ᠮᠠᠨ ᠤ ᠬᠤᠰᠢᠭᠤᠨ ᠤ ᠣᠯᠠᠭᠠᠡᠮᠦ᠋ᠴᠢᠷ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠣᠬᠠᠭᠤᠯᠣᠨ ᠦᠨᠳᠣᠰᠣᠨ ᠱᠠᠳᠣᠨ ᠳᠤ ᠬᠠᠶᠢᠷ᠎ᠠ ᠬᠠᠯᠠᠮᠵᠢ ᠬᠦᠷᠭᠡᠵᠣ ᠪᠠᠶᠢᠨ᠎ᠠ
ᠨᠡᠶᠢᠲᠡᠯᠡᠭᠰᠡᠨ ᠴᠠᠭ᠄
2020-06-09
  ᠮᠠᠨ ᠤ ᠬᠤᠰᠢᠭᠤᠨ ᠤ ᠣᠯᠠᠭᠠᠡᠮᠦ᠋ᠴᠢᠷ ᠪᠦᠬᠦ ᠣᠯᠣᠰ ᠤᠨ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠴᠠᠭ ᠳᠠᠷᠣᠢ ᠳᠤᠨᠢ ᠣᠬᠠᠭᠤᠯᠣᠨ ᠣᠯᠠᠮᠵᠢᠯᠠᠬᠤ ᠪᠠᠷ ᠦᠨᠳᠣᠰᠣᠨ ᠱᠠᠳᠣᠨ ᠳᠤ ᠬᠦᠷᠴᠤ ᠣᠷᠡᠨ ᠰᠠᠶᠢᠬᠠᠨ ᠤ ᠳᠣᠭᠯᠠᠯᠲᠠ ᠪᠠᠷ ᠮᠠᠯᠴᠢᠨ ᠲᠠᠷᠢᠶᠠᠴᠢᠨ ᠢ ᠪᠠᠶᠠᠰᠬᠠᠵᠣ ᠪᠠᠶᠢᠨ᠎ᠠ᠃   ᠣᠶᠢᠷ᠎ᠠ ᠶᠢᠨ ᠡᠳᠣᠷ᠂ ᠮᠠᠨ ᠤ ᠬᠤᠰᠢᠭᠤᠨ ᠤ ᠣᠯᠠᠭᠠᠡᠮᠦ᠋ᠴᠢᠷ ᠰᠦᠯᠳᠡ ᠰᠣᠮᠣᠨ ᠤ ᠱᠠᠷᠯᠢᠭ ᠭᠠᠴᠠᠭᠠᠨ ᠤ ᠶᠠᠳᠠᠭᠤ ᠠᠴᠠ ᠠᠩᠬᠢᠵᠢᠷᠡᠨ ᠪᠠᠳᠣᠳᠬᠠᠭᠳᠠᠵᠦ ᠪᠠᠶᠢᠭ᠎ᠠ ᠡᠷᠣᠬᠡ ᠣᠳᠣᠩᠭᠤᠸ᠎ᠠ ᠶᠢᠨ ᠬᠢᠨ ᠤ ᠳᠤ ᠬᠦᠷᠴᠣ ᠬᠤᠷᠢ ᠭᠠᠷᠣᠢ ᠬᠤᠨᠢ ᠶᠢ ᠨᠢ ᠬᠠᠶᠢᠴᠢᠯᠠᠭᠰᠠᠨ ᠤ ᠬᠠᠮᠲᠣ ᠬᠠᠭᠤᠴᠢᠷᠠᠨ ᠮᠠᠭᠤᠳᠠᠭᠰᠠᠨ ᠤᠳᠠᠰᠣ ᠬᠦᠷᠢᠶ᠎ᠠ ᠶᠢ ᠨᠢ ᠰᠡᠯᠪᠢᠨ ᠵᠠᠰᠠᠵᠣ ᠬᠠᠪᠰᠣᠷᠣᠨ ᠳᠣᠰᠠᠯᠠᠭᠰᠠᠨ ᠬᠠᠶᠢᠷ᠎ᠠ ᠬᠠᠯᠠᠮᠵᠢᠲᠣ ᠠᠵᠢᠯᠯᠠᠭ᠎ᠠ ᠨᠢ ᠣᠳᠣᠩᠭᠤᠸ᠎ᠠ ᠶᠢᠨ ᠰᠡᠳᠬᠢᠯ ᠢ ᠳᠣᠯᠠᠭᠠᠴᠠᠭᠤᠯᠣᠯ᠎ᠠ᠃   ᠤᠳᠤᠩᠭᠤᠸ᠎ᠠ᠄ ︽ᠪᠢ ᠪᠤᠯ ᠭᠠᠭᠴᠠ ᠬᠦᠮᠦᠨ᠂ ᠲᠡᠭᠡᠬᠦᠯᠡᠷ ᠮᠢᠨᠦ ᠬᠦᠳᠡᠯᠮᠦᠷᠢ ᠬᠦᠴᠦ ᠬᠦᠷᠦᠯᠴᠡᠬᠦ ᠦᠬᠡᠢ᠃  ᠤᠯᠠᠭᠠᠨᠮᠦ᠋ᠴᠢᠷ ᠤᠨ ᠬᠢᠨ ᠢᠷᠡᠵᠦ ᠬᠤᠨᠢ ᠬᠠᠶᠢᠴᠢᠯᠠᠵᠦ ᠤᠲᠠᠰᠤ ᠵᠠᠰᠠᠵᠦ ᠦᠭᠭᠦᠭᠰᠡᠨ ᠪᠦᠭᠡᠳ ᠲᠤᠭᠯᠠᠯᠲᠠ ᠭᠠᠷᠭᠠᠵᠦ ᠰᠤᠨᠢᠷᠬᠠᠭᠤᠯᠤᠭᠰᠠᠨ ᠳᠤ ᠪᠢ ᠴᠢᠩ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ︾ ᠭᠡᠪᠡ᠃
