ᠮᠠᠨ ᠤ ᠬᠤᠰᠢᠭᠤ ᠮᠠᠯᠴᠢᠨ ᠲᠠᠷᠢᠶᠠᠴᠢᠨ ᠤ ᠳᠣᠰᠬᠠᠢ ᠮᠡᠷᠬᠡᠵᠢᠯ ᠤᠨ ᠪᠤᠯᠪᠠᠰᠤᠷᠠᠯ ᠤᠨ ᠰᠣᠷᠭᠠᠭᠤᠯᠢ ᠶᠢ ᠢᠳᠡᠪᠬᠢᠯᠡᠨ ᠪᠠᠶᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2020-06-09
     ᠮᠠᠨ ᠤ ᠬᠤᠰᠢᠭᠤ ᠡᠯ᠎ᠡ ᠰᠣᠮᠣ ᠪᠠᠯᠭᠠᠰᠣᠨ ᠤ ᠳᠠᠷᠢᠭᠦᠨ ᠤ ᠰᠢᠯᠢᠳᠡᠭ ᠭᠠᠴᠠᠭ᠎ᠠ ᠳᠣᠰᠬᠤᠨ ᠢ ᠰᠣᠩᠭᠤᠵᠣ ᠮᠠᠯᠴᠢᠨ ᠲᠠᠷᠢᠶᠠᠴᠢᠨ ᠤ ᠳᠣᠰᠬᠠᠢ ᠮᠠᠷᠭᠡᠵᠢᠯ ᠤᠨ ᠪᠣᠯᠪᠠᠰᠣᠷᠠᠯ ᠤᠨ ᠰᠣᠷᠭᠠᠭᠤᠯᠢ ᠶᠢ ᠪᠦᠳᠣᠭᠡᠨ ᠪᠠᠶᠢᠭᠤᠯᠵᠣ ᠮᠠᠯ ᠲᠠᠷᠢᠶᠠᠯᠠᠩ᠂ ᠠᠮᠢ ᠠᠬᠤᠢ᠂ ᠨᠠᠮ ᠤᠨ ᠪᠠᠶᠢᠭᠤᠯᠣᠯᠳᠠ᠂ ᠦᠨᠳᠣᠰᠣᠨ ᠱᠠᠳᠣᠨ ᠤ ᠺᠠᠳ᠋ᠷ ᠠᠵᠢᠯᠳᠡᠨ᠂ ᠭᠠᠴᠠᠭ᠎ᠠ ᠳᠣᠰᠬᠤᠨ ᠤ ︽ᠭᠤᠷᠪᠡᠨ ᠵᠦᠪᠯᠡᠯ︾ ᠤᠨ ᠣᠳᠣᠷᠢᠳᠣᠯᠭ᠎ᠠ ᠵᠡᠷᠭᠡ ᠶᠢ ᠬᠠᠮᠣᠷᠠᠭᠰᠠᠨ ᠪᠣᠯᠪᠠᠰᠣᠷᠠᠯ ᠢ ᠦᠷᠬᠦᠯᠵᠢ ᠶᠢᠨ ᠴᠢᠨᠠᠷᠳᠡᠢ ᠦᠷᠨᠢᠭᠦᠯᠣᠨ ᠡᠯ᠎ᠡ ᠲᠠᠯ᠎ᠠ ᠶᠢᠨ ᠠᠵᠢᠯ ᠣᠶᠢᠯᠡᠰ ᠤᠨ ᠴᠢᠨᠡᠷ ᠰᠠᠶᠢᠲᠠᠢ ᠳᠣᠭᠳᠠᠭᠤᠨ ᠢᠶᠠᠷ ᠭᠦᠭᠵᠢᠬᠦ ᠶᠢ ᠠᠬᠢᠭᠤᠯᠵᠣ ᠪᠠᠶᠢᠨ᠎ᠠ᠃        ᠣᠶᠢᠷ᠎ᠠ ᠶᠢᠨ ᠡᠳᠤᠷ ᠮᠠᠨ ᠤ ᠬᠤᠰᠢᠭᠤᠨ ᠤ ᠪᠦᠬᠦ ᠰᠢᠶᠠᠨ ᠭᠠᠵᠠᠷ ᠤᠨ ᠳᠠᠰ ᠤᠨ ᠣᠳᠣᠷᠢᠳᠣᠯᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ᠂ ᠡᠯ᠎ᠡ ᠰᠣᠮᠣ ᠪᠠᠯᠭᠠᠰᠣᠨ ᠤ ᠨᠠᠮ ᠤᠨ ᠬᠤᠷᠢᠶᠠᠨ ᠤ ᠱᠦᠵᠢ ᠨᠠᠷ ᠦᠣᠰᠢᠨᠵᠣᠣ ᠪᠠᠯᠭᠠᠰᠣᠨ ᠤ ᠦᠣᠰᠢᠨᠵᠣᠣ ᠭᠠᠴᠠᠭᠠᠨ ᠳᠡᠭᠡᠷ᠎ᠡ ᠪᠠᠶᠢᠭᠤᠯᠣᠭᠰᠠᠨ ︽ ᠮᠠᠯᠵᠢᠬᠤ ᠳ᠋ᠠᠵᠠᠢ︾ ᠳᠣᠰᠬᠠᠢ ᠮᠡᠷᠭᠡᠵᠢᠯ ᠤᠨ ᠪᠣᠯᠪᠠᠰᠣᠷᠠᠯ ᠤᠨ ᠰᠣᠷᠭᠠᠭᠤᠯᠢ ᠳᠤ ᠴᠣᠭᠯᠠᠷᠠᠨ ᠳᠣᠰᠬᠠᠢ ᠮᠡᠷᠭᠡᠵᠢᠯᠳᠡᠨ ᠪᠠᠭᠰᠢ ᠶᠢ ᠣᠷᠢᠵᠣ ︽ᠮᠠᠯᠵᠢᠬᠤ ᠳ᠋ᠠᠵᠠᠢ ᠦᠣᠰᠢᠨᠵᠣᠣ︾ ᠶᠢᠨ ᠠᠮᠢ ᠠᠬᠤᠢ ᠶᠢᠨ ᠪᠦᠳᠣᠭᠡᠨ ᠪᠠᠶᠢᠭᠤᠯᠣᠯᠲᠠ ᠶᠢᠨ ᠥᠩᠭᠡ ᠬᠡᠷᠡᠯᠲᠣ ᠲᠡᠦᠬᠡ ᠶᠢᠨ ᠳᠣᠭᠤᠷᠢᠨ ᠳᠤ ᠬᠦᠮᠣᠵᠢᠯ ᠲᠠᠶᠢᠯᠣᠮᠵᠢ ᠭᠢᠯᠭᠡᠭᠰᠠᠨ ᠤ ᠬᠠᠮᠲᠣ ︽ᠮᠠᠯᠵᠢᠬᠤ ᠳ᠋ᠠᠵᠠᠢ︾ ᠶᠢᠨ ᠪᠠᠶᠠᠴᠢᠯᠠᠨ ᠤᠶᠢᠯᠠᠭᠠᠬᠤ ᠠᠮᠢ ᠠᠬᠤᠢ ᠶᠢᠨ ᠬᠦᠮᠣᠵᠢᠯ ᠤᠨ ᠰᠠᠭᠤᠷᠢᠨ ᠭᠠᠵᠠᠷ ᠳᠡᠭᠡᠷ᠎ᠡ ᠣᠶᠢᠵᠢᠭᠤᠯᠣᠯᠲᠠ ᠶᠢᠨ ᠠᠵᠢᠯᠯᠠᠭ᠎ᠠ ᠦᠷᠨᠢᠭᠦᠯᠣᠨ ᠬᠠᠰᠢᠶᠠᠲᠣ ᠬᠤᠳᠳᠤᠭ ᠠᠴᠠ ᠤᠰᠤ ᠳᠠᠮᠨᠠᠨ ᠣᠰᠣᠯᠠᠵᠣ ᠳᠣᠬᠠᠢ ᠶᠢᠨ ᠦᠶ᠎ᠡ ᠶᠢᠨ ᠬᠦᠴᠢᠷ ᠪᠡᠷᠬᠡᠰᠢᠶᠠᠯᠲᠣ ᠪᠡᠶᠢᠳᠡᠯ ᠳᠣᠣᠷ᠎ᠠ ᠡᠯᠡᠰᠦ ᠮᠠᠩᠬ᠎ᠠ ᠶᠢ ᠣᠶᠢᠵᠢᠭᠤᠯᠣᠨ ᠨᠣᠭᠤᠭᠠᠷᠠᠭᠤᠯᠬᠤ ᠪᠠᠷ ᠲᠠᠮᠠᠴᠠᠵᠣ ᠪᠠᠶᠢᠭᠰᠠᠨ ᠪᠣᠳᠡᠳᠦ ᠪᠠᠶᠢᠳᠠᠯ ᠢ ᠪᠠᠶᠠᠴᠢᠯᠠᠨ ᠤᠶᠢᠯᠠᠭᠠᠭᠰᠠᠨ ᠪᠠᠶᠢᠨ᠎ᠠ᠃      