ᠤᠶᠢᠷ᠎ᠠ ᠶᠢᠨ ᠡᠳᠦᠷ᠂ ᠰᠦᠯᠲᠡ ᠰᠣᠮᠣ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢ ᠪᠡᠯᠭᠡᠯᠡᠬᠦ ︽ | ᠨᠠᠮ ᠤᠨ ᠪᠠᠶᠢᠭᠤᠯᠤᠯᠲᠠ ᠪᠠᠷ ᠰᠢᠨ᠎ᠡ ᠠᠬᠢᠯᠲᠠ ᠶᠢ ᠵᠠᠮᠴᠢᠯᠠᠭᠤᠯᠤᠨ ᠬᠤᠪᠢᠰᠬᠠᠯ ᠤᠨ ᠦᠪ ᠰᠣᠶᠣᠯ ᠢ ᠬᠠᠮᠲᠤ ᠪᠠᠷ | ᠤᠯᠠᠮᠵᠢᠯᠠᠨ ᠵᠠᠯᠭᠠᠮᠵᠢᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠨ ᠠᠮᠵᠢᠯᠲᠠ ᠲᠠᠢ | ᠥᠷᠨᠢᠬᠦᠯᠦᠯᠡ᠃ | | | | | | | ᠬᠤᠪᠢᠰᠬᠠᠯ ᠤᠨ ᠲᠡᠤᠭᠡ ᠰᠣᠶᠣᠯ ᠤᠨ ᠬᠦᠷᠢᠶ᠎ᠡ ᠴᠠᠷᠠᠭᠠᠨ ᠳᠠᠬᠢ ᠲᠣᠰᠬᠠᠢ ᠮᠡᠷᠭᠡᠵᠢᠯᠲᠡᠨ᠂ ᠠᠬᠠᠮᠠᠳ | ᠬᠤᠪᠢᠰᠬᠠᠯᠴᠢ᠂ ᠦᠷᠡᠭᠳᠡᠭᠰᠡᠨ ᠪᠠᠭᠠᠳᠣᠷ ᠬᠤᠪᠢᠰᠬᠠᠯᠴᠢᠳ ᠤᠨ ᠬᠤᠶᠢᠴᠢᠰ ᠵᠢᠴᠢ ᠰᠦᠯᠳᠡ ᠰᠣᠮᠣᠨ ᠤ ᠨᠠᠮ | ᠵᠠᠰᠠᠭ ᠤᠨ ᠣᠳᠣᠷᠢᠳᠣᠯᠭ᠎ᠠ᠂ ᠮᠠᠯᠴᠢᠨ ᠲᠠᠷᠢᠶᠠᠴᠢᠨ ᠨᠠᠮ ᠤᠨ ᠬᠡᠰᠢᠬᠦᠨ ᠠᠵᠢᠯᠯᠠᠭᠠᠨ ᠳᠤ ᠤᠷᠤᠯᠴᠠᠵᠤ ᠠᠵᠢᠯᠯᠠᠭᠠᠨ | ᠢᠶᠠᠷ ᠰᠦᠯᠳᠡ ᠰᠣᠮᠣᠨ ᠤ ᠴᠣᠣᠲᠠᠢ ᠭᠠᠴᠠᠭᠠᠨ ᠤ ᠨᠠᠮ ᠵᠠᠰᠠᠭ ᠤᠨ ᠦᠢᠯᠡᠴᠢᠯᠡᠬᠡᠨ ᠤ ᠲᠦᠪ ᠲᠤ ᠬᠦᠷᠴᠦ ᠰᠦᠯᠳᠡ | ᠰᠣᠮᠣᠨ ᠤ ᠡᠪ ᠬᠠᠮᠲᠤ ᠨᠠᠮ ᠤᠨ ᠬᠤᠪᠢᠰᠬᠠᠯ ᠤᠨ ᠲᠡᠤᠬᠡ ᠰᠣᠶᠣᠯ ᠢ ᠪᠡᠶᠡᠴᠢᠯᠡᠨ ᠤᠶᠢᠯᠠᠭᠠᠵᠤ ᠪᠠᠰᠠ ᠠᠬᠠᠮᠠᠳ | ᠬᠤᠪᠢᠰᠬᠠᠯᠴᠢ ᠲᠣᠪᠴᠢᠨᠳᠣᠷᠵᠢ ᠶᠢᠨ ᠳᠣᠷᠠᠰᠬᠠᠯ ᠤᠨ ᠬᠦᠰᠢᠶ᠎ᠡ᠂ ᠪᠠᠷᠠᠭᠤᠨ ᠱᠠᠩ ᠤᠨ ᠬᠠᠭᠤᠴᠢᠨ ᠪᠠᠭᠤᠷᠢ᠂ | ᠨᠠᠢᠮᠠᠳᠤᠭᠠᠷ ᠵᠠᠮ ᠤᠨ ᠴᠡᠷᠢᠭ ᠤᠨ ᠲᠠᠷᠢᠭᠰᠠᠨ ᠬᠠᠶᠢᠯᠠᠰᠣᠨ ᠮᠣᠳᠣᠨ ᠤ ᠬᠦᠷᠢᠶ᠎ᠡ ᠪᠠᠷ ᠬᠦᠷᠴᠦ ᠲᠣᠬᠠᠢ ᠶᠢᠨ ᠲᠠᠯᠠᠪᠠᠢ | ᠳᠤ ᠰᠣᠳᠣᠯᠣᠨ ᠰᠣᠷᠣᠯᠴᠠᠭᠰᠠᠨ ᠪᠠᠶᠢᠨ᠎ᠠ᠃ | | | | | | | | | ᠬᠦᠷᠦᠭᠰᠡᠨ ᠭᠠᠵᠠᠷ ᠪᠤᠯᠭᠠᠨ ᠳᠤ ᠲᠠᠶᠠᠭᠠᠷ ᠢᠶᠠᠨ ᠬᠤᠪᠢᠰᠬᠠᠯ ᠤᠨ ᠲᠡᠤᠬᠡ ᠰᠣᠶᠣᠯ᠂ ᠠᠬᠠᠮᠠᠳ | ᠬᠤᠪᠢᠰᠬᠠᠯᠴᠢᠳ ᠤᠨ ᠵᠣᠷᠢᠭ ᠰᠠᠨᠠᠭ᠎ᠠ ᠵᠡᠷᠭᠡ ᠲᠠᠯ᠎ᠠ ᠳᠤ ᠨᠠᠷᠢᠯᠢᠭ ᠤᠶᠢᠯᠠᠭᠠᠯᠲᠠ ᠲᠠᠢ ᠪᠤᠯᠵᠤ ᠨᠠᠮ ᠤᠨ | ᠬᠡᠰᠢᠬᠦᠳ ᠤᠨ ᠦᠵᠡᠯᠲᠡ ᠲᠠᠨᠢᠯᠲᠠ ᠶᠡᠭᠡᠭᠡᠨ ᠲᠡᠭᠡᠭᠰᠢᠯᠡᠭᠰᠠᠨ ᠪᠠᠶᠢᠨ᠎ᠠ᠃ | ᠰᠦᠯᠳᠡ ᠰᠣᠮᠣᠨ ᠤ ᠨᠠᠮ ᠤᠨ ᠬᠤᠷᠢᠶᠠᠨ ᠤ ᠱᠦᠵᠢ ᠨᠠᠷᠠᠰᠣ᠄ ︽ᠲᠣᠰ ᠠᠵᠢᠯᠯᠭᠠᠨ ᠢᠶᠠᠷ ᠳᠠᠮᠵᠢᠭᠤᠯᠵᠤ | ᠮᠠᠨ ᠤ ᠰᠦᠯᠳᠡ ᠰᠣᠮᠣᠨ ᠤ ᠬᠤᠪᠢᠰᠬᠠᠯᠲᠤ ᠰᠣᠶᠣᠯ ᠲᠡᠣᠬᠡ ᠶᠢ ᠣᠯᠠᠨ ᠲᠦᠮᠡᠨ ᠳᠤ ᠲᠠᠨᠢᠭᠤᠯᠵᠤ ᠮᠡᠳᠡᠭᠦᠯᠦᠨ | ᠶᠡᠷᠦᠩᠬᠡᠢ ᠱᠦᠵᠢ ᠰᠢ ᠶᠢᠨ ᠫᠢᠩ ᠤᠨ ︿ᠤᠭ ᠰᠠᠨᠠᠭ᠎ᠠ ᠪᠠᠨ ᠥᠯᠥ ᠮᠠᠷᠲᠠᠨ ᠡᠬᠦᠷᠭᠡ ᠬᠠᠷᠢᠭᠤᠴᠠᠯᠭ᠎ᠠ ᠪᠠᠨ ᠪᠠᠲᠤ | ᠴᠡᠬᠡᠵᠢᠯᠡᠬᠦ﹀ ᠵᠣᠷᠢᠭ ᠰᠠᠨᠠᠭ᠎ᠠ ᠶᠢ ᠤᠳᠤ ᠦᠶ᠎ᠡ ᠶᠢᠨ ᠴᠠᠭ ᠦᠶ᠎ᠡ ᠲᠠᠢ ᠵᠤᠬᠢᠴᠠᠭᠤᠯᠵᠤ ᠬᠤᠪᠢᠰᠬᠠᠯᠲᠤ ᠰᠣᠶᠣᠯ | ᠲᠡᠣᠬᠡ ᠶᠢ ᠬᠠᠮᠠᠭᠠᠯᠠᠨ ᠬᠦᠭᠵᠢᠬᠦᠯᠬᠦ ᠶᠢᠨ ᠬᠠᠮᠲᠤ ᠰᠣᠶᠣᠯ ᠵᠢᠭᠤᠯᠴᠢᠯᠠᠯ ᠲᠠᠢ ᠤᠶᠠᠯᠳᠣᠭᠤᠯᠵᠣ ᠰᠦᠯᠳᠡ ᠰᠣᠮᠣᠨ ᠤ | ᠠᠵᠤ ᠠᠬᠤᠢ᠂ ᠬᠦᠭᠵᠢᠯᠲᠡ ᠳᠤ ᠬᠤᠪᠢ ᠨᠡᠮᠡᠷᠢ ᠦᠵᠡᠬᠦᠯᠬᠦ ᠶᠢᠨ ᠬᠠᠮᠲᠤ ᠡᠷᠬᠢᠮ ᠨᠠᠨᠳᠢᠨ ᠬᠡᠪ ᠰᠣᠷᠳᠠᠯ ᠢᠶᠠᠨ | ᠴᠢᠨᠠᠭᠰᠢ ᠣᠯᠠᠮᠵᠢᠯᠠᠨ᠎ᠠ︾ ᠭᠡᠪᠡ᠃ | | | | | | | | | | | ᠠᠵᠢᠯᠯᠠᠭᠠᠨ ᠤ ᠲᠠᠷᠠᠭ᠎ᠠ᠂ ᠰᠦᠯᠳᠡ ᠰᠣᠮᠣᠨ ᠳᠤ ︽ᠬᠤᠪᠢᠰᠬᠠᠯ ᠤᠨ ᠰᠣᠶᠣᠯ ᠢ ᠥᠨᠢᠳᠡ ᠣᠯᠠᠮᠵᠢᠯᠠᠵᠤ | ᠰᠦᠯᠳᠡ ᠶᠢᠨ ᠬᠦᠭᠵᠢᠯᠲᠡ ᠶᠢ ᠬᠠᠮᠲᠤ ᠪᠠᠷ ᠴᠣᠭᠴᠠᠯᠠᠬᠤ︾ ᠰᠠᠭᠤᠳᠠᠯ ᠤᠨ ᠬᠤᠷᠠᠯ ᠬᠢᠵᠦ ᠲᠣᠰᠬᠠᠢ | ᠮᠡᠷᠭᠡᠵᠢᠯᠲᠡᠨ ᠠᠴᠠ ᠰᠦᠯᠳᠡ ᠰᠣᠮᠣᠨ ᠤ ᠬᠤᠪᠢᠰᠬᠠᠯ ᠤᠨ ᠡᠬᠢ ᠪᠠᠶᠠᠯᠢᠭ ᠢ ᠬᠡᠷᠬᠢᠨ ᠬᠦᠭᠵᠢᠯᠲᠡ ᠶᠢᠨ ᠡᠬᠢ | ᠪᠠᠶᠠᠯᠢᠭ ᠪᠤᠯᠭᠠᠨ ᠬᠤᠪᠢᠷᠠᠭᠤᠯᠬᠤ ᠲᠠᠯ᠎ᠠ ᠪᠠᠷ ᠲᠠᠶᠢᠯᠪᠤᠷᠢᠯᠠᠨ ᠶᠠᠷᠢᠵᠦ ᠲᠡᠤᠬᠡ ᠪᠠᠨ ᠬᠡᠷᠭᠢᠨ ᠲᠡᠯᠭᠡᠷᠡᠬᠦᠯᠦᠨ | ᠬᠦᠭᠵᠢᠬᠦᠯᠬᠦ᠂ ᠰᠣᠶᠣᠯ ᠵᠢᠭᠤᠯᠴᠢᠯᠠᠯ ᠲᠠᠢ ᠬᠡᠷᠬᠢᠨ ᠣᠶᠠᠯᠳᠣᠭᠤᠯᠬᠤ ᠵᠡᠷᠭᠡ ᠲᠠᠯ᠎ᠠ ᠪᠠᠷ ᠴᠢᠯᠦᠬᠡᠲᠡᠢ ᠶᠠᠷᠢᠯᠴᠠᠭ᠎ᠠ | ᠥᠷᠨᠢᠬᠦᠯᠦᠭᠰᠡᠨ ᠪᠠᠶᠢᠨ᠎ᠠ᠃ | | | | | | | | | |