6 ᠰᠠᠷ᠎ᠠ ᠶᠢᠨ 5 ᠤ ᠡᠳᠦᠷ᠂ ᠪᠦᠬᠦ ᠬᠤᠲᠠ ᠶᠢᠨ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠪᠠ ᠤᠯᠤᠰ ᠤᠨ ᠦᠷ᠎ᠡ ᠪᠦᠲᠦᠮᠵᠢ ᠶᠢ | ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ | ᠠᠬᠢᠭᠤᠯᠬᠤ ᠸᠢᠳᠢᠣ᠋ ᠬᠤᠷᠠᠯ ᠬᠢᠶ᠎ᠡ ᠪᠠᠭᠰᠢ ᠲᠤᠭᠤᠷᠢᠭ ᠲᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ | ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠯᠢᠨ ᠶᠥᠨ ᠭᠠᠩ᠂ ᠬᠤᠰᠢᠭᠤ ᠤᠳᠤᠷᠢᠳᠤᠯᠭ᠎ᠠ ᠯᠢ ᠰᠢᠤ | ᠹᠧᠩ᠂ ᠪᠠᠶᠠᠠᠴᠠᠩᠭᠡᠯ ᠪᠤᠯᠤᠨ ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠮᠠᠨ ᠤ | ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ᠃ | ᠬᠤᠷᠠᠯ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠨᠢᠭᠡᠨᠲᠡ ᠬᠠᠮᠤᠭ ᠤᠨ ᠢᠳᠡ | ᠠᠪᠬᠤ ᠴᠠᠭ ᠮᠥᠴᠡ ᠳᠤ ᠤᠷᠤᠵᠤ᠂ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ | ᠳᠡᠭᠡᠭᠰᠢᠯᠡᠭᠦᠯᠤᠨ᠂ ᠪᠠᠶᠢᠳᠠᠯ ᠢ ᠲᠣᠳᠣᠷᠬᠠᠢ ᠲᠠᠨᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ | ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ | ᠭᠤᠣᠯᠳᠠᠯᠭ᠎ᠠ ᠪᠠᠨ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠳᠤᠬᠳᠠᠬᠰᠠᠨ | ᠬᠤᠭᠤᠴᠠᠭᠠᠨ ᠳᠤ ᠡᠷᠡᠰ ᠲᠡᠮᠡᠴᠡᠨ ᠣᠯᠬᠤ ᠬᠡᠷᠡᠭᠲᠠᠢ᠃ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠢᠯᠠᠩᠭᠤᠶ᠎ᠠ ᠬᠤᠰᠢᠭᠤ ᠲᠣᠭᠤᠷᠢᠭ ᠤᠨ ᠨᠠᠮ | ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠲᠤᠯᠤᠭᠠᠢᠢᠯᠠᠨ ᠵᠢᠯᠣᠭᠤᠳᠴᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠤᠯᠤᠰ ᠲᠥᠷᠦ ᠶᠢᠨ ᠬᠠᠷᠢᠭᠤᠴᠠᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ | ᠬᠦ ᠡᠭᠦᠷᠭᠡᠯᠡᠬᠦ ᠬᠡᠷᠡᠭᠲᠡᠢ᠃ ᠬᠤᠰᠢᠭᠤ ᠲᠣᠭᠤᠷᠢᠭ ᠤᠨ ᠨᠠᠮ ᠵᠠᠰᠠᠭ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ | ᠨᠥᠬᠦᠳ ᠪᠦᠬᠦ ᠬᠦᠴᠦ ᠪᠠᠷ ᠢᠶᠠᠨ ᠣᠷᠣᠯᠴᠠᠵᠤ᠂ ᠴᠡᠭᠴᠡᠯᠡᠨ ᠰᠠᠶᠢᠵᠢᠷᠠᠭᠤᠯᠬᠤ ᠶᠢ ᠪᠡᠶ᠎ᠡ ᠪᠠᠷ ᠢᠶᠠᠨ ᠠᠩᠬᠠᠷᠴᠤ᠂ | ᠠᠵᠢᠯ ᠤᠨ ᠳᠤᠮᠳᠠ ᠲᠤᠯᠭᠠᠷᠠᠭᠰᠠᠨ ᠪᠣᠳᠠᠲᠠᠶ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠶ᠃ | ᠬᠤᠲᠠ ᠶᠢᠨ ᠰᠢᠭᠤᠳ ᠬᠠᠷᠢᠶ᠎ᠠ ᠡᠯ᠎ᠡ ᠲᠤᠯᠤᠭᠠᠢᠢᠯᠠᠨ ᠬᠠᠷᠢᠭᠤᠴᠠᠬᠤ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠦᠭᠦᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ ᠬᠠᠮᠲᠤ ᠶᠢᠨ ᠬᠠᠷᠢᠭᠤᠴᠠᠯᠭ᠎ᠠ ᠶᠢ ᠡᠭᠦᠷᠭᠡᠯᠡᠨ ᠠᠰᠠᠭᠤᠳᠠᠯ ᠢ ᠰᠢᠢᠳᠪᠦᠷᠢᠯᠡᠬᠦ᠂ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠯᠤᠳᠦ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠭᠦ ᠬᠡᠷᠡᠭᠲᠠᠢ ᠭᠡᠵᠤ | ᠴᠢᠬᠤᠯᠠᠴᠢᠯᠠᠪᠠ᠃ | ᠬᠤᠷᠠᠯ ᠠᠴᠠ ᠡᠯ᠎ᠡ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ | ᠣᠷᠣᠨ ᠤ ᠨᠢᠭᠤᠴᠠ ᠪᠠᠷ ᠰᠤᠷᠪᠤᠯᠵᠢᠯᠠᠵᠤ ᠰᠤᠭᠤᠴᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ | ᠬᠠᠷᠢᠴᠠᠭᠤᠯᠵᠤ᠂ ᠠᠰᠠᠭᠤᠳᠠᠯ ᠤᠨ ᠳᠠᠩᠰᠠ ᠶᠢ ᠳᠠᠷᠦ᠋ᠢᠬᠠᠨ ᠡᠮᠬᠢᠯᠡᠨ ᠪᠠᠶᠢᠭᠤᠯᠵᠤ᠂ ᠲᠤᠰᠬᠠᠶ ᠲᠣᠭᠤᠷᠢᠨ | ᠪᠠᠶᠢᠴᠠᠭᠠᠯᠲᠠ ᠶᠢᠨ ᠡᠷᠭᠢᠨ ᠬᠠᠷᠠᠬᠤ ᠪᠠ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠥᠩᠭᠡᠷᠡᠭᠰᠡᠨ | ᠵᠢᠯ ᠤᠳ ᠤᠨ ᠤᠳᠠᠭ᠎ᠠ ᠪᠤᠯᠭᠠᠨ ᠤ ᠪᠠ ᠡᠯ᠎ᠡ ᠱᠠᠲᠤᠨ ᠤ ᠡᠯ᠎ᠡ ᠲᠥᠷᠥᠯ ᠤᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠬᠠᠮᠲᠦ ᠪᠠᠷ ᠠᠬᠢᠭᠤᠯᠵᠤ᠂ ᠲᠣᠰ ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ | ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠤᠷᠤᠨᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠠᠢ᠃ ᠠᠵᠤ | ᠦᠢᠯᠡᠰ ᠢᠶᠠᠷ ᠶᠠᠳᠠᠭᠤ ᠶᠢ ᠲᠡᠳᠬᠦᠬᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ | ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠶᠠᠳᠠᠭᠤ ᠶᠢ ᠲᠡᠳᠬᠦᠬᠦ ᠦᠷ᠎ᠡ ᠪᠦᠲᠦᠮᠵᠢ ᠶᠢ | ᠦᠷᠭᠦᠯᠵᠢᠯᠡᠨ ᠪᠠᠬᠢᠵᠢᠭᠦᠯᠵᠦ᠂ ᠨᠠᠮ ᠪᠠ ᠠᠷᠠᠳ ᠲᠦᠮᠡᠨ ᠳᠤ ᠬᠢᠷᠢ ᠲᠡᠩᠴᠡᠭᠰᠡᠨ ᠬᠠᠷᠢᠭᠤᠯᠲᠠ ᠶᠢ ᠲᠤᠰᠢᠶᠠᠬᠤ | ᠭᠡᠷᠡᠭᠲᠠᠢ ᠭᠡᠵᠤ ᠱᠠᠭᠠᠷᠳᠠᠪᠠ᠃ | | | |