  ᠡᠨ᠋ᠨ ᠤᠳᠠᠭᠠᠨ ᠤ ᠠᠵᠢᠯᠯᠠᠭ᠎ᠠ ᠳᠡᠭᠡᠷ᠎ᠡ ᠮᠠᠨ ᠤ ᠬᠤᠰᠢᠭᠤᠨ ᠤ ᠣᠯᠠᠭᠠᠡᠮᠦ᠋ᠴᠢᠷ ᠤᠨ ᠬᠢᠨ ᠰᠦᠯᠳᠡ ᠰᠣᠮᠣᠨ ᠤ ᠨᠠᠰᠣᠳᠡᠶᠢᠴᠣᠣᠨ ᠤᠨ ᠬᠠᠷᠢᠯᠴᠠᠨ ᠬᠠᠪᠰᠣᠷᠣᠯᠴᠠᠬᠤ ᠭᠦᠷᠢᠶᠡᠯᠡᠩ ᠳᠤ ᠬᠦᠷᠴᠣ ᠳᠠᠭᠤᠣ ᠪᠦᠵᠢᠭ᠂ ᠱᠤᠭ ᠵᠦᠴᠣᠬᠡ ᠂ ᠨᠠᠶᠢᠷᠠᠯ ᠭᠦᠭᠵᠢᠮ ᠵᠡᠷᠭᠡ ᠪᠠᠶᠠᠯᠢᠭ ᠠᠭᠤᠯᠭ᠎ᠠ ᠲᠠᠢ 10 ᠭᠠᠷᠣᠢ ᠳᠣᠭᠯᠠᠯᠲᠠ ᠭᠠᠷᠭᠠᠭᠰᠠᠨ ᠤ ᠬᠠᠮᠳᠤ ᠨᠠᠰᠣᠲᠠᠶᠢᠴᠣᠣᠨ ᠲᠤ ᠪᠡᠯᠡᠭ ᠭᠥᠷᠭᠡᠨ ᠲᠠᠳᠠᠨ ᠢ ᠪᠠᠶᠠᠰᠬᠠᠯ᠎ᠠ᠃
  ᠮᠠᠨ ᠤ ᠬᠤᠰᠢᠭᠤᠨ ᠤ ᠣᠯᠠᠭᠠᠡᠮᠦ᠋ᠴᠢᠷ ᠨᠢ ᠪᠦᠬᠦ ᠣᠯᠣᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠴᠠᠭ ᠲᠠᠷᠣᠢ ᠳᠤᠨᠢ ᠦᠨᠳᠣᠰᠣᠨ ᠱᠠᠳᠣᠨ ᠤ ᠣᠯᠠᠨ ᠳᠦᠮᠡᠨ ᠤ ᠳᠣᠮᠳᠠ ᠣᠬᠠᠭᠤᠯᠣᠨ ᠲᠤᠭᠤᠰᠢᠯᠠᠭᠤᠯᠵᠦ ᠪᠦᠬᠦ ᠬᠤᠰᠢᠭᠤᠨ ᠤ ᠡᠯ᠎ᠡ ᠭᠠᠴᠠᠭ᠎ᠠ ᠳᠣᠰᠬᠤᠨ ᠤ ᠨᠠᠶᠢᠲᠡᠯᠢᠭ ᠶᠠᠳᠠᠭᠤ ᠭᠦᠴᠢᠷᠳᠡᠯᠳᠡᠢ ᠨᠢᠭᠡ ᠪᠥᠯᠤᠭ᠌ ᠡᠷᠣᠬᠡ ᠶᠢ ᠰᠣᠩᠭᠤᠨ ᠭᠡᠷ ᠲᠤᠨᠢ ᠭᠦᠷᠴᠣ ᠠᠷᠠᠳ ᠳᠦᠮᠡᠨ ᠢ ᠬᠦᠨᠳᠦᠳᠬᠡᠨ ᠶᠠᠳᠠᠭᠤ ᠭᠦᠴᠢᠷᠳᠡᠯᠳᠡᠢ ᠡᠷᠣᠭᠡ ᠶᠢ ᠳᠣᠰᠠᠯᠠᠨ ᠳᠠᠮᠵᠢᠬᠦ᠂ ᠰᠢᠨ᠎ᠡ ᠴᠠᠭ ᠦᠶ᠎ᠡ ᠶᠢᠨ ᠪᠣᠯᠪᠠᠰᠣᠨ ᠢ ᠣᠶᠢᠯᠡᠳᠣᠯᠭᠡᠵᠢᠭᠦᠯᠭᠦ ᠵᠡᠷᠭᠡ ᠪᠣᠳᠠᠳᠡᠢ ᠤᠶᠢᠯᠡ ᠠᠵᠢᠯᠯᠠᠭ᠎ᠠ ᠪᠣᠯᠣᠨ ᠣᠷᠡᠨ ᠰᠠᠶᠢᠬᠠᠨ ᠤ ᠳᠣᠭᠯᠠᠯᠲᠠ ᠭᠠᠷᠭᠠᠵᠣ ᠣᠶᠣᠨ ᠰᠠᠨᠠᠭᠠᠨ ᠤ ᠰᠢᠮ᠎ᠡ ᠲᠠᠵᠢᠭᠡᠯ ᠢ ᠭᠦᠷᠲᠡᠭᠡᠭᠰᠡᠨ ᠪᠠᠶᠢᠨ᠎ᠠ
   
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号