ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020-06-09
     6 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠣᠭᠤᠯᠵᠦ ᠳᠡᠭᠡᠲᠦ ᠱᠠᠳᠣᠨ ᠤ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠵᠦ ᠵᠠᠰᠠᠭ ᠤᠨ ᠣᠷᠳᠣᠨ ᠤ ᠰᠢᠰᠲ᠋ᠧᠮ ᠤᠨ ᠣᠶᠢᠷ᠎ᠠ ᠶᠢᠨ ᠬᠤᠭᠤᠴᠠᠭᠠᠨ ᠤ ᠠᠵᠢᠯ ᠳᠤ ᠪᠠᠶᠢᠷᠢᠯᠠᠭᠤᠯᠣᠯᠳᠠ ᠬᠢᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠯᠢᠨ ᠶᠥᠩ ᠭᠠᠩ᠂ ᠬᠤᠰᠢᠭᠤ ᠳᠡᠳ᠋ ᠳᠠᠷᠤᠭ᠎ᠠ ᠳᠣᠳᠣᠭᠠᠲᠣ ᠶᠢ ᠬᠠᠮᠠᠭᠠᠯᠠᠬᠤ ᠳᠣᠪᠴᠢᠶᠠᠨ ᠤ ᠳᠠᠷᠤᠭ᠎ᠠ ᠭᠤᠣ ᠬᠣ᠋᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ᠂ ᠯᠢᠦ ᠵᠧᠩ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯ ᠤᠨ ᠦᠪᠦᠷ ᠮᠣᠩᠭᠤᠯ  ᠤᠨ ᠳᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ   ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠪᠠ ᠳᠣᠰᠬᠠᠢ ᠮᠡᠷᠭᠡᠵᠢᠯᠳᠡᠨ ᠡᠷᠳᠡᠮᠳᠡᠳ ᠤᠨ ᠰᠠᠭᠤᠳᠠᠯ ᠤᠨ ᠬᠤᠷᠠᠯ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠦᠪᠡᠷᠳᠡᠭᠡᠨ ᠵᠠᠰᠠᠬᠤ ᠣᠷᠣᠨ ᠤ ᠨᠡᠬᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠳᠣᠭᠳᠠᠭᠠᠯ ᠠᠴᠠ ᠵᠦᠷᠢᠴᠡᠵᠦ ᠬᠠᠣᠯᠢ ᠠᠴᠠ ᠵᠦᠷᠢᠴᠡᠭᠰᠡᠨ ᠠᠰᠠᠭᠤᠳᠠᠯ ᠢ ᠳᠣᠰᠬᠠᠶᠢᠯᠠᠨ ᠴᠡᠭᠴᠡᠯᠡᠬᠦ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠮ ᠤᠨ ᠣᠳᠣᠷᠢᠳᠬᠤ ᠳᠣᠭᠤᠶᠢᠯᠠᠩ ᠤᠨ ᠰᠣᠷᠣᠯᠴᠠᠯᠭ᠎ᠠ ᠪᠠ ᠣᠬᠠᠮᠰᠠᠷ ᠠᠴᠠ ᠪᠠᠨ ᠰᠣᠷᠣᠯᠴᠠᠬᠤ᠂ ᠡᠯ᠎ᠡ ᠳᠦᠷᠦᠯ ᠤᠨ ᠪᠣᠯᠪᠠᠰᠣᠷᠠᠯ ᠳᠤ ᠣᠷᠣᠯᠴᠠᠬᠤ ᠵᠡᠷᠭᠡ ᠠᠷᠭ᠎ᠠ ᠪᠠᠷ ᠶᠡᠷᠦᠩᠬᠡᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠴᠠᠭ ᠳᠣᠬᠠᠢ ᠳᠤᠨᠢ ᠰᠣᠷᠣᠯᠴᠠᠨ ᠣᠶᠢᠯᠠᠭᠠᠵᠦ ᠣᠯᠣᠰ ᠤᠨ ᠳᠣᠳᠣᠭᠠᠲᠣ ᠭᠠᠳᠠᠭᠠᠲᠣ ᠶᠢᠨ ᠬᠦᠭᠵᠢᠯᠳᠡ ᠶᠢᠨ ᠪᠠᠶᠢᠳᠠᠯ ᠢ ᠴᠠᠭ ᠳᠣᠬᠠᠢ ᠳᠤᠨᠢ ᠣᠶᠢᠯᠠᠭᠠᠨ ᠮᠡᠳᠡᠵᠦ ︽ᠠᠮᠢ ᠠᠬᠤᠢ ᠶᠢ ᠳᠡᠷᠢᠬᠦᠨ ᠪᠠᠶᠢᠷᠢᠨ ᠳᠤ ᠳᠠᠯᠪᠢᠵᠦ᠂ ᠪᠣᠬᠢᠷᠳᠣᠯ ᠦᠬᠡᠢ ᠬᠦᠭᠵᠢᠯᠳᠡ ᠪᠠᠷ ᠵᠠᠮᠨᠠᠬᠤ︾ ᠠᠭᠤᠯᠣᠭᠳᠠᠬᠤᠨ ᠢ ᠠᠵᠣ ᠠᠬᠤᠢ ᠨᠡᠶᠢᠬᠡᠮ ᠢ ᠪᠦᠲᠦᠬᠡᠨ ᠪᠠᠶᠢᠭᠤᠯᠬᠤ ᠡᠯ᠎ᠡ ᠳᠠᠯ᠎ᠠ ᠶᠢᠨ ᠠᠵᠢᠯ ᠳᠤ ᠲᠤᠭᠤᠰᠢᠯᠠᠭᠤᠯᠵᠤ ᠨᠠᠶᠢᠳᠠᠪᠣᠷᠢᠵᠢᠭᠤᠯᠣᠨ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢ ᠨᠠᠷᠢᠯᠢᠭᠵᠢᠭᠤᠯᠣᠨ ᠬᠠᠮᠢᠶᠠᠷᠴᠦ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠶᠢᠨ ᠬᠠᠷᠠᠯᠳᠠ ᠶᠢ ᠴᠢᠨᠠᠷ ᠰᠠᠶᠢᠳᠠᠢ ᠪᠡᠶᠡᠯᠡᠬᠦᠯᠵᠦ ᠪᠦᠬᠦ ᠣᠯᠣᠰ ᠤᠨ ᠬᠤᠰᠢᠭᠤ ᠰᠢᠶᠠᠨ ᠤ ᠳᠡᠰ ᠤᠨ ᠪᠣᠯᠪᠠᠰᠣᠨ ᠬᠤᠳᠠ ᠶᠢ ᠪᠦᠬᠦ ᠬᠦᠴᠦᠨ ᠢᠶᠠᠷ ᠢᠶᠠᠨ ᠡᠬᠦᠳᠦᠨ ᠪᠠᠶᠢᠭᠤᠯᠬᠤ ᠪᠠᠷ  ᠴᠢᠷᠮᠠᠶᠢᠵᠦ ᠨᠡᠬᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠳᠣᠭᠳᠠᠭᠠᠯ ᠠᠴᠠ ᠵᠦᠷᠢᠴᠡᠵᠦ ᠬᠠᠣᠯᠢ  ᠠᠴᠠ ᠵᠦᠷᠢᠴᠡᠭᠰᠡᠨ ᠠᠰᠠᠭᠤᠳᠠᠯ ᠤᠨ ᠰᠦᠪᠡᠭᠴᠢ ᠶᠢ ᠨᠠᠷᠢᠯᠢᠭ ᠪᠠᠶᠢᠴᠠᠭᠠᠨ ᠬᠠᠷᠭᠤᠭᠤᠯᠵᠤ ᠵᠦᠷᠢᠴᠡᠯ ᠵᠢᠭᠤᠷᠭᠠᠨ ᠢ ᠨᠠᠮᠳᠠᠭᠠᠨ ᠰᠢᠢᠳᠪᠦᠷᠢᠯᠡᠬᠦ ᠠᠵᠢᠯ ᠢ ᠴᠢᠩᠭ᠎ᠠ ᠠᠳᠬᠤᠵᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠢ ᠬᠦᠨᠵᠡᠬᠡᠶᠢᠷᠡᠬᠦᠯᠬᠦ ᠶᠢ ᠰᠠᠶᠢᠳᠣᠷ ᠠᠳᠬᠤᠵᠦ ᠪᠦᠬᠦ ᠵᠢᠯ ᠤᠨ ᠬᠠᠷᠠᠯᠳᠠ ᠶᠢ ᠰᠠᠶᠢᠳᠣᠷ ᠪᠡᠶᠡᠯᠡᠬᠦᠯᠬᠦ ᠳᠤ ᠡᠷᠡᠰ ᠪᠠᠳᠣ ᠪᠠᠳᠣᠯᠠᠭ᠎ᠠ ᠬᠠᠩᠭᠠᠬᠤ ᠬᠡᠷᠡᠭᠲᠡᠢ ᠬᠡᠪᠡ᠃      ᠬᠤᠷᠠᠯ ᠠᠴᠠ ᠠᠵᠢᠯᠳᠠᠳ ᠢ ᠳᠣᠮᠢᠯᠠᠵᠦ ᠪᠠᠭᠤᠯᠭᠠᠬᠤ ᠪᠠ ᠶᠡᠭᠡ ᠳᠣᠭᠠᠨ ᠤ ᠪᠡᠯᠡ ᠮᠦᠩᠬᠦ ᠶᠢ ᠬᠤᠪᠢᠶᠠᠷᠢᠯᠠᠨ ᠬᠡᠷᠡᠭᠯᠡᠬᠦ ᠣᠴᠢᠷ ᠤᠨ ᠳᠣᠬᠠᠢ ᠰᠣᠳᠣᠯᠪᠠ᠃                                                                                                                                                                                                                                                                                                                                                                                
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号