ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-07-01
     6 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠲᠤᠭᠤᠶᠢᠯᠠᠩ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠰᠠᠨ ᠪᠠᠶᠢᠨ᠎ᠠ᠃ ᠬᠤᠷᠠᠯ ᠠᠴᠠ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠠᠯᠭᠠᠯᠳᠤᠭᠤᠯᠬᠤ ᠶᠢ ᠠᠬᠢᠭᠤᠯᠬᠤ︾ ᠭᠤᠣᠯ ᠰᠡᠳᠦᠪ ᠪᠣᠯᠤᠨ ︽ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠤᠷᠤᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ ᠠᠮᠢ ᠠᠬᠤᠶ ᠶᠢ ᠲᠡᠷᠢᠭᠦᠨ ᠳᠤ ᠲᠠᠯᠪᠢᠨ ᠨᠤᠮᠢᠨ ᠲᠠᠩᠰᠤᠭ ᠬᠦᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠭᠡᠬᠦ ᠭᠤᠤᠯ ᠰᠡᠳᠦᠪ ᠢ ᠰᠤᠳᠤᠯᠤᠨ ᠶᠠᠷᠢᠯᠴᠠᠵᠤ ᠪᠦᠬᠦ ᠬᠤᠰᠢᠭᠤᠨ ᠤ ᠡᠯ᠎ᠡ ᠱᠠᠲᠤᠨ ᠤ ᠦᠵᠡᠯ ᠰᠠᠨᠠᠭ᠎ᠠ ᠶᠢ ᠳᠠᠬᠢᠨ ᠴᠢᠯᠥᠭᠡᠯᠡᠵᠦ ᠥᠭᠡᠷᠡᠴᠢᠯᠡᠯᠲᠡ ᠶᠢ ᠳᠠᠬᠢᠨ ᠭᠦᠨᠵᠡᠭᠡᠶᠢᠷᠡᠭᠦᠯᠵᠦ ᠠᠵᠢᠯ ᠢ ᠳᠠᠬᠢᠨ ᠪᠣᠳᠠᠲᠠᠶ ᠠᠳᠬᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠵᠤ ᠰᠢᠨ᠎ᠡ ᠴᠠᠭ ᠦᠶ᠎ᠡ ᠶᠢᠨ ᠨᠤᠮᠢᠨ ᠲᠠᠩᠰᠤᠭ ᠬᠦᠭᠵᠢᠨ ᠮᠠᠨᠳᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠪᠡ᠃
     ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠢᠩᠬᠢᠨᠢ ᠭᠠᠵᠠᠷ ᠤᠨ ᠲᠠᠰ ᠤᠨ ᠵᠣᠬᠢᠶᠠᠨ ᠪᠠᠶᠢᠭᠤᠯᠤᠭᠴᠢ ᠵᠠᠩ ᠫᠧᠩ ᠴᠧᠩ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ‌‍ᠤᠨ ᠰᠤᠷᠤᠯᠴᠠᠯᠭ᠎ᠠ ᠶᠢ ᠰᠣᠨᠣᠰᠴᠤ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠢᠴᠢ ᠰᠢᠶᠠᠨ ᠤ ᠲᠠᠰ ᠤᠨ ᠪᠦᠬᠦ ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠣᠯᠤᠨ ᠰᠤᠮᠤ ᠪᠠᠯᠭᠠᠰᠤᠨ ᠤ ᠳᠠᠷᠤᠭ᠎ᠠ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠯᠪᠣᠭᠳᠠᠯ ᠪᠥᠬᠦᠶ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠳᠤ ᠬᠤᠰᠢᠭᠤ ᠨᠠᠮ ᠤᠨ ᠬᠤᠷᠢᠶᠠᠨ ᠤ ᠵᠢᠩᠬᠢᠨᠢ ᠭᠠᠵᠠᠷ ᠤᠨ ᠲᠡᠰ ᠤᠨ ᠤᠤᠯ ᠤᠨ ᠤᠳᠤᠷᠢᠳᠤᠯᠭ᠎ᠠ ᠡᠤ ᠵᠤᠤ ᠵᠢᠶᠦ᠋ᠨ᠂ ᠪᠥᠭᠦ ᠤᠯᠤᠰ ᠤᠨ ︽3 . 