ᠦᠦᠰᠢᠨᠵᠣᠣ ᠪᠠᠯᠭᠠᠰᠣ ᠨᠠᠮ ᠪᠠᠶᠢᠭᠤᠯᠣᠭᠳᠠᠭᠰᠠᠨ 99 ᠵᠢᠯ ᠤᠨ ᠣᠢ ᠶᠢ ᠣᠳᠬ᠎ᠠ ᠳᠡᠬᠦᠯᠳᠡᠷ ᠦᠩᠬᠡᠷᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2020-07-01
     ᠨᠠᠮ ᠪᠠᠶᠢᠭᠤᠯᠣᠭᠳᠠᠭᠰᠠᠨ 99 ᠵᠢᠯ ᠤᠨ ᠣᠢ ᠪᠣᠯᠬᠤ ᠳᠠᠰᠢᠷᠠᠮ ᠢᠶᠠᠷ ᠦᠦᠰᠢᠨᠵᠣᠣ ᠪᠠᠯᠭᠠᠰᠣᠨ ᠤ ᠴᠠᠭᠠᠨᠰᠦ᠋ᠮ᠎ᠡ ᠭᠠᠴᠠᠭ᠎ᠠ ᠡᠯᠪᠡᠭ ᠪᠠᠶᠠᠯᠢᠭ ᠠᠭᠤᠯᠭ᠎ᠠ ᠪᠠᠷ ᠨᠠᠮ ᠪᠠᠶᠢᠭᠤᠯᠣᠭᠳᠠᠭᠰᠠᠨ 99 ᠵᠢᠯ ᠤᠨ ᠣᠢ ᠶᠢ ᠪᠡᠯᠭᠡᠯᠡᠭᠰᠡᠨ ᠪᠠᠶᠢᠨ᠎ᠠ᠃ ᠴᠠᠭᠠᠨᠰᠦ᠋ᠮ᠎ᠡ ᠭᠠᠴᠠᠭ᠎ᠠ ︽3 + 1︾ ᠬᠠᠷᠢᠯᠴᠠᠨ ᠬᠠᠪᠰᠣᠷᠣᠯᠴᠠᠨ ᠬᠠᠮᠳᠣ ᠪᠠᠷ ᠴᠣᠭᠴᠠᠯᠠᠬᠤ ᠪᠠᠶᠢᠭᠤᠯᠭ᠎ᠠ ᠲᠠᠢ ᠬᠠᠮᠳᠣᠷᠠᠨ ᠨᠠᠶᠠᠨ ᠨᠠᠰᠣᠨ ᠠᠴᠠ ᠳᠡᠭᠡᠭᠰᠢᠬᠢ ᠨᠠᠮ ᠤᠨ ᠬᠡᠰᠢᠬᠦᠨ ᠢ ᠪᠣᠯᠭᠤᠭᠠᠨ ᠳᠣᠬᠤᠨᠢᠭᠤᠯᠬᠤ᠂ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠬᠤ᠂ ᠰᠢᠯᠢᠳᠡᠭ ᠨᠠᠮ ᠤᠨ ᠬᠡᠰᠢᠬᠦᠨ ᠢ ᠰᠢᠯᠭᠠᠷᠠᠭᠤᠯᠣᠨ ᠬᠦᠬᠢᠬᠦᠯᠬᠦ᠂ ᠮᠡᠳᠡᠯᠬᠡ ᠶᠢᠨ ᠮᠦᠷᠦᠶᠢᠴᠡᠭᠡᠨ ᠬᠢᠬᠦ᠂ ᠬᠦᠵᠦᠷ ᠨᠠᠭᠠᠳᠬᠤ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠤᠨ ᠨᠠᠮ ᠤᠨ ᠬᠡᠰᠢᠬᠦᠨ ᠢᠶᠠᠷ ᠣᠯᠠᠨ ᠲᠦᠮᠡᠨ ᠢ ᠳᠠᠶᠢᠴᠢᠯᠠᠨ ᠳᠠᠭᠠᠭᠤᠯᠵᠦ ᠨᠠᠮ ᠪᠠᠶᠢᠭᠤᠯᠣᠭᠳᠠᠭᠰᠠᠨ 99 ᠵᠢᠯ ᠤᠨ ᠣᠢ ᠶᠢ ᠣᠳᠬ᠎ᠠ ᠳᠡᠬᠦᠯᠳᠡᠷ ᠦᠩᠬᠡᠷᠡᠬᠦᠯᠦᠭᠰᠡᠨ ᠪᠠᠶᠢᠨ᠎ᠠ᠃      85 ᠨᠠᠰᠣᠳᠠᠢ ᠠᠬᠠᠮᠠᠳ ᠨᠠᠮ ᠤᠨ ᠬᠡᠰᠢᠬᠦᠨ ᠰᠢᠷ᠎ᠠ᠄ ︽ᠪᠢ ᠨᠠᠮ ᠳᠤ ᠣᠷᠣᠭᠠᠳ 54 ᠵᠢᠯ ᠪᠣᠯᠵᠦ ᠪᠠᠶᠢᠨ᠎ᠠ᠃  ᠨᠠᠮ ᠤᠨ ᠠᠴᠢ᠂ ᠬᠠᠶᠢᠷ᠎ᠠ ᠬᠠᠯᠠᠮᠵᠢ ᠬᠡᠭᠴᠢ ᠶᠡᠭᠡ ᠰᠠᠶᠢᠬᠠᠨ ᠪᠠᠶᠢᠨ᠎ᠠ᠃ ᠵᠠᠯᠠᠭᠤᠴᠣᠳ ᠲᠤ ᠬᠦᠰᠡᠮᠵᠢᠯᠡᠬᠦ ᠨᠢ ᠶᠠᠮᠠᠷ ᠴᠦ ᠪᠣᠯᠤᠭ ᠨᠠᠮ ᠤᠨ ᠰᠢᠨᠵᠢ ᠴᠢᠨᠠᠷ ᠢ ᠬᠠᠮᠠᠭᠠᠯᠠᠨ ᠨᠠᠮ ᠤᠨ ᠢᠶᠠᠨ ᠠᠰᠢᠭ ᠳᠣᠰᠠ ᠶᠢ ᠬᠦᠷᠳᠡᠵᠦ ᠨᠠᠮ ᠪᠣᠯᠣᠨ ᠠᠷᠠᠳ ᠳᠦᠮᠡᠨ ᠳᠡᠭᠡᠨ ᠦᠨᠡᠨᠴᠢ ᠰᠢᠳᠣᠷᠭᠤ ᠶᠠᠪᠣᠬᠤ ᠶᠢ ᠬᠦᠰᠡᠵᠦ ᠪᠠᠶᠢᠨ᠎ᠠ︾ ᠭᠡᠪᠡ᠃      ᠮᠠᠯᠴᠢᠨ ᠣᠯᠠᠭᠠᠨᠴᠡᠴᠡᠭ᠄ ︽ᠪᠢ ᠪᠣᠯ ᠪᠡᠯᠡᠳᠬᠡᠯ ᠨᠠᠮ ᠤᠨ ᠬᠡᠰᠢᠬᠦᠨ ᠪᠠᠶᠢᠨ᠎ᠠ᠃ ᠮᠢᠨᠦ ᠨᠠᠭᠠᠴᠣ ᠡᠵᠢ ᠪᠣᠯᠣᠨ ᠡᠵᠢ ᠴᠦᠮ ᠨᠠᠮ ᠤᠨ ᠬᠡᠰᠢᠬᠦᠨ ᠪᠠᠶᠢᠭᠰᠠᠨ᠃ ᠮᠢᠨᠦ ᠡᠵᠢ ᠪᠣᠷᠬᠠᠨ ᠪᠣᠯᠬᠤ ᠦᠶ᠎ᠡ ᠳᠡᠭᠡᠨ ᠨᠠᠳᠠᠳᠣ ᠬᠡᠣᠬᠡᠨ ᠮᠢᠨᠢ ᠨᠠᠮ ᠤᠨ ᠵᠠᠯᠭᠠᠮᠵᠢᠯᠠᠭᠴᠢ ᠪᠣᠯᠵᠦ ᠨᠠᠮ ᠳᠠᠭᠠᠨ ᠠᠰᠢᠭ ᠳᠣᠰᠠ ᠲᠠᠢ ᠤᠴᠢᠷ ᠬᠢᠵᠦ ᠦᠨᠡᠨᠴᠢ ᠰᠢᠳᠣᠷᠭᠤ ᠪᠠᠷ ᠨᠠᠮ ᠳᠠᠭᠠᠨ ᠵᠢᠳᠬᠦᠨ ᠵᠠᠯᠠᠭᠤ ᠪᠠᠭᠠᠴᠣᠳ ᠢᠶᠠᠨ ᠬᠦᠮᠦᠵᠢᠬᠦᠯᠬᠦ ᠬᠡᠷᠡᠭᠲᠡᠢ ᠬᠡᠵᠦ ᠶᠠᠷᠢᠭᠰᠠᠨ ᠠᠴᠠ ᠪᠢ ᠨᠠᠮ ᠳᠤ ᠣᠷᠣᠶ᠎ᠠ ᠬᠡᠵᠦ ᠴᠢᠷᠮᠠᠶᠢᠭᠰᠠᠨ ᠶᠣᠮ︾ ᠭᠡᠪᠡ᠃      ᠴᠠᠭᠠᠨᠰᠦ᠋ᠮ᠎ᠡ ᠭᠠᠴᠠᠭᠠᠨ ᠤ ᠨᠠᠮ ᠤᠨ ᠡᠬᠦᠷ ᠤᠨ ᠱᠦᠵᠢ ᠵᠣᠷᠢᠭᠲᠣ᠄ ︽ᠠᠵᠢᠯᠯᠠᠭᠠᠨ ᠳᠤ ᠨᠠᠶᠠᠨ ᠨᠠᠰᠣᠨ  ᠠᠴᠠ ᠳᠡᠭᠡᠭᠰᠢᠬᠢ ᠨᠠᠮ ᠤᠨ ᠬᠡᠰᠢᠬᠦᠨ ᠬᠡᠳᠦ ᠤᠷᠤᠯᠴᠠᠭᠰᠠᠨ ᠪᠠᠶᠢᠨ᠎ᠠ᠂ ᠠᠬᠠᠮᠠᠳ ᠨᠠᠮ ᠤᠨ ᠬᠡᠰᠢᠬᠦᠨ ᠢᠶᠠᠨ ᠪᠣᠯᠭᠤᠭᠠᠨ ᠦᠵᠡᠵᠦ ᠪᠠᠰᠠ ᠬᠤᠯᠪᠣᠭ᠎ᠠ ᠰᠦᠯᠵᠢᠶᠡᠨ ᠳᠡᠭᠡᠷ᠎ᠡ ᠰᠠᠶᠢᠨ ᠰᠣᠷᠣᠯᠴᠠᠳᠠᠭ ᠨᠠᠮ ᠤᠨ ᠬᠡᠰᠢᠬᠦᠨ ᠢᠶᠠᠨ ᠵᠣᠷᠢᠭᠵᠢᠭᠤᠯᠵᠦ ᠱᠠᠩᠨᠠᠯ ᠬᠦᠬᠢᠬᠦᠯᠦᠯ ᠶᠠᠪᠣᠭᠤᠯᠤᠨ ᠬᠤᠵᠢᠮ ᠬᠤᠶᠢᠰᠢᠳᠠ ᠨᠠᠮ ᠤᠨ ᠡᠬᠦᠷ ᠪᠣᠯᠣᠨ ᠭᠠᠴᠠᠭᠠᠨ ᠤ ᠠᠵᠢᠯ ᠢ ᠰᠠᠶᠢᠨ ᠬᠢᠵᠦ ᠮᠠᠯᠴᠢᠨ ᠳᠦᠮᠡᠨ ᠤ ᠳᠠᠭᠤᠷᠢᠶᠠᠯ ᠪᠣᠯᠬᠤ ᠬᠡᠵᠦ ᠪᠣᠳᠣᠵᠦ ᠪᠠᠶᠢᠨ᠎ᠠ︾ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号