ᠮᠠᠨ ᠤ ᠬᠤᠰᠢᠭᠤ ᠬᠦᠳᠡᠯᠮᠦᠷᠢ ᠬᠦᠴᠦᠨ ᠤ ᠵᠠᠬ᠎ᠠ ᠳᠡᠯᠭᠡᠭᠦᠷ ᠭᠠᠷᠭᠠᠵᠤ ᠠᠵᠢᠯ ᠤᠯᠭᠤᠬᠤ ᠦᠢᠯᠡᠴᠢᠯᠡᠭᠡ  ᠶᠢ ᠦᠷᠭᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2020-06-09
     ᠨᠡᠶᠢᠬᠡᠮ ᠤᠨ ᠬᠦᠭᠵᠢᠯᠳᠠ ᠶᠢ ᠲᠠᠭᠠᠯᠳᠤᠨ ᠦᠢᠯᠡᠴᠢᠯᠡᠬᠡᠨ ᠤ ᠠᠵᠢᠯ ᠲᠦᠷᠦᠯ ᠶᠡᠭᠡ ᠪᠠᠷ ᠨᠡᠮᠡᠭᠳᠡᠵᠦ ᠬᠦᠳᠡᠯᠮᠦᠷᠢ ᠭᠦᠴᠦ ᠲᠠᠰᠤᠷᠠᠯᠳᠠ ᠦᠭᠡᠢ ᠲᠤᠲᠠᠭᠳᠠᠬᠤ ᠪᠤᠯᠤᠬᠰᠠᠨ ᠪᠠᠶᠢᠳᠠᠯ ᠳᠤ ᠬᠠᠨᠳᠤᠭᠤᠯᠤᠨ ᠡᠭᠦᠨ ᠳᠤ ᠮᠠᠨ ᠤ ᠬᠤᠰᠢᠭᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠲᠤᠪᠴᠢᠶ᠎ᠠ ᠲᠤᠰᠬᠠᠶᠢᠯᠠᠨ ᠬᠦᠳᠡᠯᠮᠦᠷᠢ ᠬᠦᠴᠦᠨ ᠤ ᠵᠠᠬ᠎ᠠ ᠲᠡᠯᠭᠡᠭᠦᠷ ᠭᠠᠷᠭᠠᠵᠤ ᠬᠥᠳᠡᠯᠮᠦᠷᠢ ᠬᠦᠴᠦᠨ  ᠤ ᠵᠠᠬ᠎ᠠ ᠲᠡᠯᠭᠡᠭᠦᠷ ᠤᠨ ᠠᠵᠢᠯᠴᠢᠨ ᠬᠡᠷᠡᠭᠯᠡᠬᠦ ᠲᠠᠯ᠎ᠠ ᠶᠢᠨ ᠲᠦᠷᠢᠮᠵᠢᠬᠦᠨ ᠪᠤᠰᠤ ᠪᠠᠶᠢᠳᠠᠯ ᠢ ᠵᠢᠷᠤᠮᠵᠢᠭᠤᠯᠤᠭᠰᠠᠨ ᠮᠥᠷᠳᠡᠭᠡᠨ ᠬᠦᠯᠦᠰᠦᠨ ᠠᠵᠢᠯᠴᠢᠨ ᠪᠤᠯᠤᠨ ᠡᠯᠰᠡᠨ ᠬᠡᠷᠡᠭᠯᠡᠬᠦ ᠨᠢᠭᠡᠴᠢ ᠳᠤ ᠪᠠᠳᠤᠯᠠᠭ᠎ᠠ ᠬᠠᠩᠭᠠᠭᠰᠠᠨ ᠪᠠᠶᠢᠨ᠎ᠠ᠃        ᠦᠩᠬᠡᠷᠡᠭᠰᠡᠨ ᠳᠤ ᠬᠦᠳᠡᠯᠮᠦᠷᠢ ᠬᠦᠴᠦᠨ ᠤ ᠲᠤᠰᠬᠠᠢ ᠵᠠᠬ᠎ᠠ ᠲᠡᠯᠬᠡᠬᠦᠷ ᠪᠠᠶᠢᠭᠰᠠᠨ ᠦᠬᠡᠢ ᠪᠣᠯᠬᠤᠷ ᠠᠵᠢᠯ ᠡᠷᠢᠭᠰᠡᠳ ᠵᠡᠭᠡᠯᠢ ᠶᠢᠨ ᠬᠠᠵᠠᠭᠤ ᠪᠠᠷ ᠬᠦᠯᠢᠶᠠᠵᠤ ᠵᠤᠭᠰᠤᠳᠠᠭ ᠮᠥᠷᠳᠡᠭᠡᠨ ᠠᠵᠢᠯ ᠪᠤᠯᠢᠶᠠᠯᠳᠤᠬᠤ ᠮᠡᠲᠦ ᠶᠢᠨ ᠡᠮᠬᠢ ᠵᠠᠮᠪᠠᠷᠠᠭ᠎ᠠ ᠦᠭᠡᠢ ᠪᠠᠶᠢᠳᠠᠯ ᠣᠷᠣᠰᠢᠵᠤ ᠪᠠᠶᠢᠵᠠᠢ᠃ ᠲᠤᠰ ᠵᠠᠬ᠎ᠠ ᠲᠡᠯᠬᠡᠬᠦᠷ ᠤᠨ ᠪᠠᠶᠢᠭᠤᠯᠤᠭᠳᠠᠭᠰᠠᠨ ᠨᠢ ᠬᠦᠯᠦᠰᠦᠨ ᠠᠵᠢᠯᠴᠢᠨ ᠤ ᠠᠵᠢᠯ ᠤᠯᠬᠤ ᠳᠤ ᠲᠦᠬᠦᠮ᠂ ᠲᠦᠷᠢᠮᠵᠢᠬᠦᠨ ᠪᠤᠯᠤᠭᠰᠠᠨ ᠠᠴᠠ ᠭᠠᠳᠠᠨ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠬᠦᠯᠦᠰᠦᠨ ᠠᠵᠢᠯᠴᠢᠨ ᠳᠤ ᠲᠠᠭᠠᠳᠬᠠᠯ ᠤᠨ ᠮᠦᠩᠭᠦ ᠶᠢ ᠨᠢ ᠤᠷᠤᠯᠠᠨ ᠲᠤᠰᠢᠶᠠᠬᠤ ᠪᠤᠯᠤᠭᠰᠠᠨ ᠢᠶᠠᠷ ᠬᠦᠳᠡᠯᠮᠦᠷᠢ ᠦᠢᠯᠡᠴᠢᠯᠡᠬᠡᠨ ᠤ ᠲᠤᠮᠳᠠ ᠠᠶᠤᠯ ᠬᠡᠨᠡᠳᠦᠯ ᠭᠠᠷᠤᠭᠰᠠᠨ ᠴᠤ ᠪᠠᠳᠤᠯᠠᠭ᠎ᠠ ᠲᠠᠢ ᠪᠣᠯᠵᠠᠢ᠃ ᠡᠭᠦᠨ ᠠᠴᠠ ᠭᠠᠳᠠᠨ᠎ᠠ ᠲᠠᠪᠴᠠᠩ ᠢᠶᠠᠷ ᠲᠠᠮᠵᠢᠭᠤᠯᠤᠨ ᠬᠦᠯᠦᠰᠦᠨ ᠠᠵᠢᠯᠴᠢᠳ ᠲᠤ ᠪᠠᠰᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠬᠠᠥᠯᠢ ᠲᠦᠷᠢᠮ ᠢ ᠲᠦᠪᠯᠡᠷᠡᠬᠦᠯᠦᠨ ᠤᠬᠠᠭᠤᠯᠬᠤ ᠰᠦᠢᠳᠬᠡᠯ ᠦᠬᠡᠢ ᠦᠢᠯᠡᠴᠢᠯᠡᠭᠡ ᠬᠠᠩᠭᠠᠵᠤ ᠴᠢᠳᠠᠬᠤ ᠪᠣᠯᠵᠠᠢ᠃      ᠤᠶᠢᠯᠠᠭᠠᠭᠰᠠᠨ ᠢᠶᠠᠷ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠤ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠶᠡᠭᠡ ᠠᠩᠭᠢ ᠪᠣᠯᠤᠨ ᠠᠵᠢᠯᠴᠢᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠵᠦᠪᠯᠠᠯ ᠤᠨ ᠲᠦᠷ ᠴᠠᠭ ᠤᠨ ᠠᠵᠢᠯᠯᠠᠬᠤ ᠲᠣᠭᠤᠷᠢᠭ᠂ ᠬᠦᠯᠦᠰᠦᠨ ᠠᠵᠢᠯᠴᠢᠨ ᠤ ᠠᠮᠠᠷᠠᠬᠤ ᠲᠣᠭᠤᠷᠢᠭ᠂ ᠪᠤᠯᠪᠠᠰᠤᠷᠠᠯ ᠤᠨ ᠲᠣᠭᠤᠷᠢᠭ᠂ ᠠᠵᠢᠯᠴᠢᠨ ᠡᠯᠰᠡᠭᠦ ᠮᠡᠳᠡᠭᠡ ᠵᠠᠩᠭᠢ ᠨᠡᠶᠢᠲᠡᠯᠡᠬᠦ ᠲᠣᠭᠤᠷᠢᠭ ᠵᠡᠷᠭᠡ ᠶᠢ ᠲᠤᠭᠢᠷᠠᠭᠤᠯᠤᠭᠰᠠᠨ ᠤ ᠬᠠᠮᠳᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ ᠠᠵᠢᠯ ᠬᠦᠯᠢᠶᠡᠵᠦ ᠪᠠᠶᠢᠭ᠎ᠠ ᠬᠦᠯᠦᠰᠦᠨ ᠠᠵᠢᠯᠴᠢᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ ᠠᠵᠤ ᠠᠬᠤᠶᠢᠯᠠᠯ ᠳᠤ ᠬᠠᠩᠭᠠᠨ ᠤᠯᠠᠨ ᠲᠠᠯ᠎ᠠ ᠶᠢᠨ ᠠᠷᠭ᠎ᠠ ᠬᠡᠮᠵᠢᠶ᠎ᠡ ᠪᠠᠷ ᠬᠦᠯᠦᠰᠦᠨ ᠠᠵᠢᠯᠴᠢᠳ ᠤᠨ ᠠᠵᠢᠯ ᠣᠯᠬᠤ ᠤᠷᠤᠨ ᠵᠠᠢ ᠶᠢ ᠥᠷᠭᠡᠳᠬᠡᠵᠤ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号