8︾ ᠤ ᠤᠶᠢᠵᠢᠭᠤᠯᠤᠭᠴᠢ ᠶᠢᠨ ᠱᠠᠩᠨᠠᠯ ᠭᠥᠷᠳᠡᠭᠴᠢ᠂ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠪᠥᠬᠦ ᠤᠯᠤᠰ ᠤᠨ ᠠᠷᠪᠠᠨ ᠭᠠᠷᠮᠠᠭᠠᠢ ᠡᠮᠡᠭᠲᠡᠶ ᠪᠠᠷ ᠨᠠᠷ᠎ᠠ ᠲᠤᠷᠠᠳᠤᠭᠤᠯᠤᠨ ᠱᠠᠩᠨᠠᠭᠳᠠᠭᠰᠠᠨ ᠶᠢᠨ ᠢᠦᠶ ᠵᠧᠨ᠂ ᠡᠯᠡᠰᠦᠷᠬᠡᠭᠵᠢᠯ ᠢ ᠵᠠᠰᠠᠭᠰᠠᠨ ᠵᠢᠱᠢᠶᠡᠴᠢ ᠤᠶᠤᠨᠰᠠᠴᠠᠨ ᠢ ᠤᠷᠢᠵᠤ ᠬᠤᠷᠠᠯ ᠳᠤ ᠰᠤᠯᠠ ᠣᠷᠣᠯᠴᠠᠭᠤᠯᠪᠠ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ᠂ ᠵᠧᠵᠢᠶᠠᠩ᠂ ᠱᠠᠨᠰᠢ᠂ ᠱᠠᠨ ᠰᠢ᠂ ᠨᠢᠩᠰᠢᠶᠠ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠠ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠮᠤᠵᠢ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠦ᠋ ᠵᠤᠤ ᠵᠢᠶᠦ᠋ᠨ ᠮᠠᠨ ᠤ ᠬᠤᠰᠢᠭᠤᠨ ᠤ ᠮᠤᠤᠬᠤᠰᠤ ᠶᠢᠨ ᠡᠯᠡᠰᠤ ᠶᠢ ᠵᠠᠰᠠᠭᠰᠠᠨ ᠪᠠᠶᠢᠳᠠᠯ ᠢ ᠲᠠᠨᠢᠯᠴᠠᠭᠤᠯᠪᠠ᠃ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠭᠢᠭᠤᠯᠬᠤ ᠪᠠ ᠬᠥᠳᠡᠭᠡ ᠲᠣᠰᠬᠤᠨ‌ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠠᠯᠭᠠᠯᠳᠤᠭᠤᠯᠬᠤ︾ ᠭᠤᠣᠯ ᠰᠡᠳᠦᠪ ᠤᠨ ᠲᠣᠭᠤᠷᠢᠨ ᠳᠤ ᠬᠤᠰᠢᠭᠤᠨ ᠤ ᠶᠠᠳᠠᠭᠤ ᠶᠢ ᠲᠠᠳᠭᠦᠬᠦ ᠨᠡᠭᠡᠭᠡᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠰᠢᠷᠬᠤᠰᠤᠨ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠦᠭᠡ ᠶᠠᠷᠢᠪᠠ᠃ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠮᠢ ᠠᠬᠤᠢ ᠶᠢ ᠤᠷᠢᠳ ᠢᠶᠠᠷ ᠪᠤᠳᠤᠯᠭᠢᠯᠠᠭᠰᠠᠨ ᠨᠤᠮᠢᠨ ᠲᠠᠩᠰᠤᠭ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠬᠤ ᠭᠤᠣᠯ ᠰᠠᠳᠤᠪ ᠤᠨ ᠲᠣᠭᠤᠷᠢᠨ ᠳᠤ ᠬᠤᠷᠠᠯ ᠳᠤ ᠣᠷᠣᠯᠴᠠᠭᠰᠠᠨ ᠬᠤᠰᠢᠭᠤ ᠰᠢᠶᠠᠨ ᠤ ᠲᠠᠰ ᠤᠨ ᠤᠳᠤᠷᠢᠳᠤᠯᠭ᠎ᠠ ᠵᠢᠴᠢ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠲᠤᠰ ᠪᠡᠶ᠎ᠡ ᠶᠢᠨ ᠠᠵᠢᠯ ᠵᠢᠴᠢ ᠣᠯᠤᠯᠲᠠ ᠲᠦᠷᠦᠭᠳᠡᠯ ᠲᠠᠢ ᠬᠠᠷᠢᠴᠠᠭᠤᠯᠤᠨ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠢᠩᠬᠢᠨᠢ ᠭᠠᠵᠠᠷ ᠤᠨ ᠲᠠᠰ ᠤᠨ ᠵᠣᠬᠢᠶᠠᠨ ᠪᠠᠶᠢᠭᠤᠯᠤᠭᠴᠢ ᠵᠠᠩ ᠫᠧᠩ ᠴᠧᠩ ᠭᠤᠤᠯ ᠰᠡᠳᠦᠪᠲᠦ ᠰᠤᠳᠤᠯᠤᠨ ᠶᠠᠷᠢᠯᠴᠠᠭᠰᠠᠨ ᠶᠠᠷᠢᠯᠴᠠᠭ᠎ᠠ ᠳᠤ ᠦᠨᠡᠯᠡᠯᠲᠡ ᠬᠢᠵᠡᠶ᠃
     ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠲᠤᠰ ᠤᠳᠠᠭ᠎ᠠ ᠶᠢᠨ ᠰᠤᠳᠤᠯᠤᠨ ᠶᠠᠷᠢᠯᠴᠠᠭᠰᠠᠨ ᠶᠠᠷᠢᠯᠴᠠᠭ᠎ᠠ ᠶᠢᠨ ᠭᠤᠣᠯ ᠰᠡᠳᠦᠪ ᠨᠢ ᠢᠯᠡ ᠲᠣᠳᠣ᠂ ᠬᠡᠯᠪᠡᠷᠢ ᠨᠢ ᠪᠠᠶᠠᠯᠢᠭ᠂ ᠠᠭᠤᠷ ᠠᠮᠢᠰᠬᠤᠯ ᠨᠢ ᠭᠦᠨ ᠵᠤᠵᠠᠭᠠᠨ ᠪᠠᠶᠢᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠤᠯᠠᠨ ᠤ ᠲᠠᠨᠢᠯᠲᠠ ᠶᠢ ᠨᠡᠩ ᠭᠦᠨᠵᠡᠭᠡᠢ ᠪᠤᠯᠭᠠᠨ ᠰᠠᠶᠢᠨ ᠦᠷ᠎ᠡ ᠪᠦᠲᠦᠮᠵᠢ ᠣᠯᠵᠤ ᠵᠢᠱᠢᠭᠰᠡᠨ ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ  ᠤᠨ ᠬᠢᠨ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠵᠤ ᠲᠡᠭᠦᠨ ᠤ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠥᠨᠵᠡᠭᠡᠢ ᠡᠵᠡᠮᠰᠢᠵᠦ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠭᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠠᠯᠭᠠᠯᠳᠤᠭᠤᠯᠬᠤ ᠶᠢ ᠠᠬᠢᠭᠤᠯᠵᠤ ᠠᠮᠢ ᠠᠬᠤᠢ ᠶᠢ ᠤᠷᠢᠳ ᠢᠶᠠᠷ ᠪᠤᠳᠤᠯᠭᠢᠯᠠᠭᠰᠠᠨ ᠨᠤᠮᠢᠨ ᠲᠠᠩᠰᠤᠭ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠭᠥᠭᠵᠢᠯᠳᠠ ᠶᠢ ᠠᠭᠢᠭᠤᠯᠬᠤ ᠭᠡᠷᠡᠭᠳᠠᠢ᠃ ᠪᠠᠶᠢᠯᠳᠤᠬᠤ ᠪᠤᠳᠤᠯᠭ᠎ᠠ ᠶᠢᠨ ᠲᠤᠭᠲᠠᠯ ᠬᠦᠴᠦ ᠶᠢ ᠢᠮᠡᠨᠲᠠ ᠪᠠᠷᠢᠮᠲᠠᠯᠠᠵᠤ ᠠᠮᠢ ᠠᠬᠤᠢ ᠶᠢ ᠤᠷᠢᠳ ᠢᠶᠠᠷ  ᠪᠤᠳᠤᠯᠭᠢᠯᠠᠭᠰᠠᠨ ᠨᠤᠮᠢᠨ ᠲᠠᠩᠰᠤᠭ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠳᠠᠯᠠᠨ ᠪᠦᠬᠦ ᠲᠠᠯ᠎ᠠ ᠶᠢᠨ ᠤᠬᠠᠮᠰᠠᠷ᠂ ᠬᠠᠮᠵᠢᠯᠴᠠᠬᠤ ᠤᠬᠠᠮᠰᠠᠷ ᠢ ᠲᠡᠭᠡᠭᠰᠢᠯᠠᠭᠦᠯᠤᠨ ᠠᠵᠤ ᠠᠬᠤᠶ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ ᠪᠣᠯᠤᠨ ᠨᠠᠮ ᠤᠨ ᠪᠠᠶᠢᠭᠤᠯᠤᠯᠳᠠ ᠶᠢᠨ ᠡᠯ᠎ᠡ ᠲᠥᠷᠤᠯ ᠤᠨ ᠠᠵᠢᠯ ᠢ ᠥᠨᠳᠥᠷ ᠡᠬᠢᠯᠡᠯᠲᠡ᠂ ᠥᠨᠳᠥᠷ ᠪᠠᠷᠢᠮᠵᠢᠶ᠎ᠠ ᠪᠠᠷ ᠠᠭᠢᠭᠤᠯᠬᠤ ᠭᠡᠷᠡᠭᠳᠠᠢ᠃ ᠰᠤᠳᠤᠯᠤᠨ ᠶᠠᠷᠢᠯᠴᠠᠭᠰᠠᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠴᠢᠩᠭᠠᠳᠬᠠᠵᠤ ᠰᠤᠳᠤᠯᠤᠨ ᠶᠠᠷᠢᠯᠴᠠᠬᠤ ᠳᠤᠮᠳᠠᠬᠢ ᠰᠠᠶᠢᠨ ᠰᠡᠳᠬᠢᠮᠵᠢ᠂ ᠰᠠᠶᠢᠨ ᠠᠷᠭ᠎ᠠ ᠬᠡᠮᠵᠢᠶ᠎ᠡ ᠶᠢ ᠰᠢᠩᠭᠡᠭᠡᠨ ᠠᠪᠴᠤ ᠠᠰᠠᠭᠤᠳᠠᠯ ᠢ ᠰᠢᠢᠳᠪᠤᠷᠢᠯᠠᠨ ᠠᠵᠢᠯ ᠢ ᠠᠬᠢᠭᠤᠯᠬᠤ ᠳᠤ ᠬᠡᠷᠡᠭᠯᠡᠬᠦ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号