ᠦᠣᠰᠢᠨᠵᠣᠣ ᠭᠠᠴᠠᠭᠠᠨ ᠳᠡᠭᠡᠷ᠎ᠡ ᠪᠠᠶᠢᠭᠤᠯᠣᠭᠰᠠᠨ ᠦᠣᠰᠢᠨ ᠬᠤᠰᠢᠭᠤᠨ ᠤ ︽ᠮᠠᠯᠵᠢᠬᠤ ᠳ᠋ᠠᠵᠠᠢ︾ ᠳᠣᠰᠬᠠᠢ ᠮᠡᠷᠭᠡᠵᠢᠯ ᠤᠨ ᠪᠣᠯᠪᠠᠰᠣᠷᠠᠯ ᠤᠨ ᠰᠣᠷᠭᠠᠭᠤᠯᠢ ᠶᠢ ︽ᠮᠠᠯᠵᠢᠬᠤ ᠳ᠋ᠠᠵᠠᠢ︾ ᠶᠢᠨ ᠪᠠᠶᠠᠴᠢᠯᠠᠨ ᠤᠶᠢᠯᠠᠭᠠᠬᠤ ᠠᠮᠢ ᠠᠬᠤᠢ ᠶᠢᠨ ᠬᠦᠮᠣᠵᠢᠯ ᠤᠨ ᠰᠠᠭᠤᠷᠢᠨ ᠭᠠᠵᠠᠷ ᠲᠠᠢ ᠨᠢᠭᠡ ᠴᠣᠭᠴᠠᠵᠶᠢᠭᠤᠯᠤᠨ 2019 ᠤᠨ ᠤ 10 ᠰᠠᠷ᠎ᠠ  ᠳᠤ ᠬᠡᠷᠡᠭᠯᠡᠯᠲᠡ ᠳᠤ ᠤᠷᠤᠭᠤᠯᠵᠤ ᠭᠠᠴᠠᠭ᠎ᠠ ᠳᠣᠰᠬᠤᠨ ᠤ ︽ᠭᠤᠷᠪᠡᠨ ᠵᠦᠪᠯᠡᠯ︾ ᠤᠨ ᠣᠳᠣᠷᠢᠳᠣᠯᠭ᠎ᠠ ᠶᠢᠨ ᠪᠣᠯᠪᠠᠰᠣᠷᠠᠯ᠂ ᠮᠠᠯᠴᠢᠨ ᠲᠠᠷᠢᠶᠠᠴᠢᠨ ᠤ ᠮᠠᠯ ᠲᠠᠷᠢᠶᠠᠯᠠᠩ ᠤᠨ ᠮᠡᠷᠭᠡᠵᠢᠯ ᠤᠨ ᠪᠣᠯᠪᠠᠰᠣᠷᠡᠯ᠂ ᠺᠠᠳ᠋ᠷ ᠠᠵᠢᠯᠳᠡᠳ ᠤᠨ ᠬᠡᠪ ᠴᠢᠨᠡᠷ ᠢ ᠳᠡᠭᠡᠭᠰᠢᠯᠡᠭᠦᠯᠬᠦ ᠵᠡᠷᠭᠡ ᠶᠢ ᠪᠠᠶᠡᠯᠡᠭᠦᠯᠣᠨ ᠬᠢᠵᠣ ᠨᠢᠳᠣᠨᠣᠨ ᠪᠡᠷᠤᠭ ᠳᠥᠮᠡ ᠭᠠᠷᠣᠢ ᠬᠦᠮᠣᠨ ᠡᠯ᠎ᠡ ᠳᠦᠷᠣᠯ ᠤᠨ ᠪᠣᠯᠪᠠᠰᠣᠷᠠᠯ ᠳᠤ ᠣᠷᠣᠯᠴᠠᠨ ᠡᠨ᠋ᠨ ᠵᠢᠯ ᠣᠳᠣᠬᠠᠨ ᠪᠣᠯᠲᠠᠯ᠎ᠠ 5 ᠣᠳᠠᠭᠠᠨ ᠤ ᠪᠣᠯᠪᠠᠰᠣᠷᠠᠯ ᠳᠠᠶᠢᠯᠣᠮᠵᠢ ᠶᠢ ᠬᠢᠵᠠᠢ᠃      ᠮᠠᠨ ᠤ ᠬᠤᠰᠢᠭᠤ ᠣᠶᠢᠷ᠎ᠠ ᠶᠢᠨ ᠵᠢᠯ ᠠᠴᠠ ᠨᠠᠰᠢ ᠮᠠᠯᠴᠢᠨ ᠲᠠᠷᠢᠶᠠᠴᠢᠨ ᠤ ᠮᠠᠯ ᠲᠠᠷᠢᠶᠠᠯᠠᠩ ᠤᠨ ᠮᠡᠷᠭᠡᠵᠢᠯ᠂ ᠮᠠᠯᠴᠢᠨ ᠲᠠᠷᠢᠶᠠᠴᠢᠨ ᠤ ᠠᠵᠢᠯ ᠣᠯᠭᠤᠯᠲᠠ ᠶᠢᠨ ᠮᠡᠷᠭᠡᠵᠢᠯ᠂ ᠠᠮᠢ ᠠᠬᠤᠢ ᠣᠷᠴᠢᠨ ᠳᠣᠭᠤᠷᠢᠨ᠂ ᠨᠠᠮ ᠤᠨ ᠪᠠᠶᠢᠭᠤᠯᠣᠯᠲᠠ᠂ ᠦᠨᠳᠣᠰᠣᠨ ᠱᠠᠳᠣᠨ ᠤ ᠺᠠᠳ᠋ᠷ ᠠᠵᠢᠯᠳᠡᠳ ᠤᠨ ᠪᠣᠯᠪᠠᠰᠣᠷᠠᠯ᠂ ᠭᠠᠴᠠᠭ᠎ᠠ ᠳᠣᠰᠬᠤᠨ ᠤ ᠣᠳᠣᠷᠢᠳᠣᠯᠭ᠎ᠠ ᠶᠢᠨ ᠡᠯ᠎ᠡ ᠲᠠᠯ᠎ᠠ ᠶᠢᠨ ᠪᠣᠯᠪᠠᠰᠣᠷᠠᠯ ᠢ ᠴᠢᠩᠭᠠᠳᠬᠠᠬᠤ ᠪᠠᠷ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠮᠠᠯ ᠲᠠᠷᠢᠶᠠᠯᠠᠩ ᠠᠵᠤ ᠠᠬᠤᠢ ᠶᠢ ᠲᠦᠬᠡᠮᠡᠯᠵᠢᠬᠦᠯᠬᠦ ᠰᠣᠷᠭᠠᠭᠤᠯᠢ᠂ ᠠᠵᠢᠯ ᠮᠡᠷᠬᠡᠵᠢᠯ ᠤᠨ ᠲᠤᠮᠳᠠᠳᠤ ᠰᠤᠷᠭᠠᠭᠤᠯᠢ᠂ ᠠᠨᠳᠠ ᠠᠵᠢᠯ ᠮᠡᠷᠬᠡᠵᠢᠯ ᠤᠨ ᠰᠤᠷᠭᠠᠭᠤᠯᠢ ᠵᠡᠷᠭᠡ ᠳᠣᠰᠬᠠᠢ ᠰᠣᠷᠭᠠᠭᠤᠯᠢ ᠠᠴᠠ ᠭᠠᠳᠠᠨ᠎ᠠ ᠪᠠᠰᠠ ᠡᠯ᠎ᠡ ᠰᠣᠮᠣ ᠪᠠᠯᠭᠠᠰᠣᠨ ᠤ ᠡᠯ᠎ᠡ ᠭᠠᠴᠠᠭ᠎ᠠ ᠳᠣᠰᠬᠤᠨ ᠤ ᠣᠨᠴᠠᠯᠢᠭ ᠬᠡᠷᠡᠭᠴᠡᠭᠡ ᠳᠤᠨᠢ ᠳᠣᠬᠢᠷᠠᠭᠤᠯᠵᠣ ᠰᠦᠯᠳᠡ ᠰᠣᠮᠣᠨ ᠤ ᠱᠠᠷᠯᠢᠭ ᠭᠠᠴᠠᠭᠠᠨ ᠤ ︽ᠦᠤᠰᠢᠨ ᠬᠤᠰᠢᠭᠤᠨ ᠤ ᠰᠢᠨ᠎ᠡ ᠴᠠᠭ ᠦᠶ᠎ᠡ ᠶᠢᠨ ᠮᠠᠯᠴᠢᠨ ᠲᠠᠷᠢᠶᠠᠴᠢᠨ ᠤ ᠠᠵᠢᠯ ᠮᠡᠷᠬᠡᠵᠢᠯ ᠤᠨ ᠪᠤᠯᠪᠠᠰᠤᠷᠠᠯ ᠤᠨ ᠰᠤᠷᠭᠠᠭᠤᠯᠢ︾᠂ ᠦᠣᠰᠢᠨᠵᠣᠣ ᠪᠠᠯᠭᠠᠰᠣᠨ ᠤ ᠦᠣᠰᠢᠨᠵᠣᠣ ᠭᠠᠴᠠᠭᠠᠨ ᠤ ᠦᠦᠰᠢᠨ ᠬᠤᠰᠢᠭᠤᠨ ᠤ ︽ᠮᠠᠯᠵᠢᠬᠤ ᠳ᠋ᠠᠵᠠᠢ︾ ᠳᠣᠰᠬᠠᠢ ᠮᠡᠷᠭᠡᠵᠢᠯ ᠤᠨ ᠪᠣᠯᠪᠠᠰᠣᠷᠠᠯ ᠤᠨ ᠰᠣᠷᠭᠠᠭᠤᠯᠢ᠂ ᠰᠢᠷᠬᠤᠰᠣᠨ ᠪᠠᠯᠭᠠᠰᠣᠨ ᠤ ᠸᠠᠩ ᠶᠣᠣ ᠸᠠᠨ ᠤ ᠲᠤᠰᠬᠠᠶᠢᠵᠢᠭᠰᠠᠨ ᠮᠠᠯᠴᠢᠨ ᠲᠠᠷᠢᠶᠠᠴᠢᠨ ᠤ ᠪᠤᠯᠪᠠᠰᠤᠷᠠᠯ ᠤᠨ ᠰᠠᠭᠤᠷᠢᠨ ᠭᠠᠵᠠᠷ᠂ ᠲᠤᠭ ᠪᠠᠯᠭᠠᠰᠣᠨ ᠤ ᠬᠤᠸᠠᠳᠣᠯᠣᠭᠠᠢ ᠭᠠᠴᠠᠭᠠᠨ ᠤ ᠮᠠᠯᠴᠢᠳ ᠤᠨ ᠳᠣᠰᠬᠠᠢ ᠮᠡᠷᠭᠡᠵᠢᠯ ᠤᠨ ᠰᠤᠷᠭᠠᠭᠤᠯᠢ᠂ ᠣᠯᠠᠭᠠᠨᠳᠣᠯᠣᠭᠠᠢ ᠪᠠᠯᠭᠠᠰᠣᠨ ᠤ ᠤᠯᠠᠭᠠᠨᠲᠤᠭ ᠳᠣᠰᠬᠤᠨ ᠤ ᠲᠠᠷᠢᠶᠠᠴᠢᠳ ᠤᠨ ᠳᠣᠰᠬᠠᠢ ᠮᠡᠷᠭᠡᠵᠢᠯ ᠤᠨ ᠰᠣᠷᠭᠠᠭᠤᠯᠢ ᠵᠡᠷᠭᠡ ᠶᠢ ᠤᠷᠢᠳ ᠬᠤᠵᠢᠳ ᠫᠠᠶᠢᠰᠠ ᠡᠯᠭᠦᠨ ᠪᠠᠶᠢᠭᠤᠯᠵᠣ ᠣᠯᠠᠨ ᠲᠠᠯᠠᠪᠠᠢ ᠪᠤᠯᠪᠠᠰᠤᠷᠠᠯ ᠢ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠪᠦᠬᠦ ᠵᠢᠯ ᠢᠶᠠᠷ ᠢᠶᠠᠨ ᠪᠠᠷᠢᠮᠳᠠᠯᠠᠨ ᠦᠷᠨᠢᠬᠦᠯᠵᠦ 2018 ᠣᠨ ᠠᠴᠠ ᠨᠠᠰᠢ ᠤᠳᠣᠬᠠᠨ ᠪᠣᠯᠲᠠᠯ᠎ᠠ 700 ᠭᠠᠷᠣᠢ ᠤᠳᠠᠭᠠᠨ ᠤ ᠪᠣᠯᠪᠠᠰᠣᠷᠠᠯ ᠢ ᠬᠢᠵᠣ 5000 ᠭᠠᠷᠤᠢ ᠬᠦᠮᠤᠨ ᠪᠤᠯᠪᠠᠰᠤᠷᠠᠯ ᠳᠤ ᠣᠷᠣᠯᠴᠠᠨ ᠡᠯ᠎ᠡ ᠲᠠᠯ᠎ᠠ ᠶᠢᠨ ᠠᠵᠢᠯ ᠣᠶᠢᠯᠡᠰ ᠤᠨ ᠴᠢᠨᠡᠷ ᠰᠠᠶᠢᠲᠠᠢ ᠳᠣᠭᠳᠠᠭᠤᠨ ᠢᠶᠠᠷ ᠭᠦᠭᠵᠢᠬᠦ ᠶᠢ ᠠᠬᠢᠭᠤᠯᠵᠣ ᠪᠠᠶᠢᠨ᠎ᠠ᠃          
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号