ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠪᠡᠯᠬᠡᠯᠡᠨ ᠨᠠᠮ ᠤᠨ | ᠭᠡᠷᠡᠯ ᠰᠠᠴᠤᠷᠠᠩᠭᠤᠶ ᠲᠡᠤᠬᠡ ᠶᠢ ᠮᠠᠭᠲᠠᠨ ᠳᠠᠭᠤᠯᠠᠵᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠵᠢᠱᠢᠶᠡᠴᠢ ᠦᠢᠯᠡᠳᠦᠯ ᠢ ᠬᠦᠢᠴᠡᠳ ᠪᠠᠳᠠᠷᠠᠭᠤᠯᠬᠤ ᠶᠢ | ᠵᠤᠷᠢᠵᠤ ᠰᠠᠷᠠᠭᠤᠯᠨᠤᠳᠤᠭ ᠭᠠᠴᠠᠭ᠎ᠠ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠪᠡᠯᠭᠡᠯᠡᠬᠦ ᠵᠢᠴᠢ | ᠰᠠᠷᠠᠭᠤᠯᠨᠤᠳᠤᠭ ᠭᠠᠴᠠᠭᠠᠨ ᠤ ᠨᠠᠮ ᠤᠨ ᠪᠠᠶᠢᠭᠤᠯᠤᠯᠳᠠ ᠶᠢᠨ ᠰᠢᠷᠢᠰ ᠠᠵᠢᠯᠯᠠᠭ᠎ᠠ ᠶᠢ ᠥᠷᠨᠢᠭᠦᠯᠪᠡ᠃ | | | | | | | ᠠᠵᠢᠯᠯᠠᠭᠠᠨ ᠳᠤ᠂ ᠰᠠᠷᠠᠭᠤᠯᠨᠤᠳᠤᠭ ᠭᠠᠴᠠᠭ᠎ᠠ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠺᠠᠳ᠋ᠷ | ᠠᠵᠢᠯᠲᠠᠨ ᠵᠡᠷᠭᠡ 5 ᠰᠢᠯᠢᠳᠡᠭ ᠺᠠᠳ᠋ᠷ ᠢ ᠠᠷᠠᠳᠴᠢᠯᠠᠯ ᠢᠶᠠᠷ ᠰᠤᠩᠭᠤᠨ ᠭᠠᠷᠭᠠᠵᠤ ᠱᠠᠩᠨᠠᠨ ᠬᠦᠬᠢᠬᠦᠯᠬᠦ ᠶᠢᠨ ᠬᠠᠮᠲᠤ | ᠭᠠᠴᠠᠭᠠᠨ ᠤ ᠬᠦᠴᠢᠷᠳᠡᠯ ᠲᠠᠢ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ᠂ ᠠᠬᠠᠮᠠᠳ ᠨᠠᠮ ᠤᠨ ᠡᠭᠦᠷ ᠤᠨ | ᠱᠦᠵᠢ ᠨᠡᠷ ᠢ ᠪᠤᠯᠭᠤᠭᠠᠨ ᠲᠣᠬᠤᠨᠢᠭᠤᠯᠵᠤ ᠨᠠᠮ ᠤᠨ ᠵᠤᠬᠢᠶᠠᠨ ᠪᠠᠶᠢᠭᠤᠯᠤᠯᠳᠠ ᠨᠠᠮ ᠤᠨ ᠬᠡᠰᠢᠬᠦᠨ ᠢᠶᠠᠨ | ᠬᠠᠯᠠᠮᠵᠢᠯᠠᠭᠰᠠᠨ᠂ ᠨᠠᠮ ᠤᠨ ᠬᠡᠰᠢᠬᠦᠨ ᠤᠯᠠᠨ ᠲᠦᠮᠡᠨ ᠢᠶᠠᠨ ᠬᠠᠯᠠᠮᠵᠢᠯᠠᠭᠰᠠᠨ ᠰᠠᠶᠢᠨ ᠰᠠᠶᠢᠬᠠᠨ ᠠᠭᠤᠷ | ᠠᠮᠢᠰᠬᠤᠯ ᠢ ᠪᠦᠷᠢᠯᠳᠦᠬᠦᠯᠵᠡᠢ᠃ ᠬᠤᠰᠢᠭᠤ ᠪᠥᠬᠡ ᠶᠢᠨ ᠨᠡᠶᠢᠭᠡᠮᠯᠢᠭ ᠤᠨ ᠲᠠᠮᠢᠷᠴᠢᠳ ᠤᠨ ᠲᠥᠯᠥᠭᠡᠯᠡᠭᠴᠢ ᠠᠴᠠ | ᠥᠪᠡᠷ ᠤᠨ ᠤᠷᠤᠯᠳᠤᠭᠠᠨ ᠳᠤ ᠤᠷᠤᠯᠴᠠᠭᠠᠳ ᠣᠯᠤᠭᠰᠠᠨ 5 ᠮᠢᠩᠭᠠᠨ ᠲᠥᠭᠦᠷᠢᠭ ᠤᠨ ᠱᠠᠩᠨᠠᠯ ᠤᠨ ᠮᠥᠩᠭᠦ ᠪᠠᠨ | ᠭᠠᠷᠭᠠᠵᠤ ᠭᠠᠴᠠᠭᠠᠨ ᠤ ᠶᠠᠳᠠᠭᠤ ᠬᠦᠴᠢᠷᠳᠡᠯᠲᠡᠶ ᠡᠷᠦᠬᠡ ᠶᠢ ᠲᠤᠰᠠᠯᠠᠨ ᠲᠡᠳᠡᠨ ᠤ ᠦᠢᠯᠡᠳᠪᠦᠷᠢᠯᠡᠯ ᠠᠮᠢᠳᠤᠷᠠᠯ ᠳᠤ | ᠬᠠᠪᠰᠤᠷᠤᠮᠵᠢ ᠦᠵᠡᠬᠦᠯᠵᠡᠢ᠃ | | | | | | | | ᠠᠵᠢᠯᠯᠠᠭᠠᠨ ᠲᠡᠭᠡᠷ᠎ᠡ ᠪᠠᠰᠠ ︽ᠰᠠᠶᠢᠨ ᠨᠣᠮ ᠤᠩᠰᠢᠵᠤ ᠰᠠᠶᠢᠨ ᠨᠣᠮ ᠲᠠᠨᠢᠯᠴᠠᠭᠤᠯᠬᠤ︾ ᠭᠤᠣᠯ | ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠬᠦᠯᠣᠨ ᠭᠠᠴᠠᠭᠠᠨ ᠤ ᠨᠠᠮ ᠤᠨ ᠡᠭᠦᠷ ᠤᠨ ᠱᠦᠵᠢ ︽7 · | 1︾ ᠤ ᠲᠤᠰᠬᠠᠢ ᠰᠡᠳᠦᠪᠲᠦ ᠨᠠᠮ ᠤᠨ ᠬᠢᠴᠢᠶᠡᠯ ᠢ ᠦᠷᠨᠢᠬᠦᠯᠵᠦ ᠤᠯᠠᠨ ᠢ ᠳᠠᠭᠠᠭᠤᠯᠤᠨ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠦᠷᠢᠮ︾ ᠤᠨ ᠶᠡᠷᠦᠩᠬᠡᠢ ᠲᠦᠷᠢᠮ ᠢ ᠰᠤᠷᠤᠯᠴᠠᠭᠰᠠᠨ ᠪᠠᠶᠢᠨ᠎ᠠ᠃ | | | | | | | | | | ᠰᠠᠷᠠᠭᠤᠯᠨᠤᠳᠤᠭ ᠭᠠᠴᠠᠭᠠᠨ ᠤ ᠨᠠᠮ ᠤᠨ ᠡᠬᠦᠷ ᠤᠨ ᠱᠦᠵᠢ ᠪᠦᠷᠢᠨᠪᠠᠲᠤ᠄ ︽ᠨᠠᠮ ᠤᠨ ᠪᠠᠶᠢᠭᠤᠯᠤᠯᠲᠠ ᠶᠢᠨ | ᠰᠢᠷᠢᠰ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ ᠨᠠᠮ ᠤᠨ ᠬᠡᠰᠢᠬᠦᠳ ᠤᠨ ᠤᠯᠤᠰ ᠲᠦᠷᠦ ᠶᠢᠨ ᠬᠡᠪ | ᠪᠤᠯᠪᠠᠰᠤᠷᠠᠯ ᠢ ᠤᠯᠠᠮ ᠲᠡᠭᠡᠭᠰᠢᠯᠡᠬᠦᠯᠣᠨ ᠠᠵᠢᠯ ᠢᠶᠠᠨ ᠤᠯᠠᠮ ᠰᠠᠶᠢᠨ ᠦᠷᠨᠢᠬᠦᠯᠵᠦ ᠠᠷᠠᠳ ᠲᠦᠮᠡᠨ ᠳᠤ ᠤᠯᠠᠮ | ᠰᠠᠶᠢᠨ ᠦᠢᠯᠡᠴᠢᠯᠡᠨ᠎ᠠ︾ ᠭᠡᠪᠡ᠃ | ᠠᠵᠢᠯᠯᠠᠭᠠᠨ ᠤ ᠳᠠᠷᠠᠭ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠵᠡᠷᠭᠡ ᠦᠨᠳᠦᠰᠦᠨ ᠮᠡᠳᠡᠯᠭᠡ ᠶᠢᠨ ᠤᠨᠤᠯ ᠤᠨ ᠲᠤᠭᠤᠷᠢᠨ ᠳᠤ ᠮᠡᠳᠡᠯᠭᠡ ᠶᠢᠨ | ᠤᠷᠤᠯᠳᠤᠭᠠᠨ ᠥᠷᠨᠢᠭᠦᠯᠵᠦ ᠠᠭᠤᠯᠭ᠎ᠠ ᠪᠠᠶᠠᠯᠢᠭ ᠤᠳᠬ᠎ᠠ ᠲᠡᠬᠦᠯᠳᠡᠷ ᠰᠠᠶᠢᠬᠠᠨ ᠠᠵᠢᠯᠯᠠᠭ᠎ᠠ ᠪᠤᠯᠤᠯ᠎ᠠ᠃ | | | | | | | | |