᠨ ᠡᠮ ᠤᠨ ᠵᠦᠢᠯ ᠰᠤᠳᠤᠯᠤᠨ ᠨᠡᠬᠡᠬᠡᠬᠦ ᠤᠯᠠᠨ ᠤᠯᠤᠰ ᠤᠨ ᠬᠠᠮᠳᠤᠷᠠᠯᠴᠠᠭ᠎ᠠ ᠶᠢ ᠲᠡᠮᠵᠢᠵᠥ᠂ ᠲᠠᠯᠠᠨ ᠭᠤᠷᠪᠠᠳᠤᠭᠠᠷ ᠬᠤᠭᠤᠴᠠᠭᠠᠨ ᠤ ᠲᠡᠯᠡᠬᠡᠢ ᠶᠢᠨ ᠡᠷᠡᠬᠦᠯ ᠬᠠᠮᠠᠭᠠᠯᠠᠯ ᠤᠨ ᠶᠡᠭᠡ ᠬᠤᠷᠡᠯ ᠤᠨ ᠬᠠᠮᠳᠤ ᠶᠢᠨ ᠲᠠᠨᠢᠯᠳᠡ ᠶᠢ ᠲᠦᠷᠬᠡᠨ ᠨᠠᠶᠢᠳᠠᠪᠤᠷᠢᠵᠢᠭᠤᠯᠵᠥ᠂ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢ ᠲᠡᠮᠵᠢᠬᠦ ᠡᠷᠴᠢᠮ ᠢᠶᠠᠨ ᠴᠢᠩᠭᠠᠷᠠᠭᠤᠯᠵᠥ᠂ ᠲᠤᠮᠳᠠᠳᠤ ᠹᠷᠠᠨᠼᠢ ᠠᠹᠷᠢᠺᠠ ᠭᠤᠷᠪᠠᠨ ᠲᠡᠯ᠎ᠡ ᠶᠢᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠶᠢ ᠢᠯᠡᠬᠦᠬᠡᠨ ᠦᠷᠨᠢᠬᠦᠯᠵᠥ᠂ ᠠᠹᠷᠢᠺᠠ ᠲᠢᠪ ᠵᠡᠷᠬᠡ ᠬᠦᠭᠵᠢᠬᠡᠳᠤᠢ ᠭᠠᠵᠠᠷ ᠤᠷᠤᠨ ᠤ ᠤᠯᠤᠰ ᠤᠳ ᠤᠨ ᠬᠢᠵᠢᠭ ᠲᠠᠢ ᠲᠡᠮᠡᠴᠡᠬᠦ ᠶᠢ ᠲᠡᠮᠵᠢᠶ᠎ᠡ᠃ ᠤᠯᠠᠨ ᠲᠡᠯᠡᠳᠤ ᠦᠵᠡᠯ ᠢ ᠪᠠᠷᠢᠮᠳᠠᠯᠠᠵᠥ᠂ ᠲᠡᠯᠡᠬᠡᠢ ᠶᠢᠨ ᠡᠩᠬᠡ ᠲᠠᠶᠢᠪᠤᠩ ᠲᠤᠭᠳᠠᠭᠤᠨ ᠢ ᠠᠬᠢᠭᠤᠯᠤᠶ᠎ᠠ ᠬᠡᠵᠥ ᠴᠢᠬᠤᠯᠠᠴᠢᠯᠠᠪᠠ᠃    ᠰᠢ ᠶᠢᠨ ᠫᠢᠩ᠂ ᠪᠢ ᠲᠤᠷᠠᠳᠠᠶ᠎ᠠ ᠲᠠᠨ ᠲᠠᠢ ᠨᠢᠬᠳᠠ ᠤᠯᠤᠯᠴᠠᠭ᠎ᠠ ᠪᠠᠨ ᠪᠠᠳᠤᠯᠠᠵᠥ᠂ ᠴᠢᠭᠯᠡᠯ ᠢᠶᠠᠨ ᠰᠠᠶᠢᠳᠤᠷ ᠡᠵᠡᠮᠰᠢᠵᠥ᠂ ᠬᠤᠶᠠᠷ ᠤᠯᠤᠰ ᠤᠨ ᠬᠠᠷᠢᠯᠴᠠᠭ᠎ᠠ ᠡᠷᠡᠬᠦᠯ ᠲᠤᠭᠳᠠᠭᠤᠨ ᠢᠶᠠᠷ ᠬᠦᠭᠵᠢᠬᠦ ᠶᠢ ᠠᠬᠢᠭᠤᠯᠤᠨ᠎ᠠ᠃ ᠬᠤᠶᠠᠷ ᠲᠡᠯ᠎ᠡ ᠪᠠᠷ ᠢᠶᠠᠨ ᠬᠢᠵᠢᠭ ᠤᠨ ᠲᠠᠷᠠᠭᠠᠬᠢ ᠪᠠᠶᠢᠳᠠᠯ ᠳᠤ ᠠᠩᠬᠠᠷᠤᠯ ᠢᠶᠠᠨ ᠲᠦᠪᠯᠡᠷᠡᠬᠦᠯᠵᠥ᠂ ᠲᠠᠷᠠᠭᠠᠴᠢ ᠶᠢᠨ ᠱᠠᠳᠤᠨ ᠤ ᠡᠯ᠎ᠡ ᠲᠠᠪᠬᠤᠷᠭ᠎ᠠ ᠲᠡᠰ ᠤᠨ ᠶᠠᠪᠤᠯᠴᠠᠭ᠎ᠠ ᠪᠠᠨ ᠰᠠᠶᠢᠳᠤᠷ ᠲᠦᠯᠥᠪᠵᠢᠬᠦᠯᠵᠥ᠂ ᠶᠠᠷᠢᠯᠴᠠᠭ᠎ᠠ ᠰᠤᠯᠢᠯᠴᠠᠭ᠎ᠠ ᠪᠠᠨ ᠲᠤᠬᠢᠳᠠᠢ ᠡᠮᠬᠢ ᠵᠢᠷᠤᠮ ᠲᠠᠢ ᠠᠮᠢᠳᠤᠯᠢᠭ ᠢᠶᠠᠷ ᠦᠷᠨᠢᠬᠦᠯᠤᠶ᠎ᠠ᠃ ᠬᠢᠵᠢᠭ ᠤᠨ ᠲᠠᠷᠠᠭ᠎ᠠ ᠠᠵᠥ ᠠᠬᠤᠢ ᠪᠠᠨ ᠰᠡᠷᠬᠦᠬᠡᠬᠦ ᠬᠤᠷᠸ᠎ᠠ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠪᠠ ᠵᠤᠯᠭᠠᠯᠴᠠᠭ᠎ᠠ ᠪᠠᠨ ᠴᠢᠩᠭᠠᠳᠬᠠᠵᠥ᠂ ᠤᠯᠠᠮᠵᠢᠯᠠᠯᠳᠤ ᠬᠦᠷᠢᠶᠡᠨ ᠤ ᠬᠠᠮᠳᠤᠷᠠᠯᠴᠠᠭᠠᠨ ᠤ ᠲᠡᠯᠳᠡ ᠬᠦᠴᠦᠨ ᠢᠶᠠᠨ ᠬᠦᠨᠵᠡᠬᠡᠢ ᠠᠭᠤᠳᠠᠯᠬᠤ ᠪᠠᠷ ᠪᠠᠷᠠᠬᠤ ᠦᠭᠡᠢ᠂ ᠰᠢᠨ᠎ᠡ ᠪᠠᠷ ᠮᠠᠨᠳᠤᠬᠰᠠᠠ ᠬᠦᠷᠢᠶᠡᠨ ᠤ ᠬᠠᠮᠳᠤᠷᠠᠯᠴᠠᠭ᠎ᠠ ᠪᠠᠨ ᠦᠷᠬᠡᠳᠬᠡᠶ᠎ᠡ᠃ ᠲᠤᠮᠳᠠᠳᠤ ᠤᠯᠤᠰ ᠵᠠᠬ᠎ᠠ ᠲᠡᠯᠬᠡᠬᠦᠷ ᠢᠶᠠᠨ ᠹᠷᠠᠨᠼᠢ ᠳᠤ ᠨᠡᠬᠡᠬᠡᠨ᠎ᠡ᠂ ᠹᠷᠠᠨᠼᠢ ᠶᠢᠨ ᠬᠤᠳᠠᠯᠳᠤᠭᠠᠴᠢᠳ ᠤᠨ ᠲᠤᠮᠳᠠᠳᠤ ᠤᠯᠤᠰ ᠲᠤ ᠢᠷᠡᠬᠦ ︽ᠲᠦᠷᠬᠡᠨ ᠲᠦᠳᠡ ᠨᠡᠪᠳᠡᠷᠡᠬᠦ ᠵᠠᠮ︾ ᠢ ᠰᠠᠶᠢᠳᠤᠷ ᠠᠰᠢᠬᠯᠠᠵᠥ᠂ ᠲᠤᠮᠳᠠᠳᠤ ᠤᠯᠤᠰ ᠲᠤ ᠪᠠᠶᠢᠭ᠎ᠠ ᠹᠷᠠᠨᠼᠢ ᠶᠢᠨ ᠠᠵᠥ ᠠᠬᠤᠢᠢᠯᠠᠯ ᠤᠨ ᠠᠵᠢᠯ ᠦᠢᠯᠡᠳᠪᠤᠷᠢᠯᠡᠯ ᠢᠶᠠᠨ ᠰᠡᠷᠬᠦᠬᠡᠬᠦ ᠳᠤ ᠲᠤᠰᠠᠯᠠᠬᠤ ᠶᠢᠨ ᠬᠠᠮᠳᠤ ᠲᠤᠮᠳᠠᠳᠤ ᠤᠯᠤᠰ ᠤᠨ ᠠᠵᠥ ᠠᠬᠤᠢᠢᠯᠠᠯ ᠳᠤ ᠡᠷᠬᠡ ᠲᠡᠭᠰᠢ᠂ ᠦᠯᠥ ᠭᠠᠳᠠᠭᠤᠷᠴᠢᠯᠠᠬᠰᠠᠠ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠪᠦᠷᠢᠯᠳᠦᠬᠦᠯᠵᠥ ᠦᠭᠬᠦ ᠶᠢ ᠬᠦᠰᠡᠵᠥ ᠪᠠᠶᠢᠨ᠎ᠠ ᠬᠡᠵᠥ ᠴᠢᠬᠤᠯᠠᠴᠢᠯᠠᠪᠠ᠃    ᠰᠢ ᠶᠢᠨ ᠫᠢᠩ᠂ ᠲᠤᠮᠳᠠᠳᠤ ᠡᠸᠦ᠋ᠷᠦᠫᠠ ᠪᠤᠯ ᠦᠷᠬᠡᠨ ᠲᠡᠯᠬᠡᠷ ᠬᠠᠮᠳᠤ ᠶᠢᠨ ᠠᠰᠢᠬ ᠲᠤᠰᠠ ᠲᠠᠢ ᠪᠦᠬᠦ ᠲᠡᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠪᠤᠯᠤᠨ᠎ᠠ᠃ ᠲᠤᠮᠳᠠᠳᠤ ᠤᠯᠤᠰ ᠡᠸᠦ᠋ᠷᠦᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠨᠢᠬᠡ ᠴᠤᠭᠴᠠᠵᠢᠯᠳᠠ ᠠᠬᠢᠴᠠ ᠲᠠᠢ ᠪᠤᠯᠤᠬᠰᠠᠠ ᠳᠤ ᠪᠠᠶᠠᠷᠯᠡᠵᠥ᠂ ᠲᠤᠷᠠᠳᠠᠶ᠎ᠠ ᠡᠸᠦ᠋ᠷᠦᠫᠠ ᠲᠢᠪ ᠤᠨ ᠬᠢᠨ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠥ᠂ ᠲᠤᠮᠳᠠᠳᠤ ᠡᠸᠦ᠋ᠷᠦᠫᠠ ᠶᠢᠨ ᠬᠤᠭᠤᠷᠤᠨᠳᠤᠬᠢ ᠴᠢᠬᠤᠯᠠ ᠶᠡᠭᠡ ᠤᠯᠤᠰ ᠲᠦᠷᠦ ᠶᠢᠨ ᠵᠦᠪᠯᠡᠬᠦ ᠵᠦᠢᠯ ᠢ ᠠᠬᠢᠭᠤᠯᠵᠥ᠂ ᠤᠯᠠᠨ ᠲᠠᠯᠠᠳᠤ ᠦᠵᠡᠯ ᠢ ᠲᠡᠮᠵᠢᠵᠥ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ᠂ ᠠᠭᠤᠷ ᠠᠮᠢᠰᠬᠤᠯ ᠤᠨ ᠬᠤᠪᠢᠷᠠᠯᠳᠠ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠬᠠᠮᠠᠭᠠᠯᠠᠬᠤ ᠵᠡᠷᠬᠡ ᠪᠦᠬᠦ ᠪᠦᠮᠪᠦᠷᠴᠡᠭ ᠤᠨ ᠦᠷᠢᠰᠦᠯᠳᠦᠬᠡᠨ ᠢ ᠬᠠᠮᠳᠤ ᠪᠠᠷ ᠠᠷᠭᠠᠴᠠᠭᠠᠵᠥ᠂ ᠲᠤᠮᠳᠠᠳᠤ ᠡᠸᠦ᠋ᠷᠦᠫᠠ ᠶᠢᠨ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ ᠬᠡᠵᠥ ᠵᠢᠭᠠᠵᠥ ᠭᠠᠷᠭᠠᠪᠠ᠃    ᠮᠠᠶᠢᠺᠷᠤᠨ᠂ ᠹᠷᠠᠨᠼᠢ ᠲᠤᠮᠳᠠᠳᠤ ᠬᠤᠶᠠᠷ ᠤᠯᠤᠰ ᠬᠢᠵᠢᠭ ᠲᠠᠢ ᠲᠡᠮᠡᠴᠡᠬᠦ ᠲᠠᠯ᠎ᠠ ᠪᠠᠷ ᠰᠠᠶᠢᠨ ᠰᠠᠶᠢᠬᠠᠨ ᠬᠠᠮᠳᠤᠷᠠᠯᠴᠠᠭ᠎ᠠ ᠦᠷᠨᠢᠬᠦᠯᠵᠥ᠂ ᠪᠦᠯᠬᠦᠮᠳᠡᠯ ᠲᠠᠢ ᠪᠠᠶᠢᠬᠤ ᠪᠠᠨ ᠦᠵᠡᠬᠦᠯᠪᠡ᠃ ᠹᠷᠠᠨᠼᠢ ᠶᠢᠨ ᠬᠢᠨ ᠦᠷᠬᠦᠯᠵᠢᠯᠡᠨ ᠡᠨᠡ ᠬᠦ ᠵᠤᠷᠢᠭ ᠰᠠᠨᠠᠭ᠎ᠠ ᠪᠠᠷ ᠲᠤᠮᠳᠠᠳᠤ ᠤᠯᠤᠰ ᠯᠤᠭ᠎ᠠ ᠬᠠᠮᠳᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠥ ᠪᠠᠶᠢᠨ᠎ᠠ᠃ ᠹᠷᠠᠨᠼᠢ ᠶᠢᠨ ᠲᠠᠯ᠎ᠠ ᠶᠢᠨ ᠬᠢᠨ ᠲᠡᠷᠢᠬᠦᠯᠡᠭᠴᠢ ᠰᠢ ᠶᠢᠨ ᠫᠢᠩ ᠤᠨ ᠲᠤᠮᠳᠠᠳᠤ ᠤᠯᠤᠰ ᠤᠨ ᠰᠤᠳᠤᠯᠤᠨ ᠦᠢᠯᠡᠳᠦᠭᠰᠡᠡ ᠸᠠᠺᠼᠢᠨ ᠢᠶᠠᠨ ᠤᠯᠠᠨ ᠤᠯᠤᠰ ᠤᠨ ᠤᠯᠠᠨ ᠨᠡᠶᠢᠳᠡ ᠶᠢᠨ ᠦᠢᠯᠡᠳᠬᠦᠨ ᠪᠤᠯᠭᠠᠨ᠎ᠠ ᠬᠡᠵᠥ ᠵᠡᠷᠯᠡᠨ ᠨᠡᠶᠢᠳᠡᠯᠡᠭᠰᠡᠡ ᠢ ᠮᠠᠬᠳᠠᠨ ᠰᠠᠶᠢᠰᠢᠶᠠᠵᠥ᠂ ᠲᠤᠷᠠᠳᠠᠶ᠎ᠠ ᠲᠤᠮᠳᠠᠳᠤ ᠤᠯᠤᠰ ᠲᠠᠢ ᠬᠠᠮᠳᠤ ᠪᠠᠷ᠂ ᠲᠡᠯᠡᠬᠡᠢ ᠶᠢᠨ ᠡᠷᠡᠬᠦᠯ ᠬᠠᠮᠠᠭᠠᠯᠠᠯ ᠤᠨ ᠶᠡᠭᠡ ᠬᠤᠷᠡᠯ ᠤᠨ ᠬᠠᠮᠳᠤ ᠶᠢᠨ ᠲᠠᠨᠢᠯᠳᠡ ᠶᠢ ᠰᠠᠶᠢᠳᠤᠷ ᠨᠠᠶᠢᠳᠠᠪᠤᠷᠢᠵᠢᠭᠤᠯᠵᠥ᠂ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠴᠢᠬᠤᠯᠠ ᠦᠢᠯᠡᠳᠦᠯ ᠦᠵᠡᠬᠦᠯᠬᠦ ᠶᠢ ᠲᠡᠮᠵᠢᠵᠥ᠂ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠥ᠂ ᠠᠹᠷᠢᠺᠠ ᠲᠢᠪ ᠤᠨ ᠤᠯᠤᠰ ᠤᠳ ᠤᠨ ᠬᠢᠵᠢᠭ ᠲᠠᠢ ᠲᠡᠮᠡᠴᠡᠬᠦ ᠶᠢ ᠬᠦᠴᠦᠳᠠᠢ ᠲᠡᠮᠵᠢᠨ᠎ᠡ᠃ ᠪᠢ ᠡᠷᠳᠡᠬᠡᠨ ᠲᠤᠮᠳᠠᠳᠤ ᠤᠯᠤᠰ ᠲᠤ ᠲᠠᠬᠢᠨ ᠠᠶᠢᠯᠴᠢᠯᠠᠬᠤ ᠶᠢ ᠬᠦᠰᠡᠨ ᠬᠦᠯᠢᠶᠡᠵᠥ ᠪᠠᠶᠢᠬᠤ ᠪᠦᠬᠡᠳ ᠬᠤᠶᠠᠷ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠶᠠᠷᠢᠯᠴᠠᠭ᠎ᠠ ᠰᠤᠯᠢᠯᠴᠠᠭ᠎ᠠ ᠪᠠᠨ ᠪᠠᠳᠤᠯᠠᠵᠥ᠂ ᠤᠢᠢᠯᠠᠭᠠᠯᠴᠠᠭ᠎ᠠ ᠪᠠᠨ ᠵᠤᠵᠠᠭᠠᠳᠬᠠᠵᠥ᠂ ᠭᠤᠤᠯᠳᠠᠯᠭ᠎ᠠ ᠲᠠᠢ ᠬᠠᠮᠳᠤᠷᠠᠯᠴᠠᠭᠠᠨ ᠤ ᠲᠦᠷᠦᠯ ᠵᠦᠢᠯ ᠢ ᠠᠬᠢᠭᠤᠯᠬᠤ ᠶᠢ ᠬᠦᠰᠡᠵᠥ ᠪᠠᠶᠢᠨ᠎ᠠ᠂ ᠪᠠᠷᠢᠨ ᠬᠦᠢᠴᠡᠳᠬᠡᠬᠦ ᠪᠠᠴᠢᠮ ᠡᠬᠦᠷᠬᠡ ᠪᠤᠯ ᠠᠵᠢᠯ ᠦᠢᠯᠡᠳᠪᠤᠷᠢᠯᠡᠯ ᠢᠶᠠᠨ ᠲᠦᠷᠬᠡᠨ ᠰᠡᠷᠬᠦᠬᠡᠬᠦ ᠶᠠᠪᠤᠳᠠᠯ ᠪᠤᠯᠤᠨ᠎ᠠ᠃ ᠹᠷᠠᠨᠼᠢ ᠶᠢᠨ ᠬᠢᠨ ᠲᠤᠷᠠᠳᠠᠶ᠎ᠠ ᠲᠤᠮᠳᠠᠳᠤ ᠤᠯᠤᠰ ᠲᠠᠢ ᠬᠠᠮᠳᠤ ᠪᠠᠷ᠂ ᠤᠯᠠᠨ ᠲᠡᠯᠡᠳᠤ ᠦᠵᠡᠯ ᠢ ᠬᠠᠮᠠᠭᠠᠯᠠᠵᠥ᠂ ᠠᠭᠤᠷ ᠠᠮᠢᠰᠬᠤᠯ ᠤᠨ ᠬᠤᠪᠢᠷᠡᠯᠳᠡ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠵᠡᠷᠬᠡ ᠬᠦᠷᠢᠶᠡᠨ ᠤ ᠬᠠᠮᠳᠤᠷᠠᠯᠴᠠᠭ᠎ᠠ ᠪᠠᠨ ᠴᠢᠩᠭᠠᠳᠬᠠᠵᠥ᠂ ᠲᠡᠯᠡᠬᠡᠢ ᠶᠢᠨ ᠡᠩᠬᠡ ᠲᠠᠶᠢᠪᠤᠩ ᠲᠤᠭᠳᠠᠭᠤᠨ ᠳᠤ ᠨᠡᠩ ᠤᠯᠠᠨ ᠢᠳᠡᠪᠬᠢ ᠡᠯᠧᠮᠧᠨ᠋ᠲ ᠢ ᠨᠡᠮᠡᠷᠢᠯᠡᠨ᠎ᠡ᠃ ᠹᠷᠠᠨᠼᠢ ᠶᠢᠨ ᠲᠠᠯ᠎ᠠ ᠶᠢᠨ ᠬᠢᠨ ᠲᠠᠷᠠᠭᠠᠴᠢ ᠶᠢᠨ ᠱᠠᠳᠤᠨ ᠤ ᠡᠸᠦ᠋ᠷᠦᠫᠠ ᠲᠤᠮᠳᠠᠳᠤ ᠶᠢᠨ ᠠᠯᠢ ᠤᠯᠠᠨ ᠴᠢᠬᠤᠯᠠ ᠶᠡᠭᠡ ᠶᠠᠪᠤᠯᠴᠠᠭ᠎ᠠ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ᠂ ᠲᠤᠷᠠᠳᠠᠶ᠎ᠠ ᠡᠭᠦᠨ ᠤ ᠲᠦᠯᠦᠭᠡ ᠢᠳᠡᠪᠬᠢ ᠦᠢᠯᠡᠳᠦᠯ ᠦᠵᠡᠬᠦᠯᠥᠨ᠎ᠡ ᠬᠡᠵᠥ ᠢᠯᠡᠳᠬᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号