ᠬᠤᠰᠢᠭᠤ ᠨᠠᠮ ᠵᠠᠰᠠᠭ ᠤᠨ ᠭᠤᠣᠯ ᠤᠳᠤᠷᠢᠳᠤᠯᠭ᠎ᠠ ᠨᠠᠷ ᠮᠧᠩ ᠶᠤᠸᠠᠨ ᠲᠢᠶᠠᠨ ᠮᠤ᠋ ᠪᠤᠯᠪᠠᠰᠤᠷᠠᠭᠤᠯᠬᠤ ᠥᠢᠯᠡᠳᠪᠤᠷᠢ ᠶᠢᠨ ᠡᠵᠡᠩᠨᠠᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020-07-01
     6 ᠰᠠᠷ᠎ᠠ ᠶᠢᠨ 28 ᠤ ᠡᠳᠦᠷ᠂ ᠥᠥᠰᠢᠨ ᠬᠤᠰᠢᠭᠤᠨ ᠤ ᠤᠯᠤᠰ ᠤᠨ ᠥᠮᠴᠢᠯᠠᠯᠳᠤ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠮᠧᠩ ᠶᠤᠸᠠᠨ ᠲᠢᠶᠠᠨ ᠮᠤ᠋ ᠪᠣᠯᠪᠠᠰᠤᠷᠠᠭᠤᠯᠬᠤ ᠦᠢᠯᠡᠳᠪᠦᠷᠢ ᠡᠵᠡᠩᠨᠠᠯᠳᠠ ᠪᠠᠨ ᠵᠢᠩᠬᠢᠨᠢ ᠪᠠᠷ ᠡᠭᠢᠯᠡᠭᠦᠯᠥᠨ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠤ᠋ ᠨᠡᠷ ᠲᠤᠬᠠᠢ ᠶᠢᠨ ᠲᠠᠯᠠᠪᠤᠷ ᠲᠤ ᠭᠥᠷᠴᠤ ᠪᠣᠯᠪᠠᠰᠤᠷᠠᠭᠤᠯᠬᠤ ᠥᠢᠯᠠᠳᠪᠤᠷᠢ ᠶᠢᠨ ᠡᠵᠡᠩᠨᠠᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠪᠡ᠃ ᠬᠤᠰᠢᠭᠤ ᠤᠳᠤᠷᠢᠳᠤᠯᠭ᠎ᠠ ᠹᠧᠩ ᡁᠢ ᠮᠢᠩ᠂ ᠸᠠᠩ ᠶᠦᠩ ᠴᠢᠩ᠂ ᠪᠠᠶᠠᠨᠴᠡᠩᠭᠡᠯ᠂ ᠯᠢ᠊ ᠵᠢᠷᠤᠮᠳᠤ ᠪᠤᠯᠤᠨ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠦᠤᠰᠢᠨ ᠬᠤᠰᠢᠭᠤᠨ ᠤ ᠤᠯᠤᠰ ᠤᠨ ᠥᠮᠴᠢᠯᠠᠯᠳᠤ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢ 2020 ᠣᠨ 2 ᠰᠠᠷ᠎ᠠ ᠳᠤ ᠳᠠᠩᠰᠠᠯᠠᠨ ᠪᠠᠶᠢᠭᠤᠯᠵᠤ ᠬᠤᠰᠢᠭᠤᠨ ᠤ ᠤᠯᠤᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠳᠤ ᠬᠠᠷᠢᠶᠠᠯᠠᠭᠳᠠᠵᠤ ᠳᠠᠩᠰᠠᠯᠠᠭᠤᠯᠤᠭᠰᠠᠨ ᠪᠡᠯᠡ ᠮᠥᠩᠭᠦ ᠨᠢ 1 ᠳ᠋ᠦᠩᠰᠢᠭᠤᠷ ᠲᠥᠭᠦᠷᠢᠭ ᠪᠤᠯᠤᠨ᠎ᠠ᠃ ᠲᠡᠷᠡ ᠨᠢ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠳᠤ ᠥᠢᠯᠡᠴᠢᠯᠠᠭᠦ᠂ ᠣᠯᠠᠨ ᠨᠠᠶᠢᠳᠠ ᠶᠢᠨ ᠥᠢᠯᠡᠳᠭᠦᠨ ᠬᠠᠩᠭᠠᠬᠤ ᠪᠠ ᠪᠦᠬᠦ ᠬᠤᠰᠢᠭᠤᠨ ᠤ ᠲᠠᠷᠢᠶᠠᠯᠠᠩ ᠤᠨ ᠬᠥᠭᠵᠢᠯᠲᠡ ᠳᠤ ᠥᠢᠯᠠᠴᠢᠯᠠᠭᠦ ᠪᠠᠶᠢᠯᠳᠤᠬᠤ ᠪᠤᠳᠤᠯᠭ᠎ᠠ ᠪᠠᠷ ᠭᠤᠤᠯ ᠬᠠᠷᠠᠯᠲᠠ ᠪᠤᠯᠭᠠᠭᠰᠠᠨ ᠤᠯᠤᠰ ᠤᠨ ᠥᠮᠴᠢᠯᠠᠯᠳᠤ ᠲᠤᠰᠠᠭᠠᠷ ᠪᠡᠯᠡ ᠣᠷᠣᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ ᠪᠤᠯᠤᠭᠰᠠᠨ ᠪᠠᠶᠢᠨ᠎ᠠ᠃ ᠦᠤᠰᠢᠨ ᠬᠤᠰᠢᠭᠤᠨ ᠤ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠯᠲᠡ‌‍ᠶᠢᠨ ᠬᠢᠵᠠᠭᠠᠷᠲᠤ ᠺᠤᠮᠫᠠᠨᠢ  ᠶᠢᠨ ᠮᠧᠩ ᠶᠤᠸᠠᠨ ᠲᠢᠶᠠᠨ ᠮᠥ  ᠪᠤᠯᠪᠠᠰᠤᠷᠠᠭᠤᠯᠬᠤ ᠥᠢᠯᠡᠳᠪᠤᠷᠢ ᠳᠤ ᠠᠯᠠᠵᠤ ᠨᠢᠲᠤᠯᠬᠤ ᠲᠤᠭᠤᠷᠢᠭ᠂ ᠮᠢᠬᠠᠨ ᠤ ᠲᠥᠷᠥᠯ ᠢ ᠰᠠᠯᠭᠠᠬᠤ ᠲᠤᠭᠤᠷᠢᠭ᠂ ᠭᠥᠢᠳᠡᠨ ᠬᠥᠮᠥᠷᠭᠡ ᠵᠡᠷᠭᠡ ᠪᠠᠶᠢᠵᠤ ᠡᠳᠦᠷ ᠲᠤ 1300 ᠣᠷᠴᠢᠮ ᠬᠤᠨᠢ᠂ 200 ᠣᠷᠴᠢᠮ ᠦᠬᠡᠷ ᠨᠢᠳᠤᠯᠠᠵᠤ ᠪᠣᠯᠪᠠᠰᠤᠷᠠᠭᠤᠯᠬᠤ ᠦᠢᠯᠡᠳᠪᠦᠷᠢ ᠶᠢᠨ ᠠᠰᠢᠭᠯᠠᠯᠲᠠ ᠳᠤ ᠤᠷᠤᠭᠰᠠᠨ ᠨᠢ ᠠᠵᠤ ᠦᠢᠯᠡᠰ ᠤᠨ ᠭᠡᠯᠭᠢᠶᠠᠵᠢᠯ ᠤᠨ ᠲᠤᠳᠠᠭᠳᠠᠯ ᠢ ᠪᠦᠲᠦᠮᠵᠢᠲᠡᠶ ᠰᠢᠢᠳᠪᠤᠷᠢᠯᠠᠨ ᠪᠥᠬᠦ ᠬᠤᠰᠢᠭᠤ ᠴᠢᠨᠠᠭᠰᠢᠯᠠᠨ ᠡᠷᠬᠢᠨ ᠲᠣᠭᠤᠷᠢᠨ ᠤ ᠬᠤᠰᠢᠭᠤ ᠲᠣᠭᠤᠷᠢᠭ ᠤᠨ ᠦᠬᠡᠷ ᠬᠤᠨᠢᠨ ᠤ ᠲᠠᠵᠢᠭᠡᠪᠤᠷᠢ ᠶᠢᠨ ᠥᠢᠯᠡᠰ ᠤᠨ ᠲᠦᠷᠭᠡᠨ ᠬᠥᠭᠵᠢᠯᠲᠡ ᠶᠢ ᠳᠠᠶᠢᠴᠢᠯᠠᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠭᠦ᠂ ᠮᠠᠯ ᠲᠠᠷᠢᠶᠠᠯᠠᠩ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠳᠤ ᠴᠢᠬᠤᠯᠠ ᠥᠢᠯᠡᠳᠤᠯ ᠥᠵᠠᠭᠦᠯᠵᠡᠢ᠃
     ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ᠺᠣᠮᠫᠠᠨᠢ ᠶᠢᠨ ᠰᠣᠶᠣᠯ᠂ ᠡᠵᠡᠩᠨᠡᠯᠲᠡ ᠶᠢᠨ ᠣᠶᠢᠯᠠᠭᠠᠭᠳᠠᠬᠤᠨ᠂ ᠦᠢᠯᠡᠳᠪᠦᠷᠢᠯᠡᠯ ᠡᠷᠭᠢᠯᠳᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠰᠣᠨᠣᠰᠴᠤ ᠪᠣᠯᠪᠠᠰᠤᠷᠠᠭᠤᠯᠬᠤ ᠥᠢᠯᠡᠳᠪᠤᠷᠢ ᠶᠢᠨ ᠮᠢᠬᠠᠨ ᠤ ᠲᠥᠷᠤᠯ ᠤᠨ ᠥᠢᠯᠡᠳᠬᠦᠨ ᠥᠢᠯᠡᠳᠪᠤᠷᠢᠯᠠᠵᠤ ᠪᠤᠯᠪᠠᠰᠤᠷᠠᠭᠤᠯᠬᠤ ᠱᠤᠭᠤᠮ ᠪᠠ ᠣᠷᠳᠣᠰ ᠨᠠᠷᠢᠨ ᠨᠣᠣᠰᠣᠲᠤ ᠬᠤᠨᠢᠨ ᠤ ᠦᠵᠡᠭᠦᠯᠦᠯᠭᠡ ᠶᠢᠨ ᠲᠢᠩᠬᠢᠮ ᠢ ᠲᠣᠭᠤᠷᠢᠨ ᠥᠵᠠᠪᠠ᠃ ᠪᠠᠶᠢᠴᠠᠭᠠᠨ ᠰᠤᠳᠤᠯᠤᠯᠲᠠ ᠶᠢᠨ ᠳᠠᠷᠠᠭ᠎ᠠ ᠤᠯᠠᠨ ᠢᠶᠠᠷ ᠢᠶᠠᠨ ᠣᠷᠳᠣᠰ ᠨᠠᠷᠢᠨ ᠨᠣᠣᠰᠣᠲᠤ ᠬᠤᠨᠢᠨ ᠤ ᠠᠵᠤ ᠥᠢᠯᠡᠰ ᠢ ᠬᠠᠮᠠᠭᠠᠯᠠᠨ ᠬᠥᠭᠵᠢᠭᠦᠯᠬᠦ᠂ ᠭᠤᠤᠯᠳᠠᠯᠭ᠎ᠠ ᠲᠠᠢ ᠲᠤᠯᠤᠭᠠᠶᠢᠯᠠᠬᠤ ᠠᠵᠤ ᠠᠬᠤᠶᠢᠯᠠᠯ ᠢ ᠬᠥᠭᠵᠢᠭᠦᠯᠬᠦ᠂ ᠠᠰᠢᠭ ᠲᠤᠰᠠ ᠶᠢᠨ ᠬᠤᠯᠪᠤᠭᠠᠳᠤ ᠲᠤᠭᠳᠠᠯᠴᠠᠭ᠎ᠠ ᠶᠢ ᠲᠠᠭᠦᠯᠳᠡᠷᠵᠢᠭᠦᠯᠭᠦ᠂ ᠪᠠᠷᠢᠮᠵᠢᠶᠠᠵᠢᠭᠤᠯᠤᠭᠰᠠᠨ ᠲᠠᠷᠢᠮᠠᠯ ᠲᠠᠵᠢᠭᠡᠪᠤᠷᠢ ᠶᠢᠨ ᠠᠵᠤ ᠥᠢᠯᠡᠰ ᠢ ᠭᠥᠭᠵᠢᠭᠦᠯᠭᠦ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠤᠯᠢᠯᠴᠠᠪᠠ᠃
     ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠣᠷᠳᠣᠰ ᠨᠠᠷᠢᠨ ᠨᠣᠣᠰᠣᠲᠤ ᠬᠤᠨᠢᠨ ᠤ ᠠᠵᠤ ᠥᠢᠯᠡᠰ ᠨᠢ 60 ᠭᠠᠷᠤᠶ ᠵᠢᠯ ᠤᠨ ᠬᠥᠭᠵᠢᠯᠲᠡ ᠪᠠᠷ ᠲᠠᠮᠵᠢᠨ ᠨᠢᠭᠡᠨᠲᠡ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠦᠨᠳᠦᠰᠦᠲᠡᠨ ᠤ ᠨᠡᠷᠡᠲᠦ ᠲᠡᠮᠳᠡᠭ ᠲᠠᠢ ᠪᠤᠯᠵᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠭᠥᠭᠵᠢᠯᠳᠠ ᠳᠤ ᠲᠣᠬᠢᠷᠠᠬᠤ ᠳᠠᠪᠠᠭᠤᠯᠢᠭ ᠠᠵᠤ ᠦᠢᠯᠡᠰ ᠪᠤᠯᠤᠭᠰᠠᠨ ᠪᠠᠶᠢᠨ᠎ᠠ᠃ ᠣᠷᠳᠣᠰ ᠨᠠᠷᠢᠨ ᠨᠣᠣᠰᠣᠲᠤ ᠬᠤᠨᠢᠨ ᠤ ᠠᠵᠤ ᠥᠢᠯᠡᠰ ᠢ ᠬᠡᠷᠬᠢᠨ ᠪᠤᠵᠠᠭᠠᠶᠢᠷᠠᠭᠤᠯᠬᠤ ᠪᠣᠯ ᠣᠳᠣᠬᠠᠨ ᠤ ᠪᠠᠴᠢᠮ ᠡᠭᠦᠷᠭᠡ ᠪᠣᠯᠤᠨ᠎ᠠ᠂ ᠵᠠᠪᠠᠯ ᠪᠦᠲᠦᠴᠡ ᠶᠢ ᠲᠤᠬᠢᠷᠠᠭᠤᠯᠬᠤ᠂ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠲᠥᠷᠭᠡᠳᠭᠡᠨ ᠪᠥᠭᠦ ᠬᠤᠳᠠ ᠶᠢᠨ ᠨᠠᠷᠢᠨ ᠨᠣᠣᠰᠣᠲᠤ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ᠴᠢᠬᠤᠯᠠᠴᠢᠯᠠᠬᠤ ᠳᠠᠭᠠᠨ᠂ ᠲᠤᠯᠤᠭᠠᠶᠢᠯᠠᠬᠤ ᠠᠵᠤ ᠠᠬᠤᠶᠢᠯᠠᠯ ᠤᠨ ᠲᠠᠶᠢᠴᠢᠯᠠᠬᠤ ᠦᠢᠯᠡᠳᠦᠯ ᠢ ᠪᠠᠳᠠᠷᠠᠭᠤᠯᠤᠨ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠠᠰᠢᠭ ᠲᠤᠰᠠ ᠶᠢᠨ ᠬᠤᠯᠪᠤᠭᠠᠳᠤ ᠲᠤᠭᠳᠠᠯᠴᠠᠭ᠎ᠠ ᠶᠢ ᠲᠡᠭᠦᠯᠳᠡᠷᠵᠢᠭᠦᠯᠤᠨ ᠤᠯᠤᠰ ᠤᠨ ᠥᠮᠴᠢᠯᠠᠯᠳᠤ ᠠᠵᠤ ᠠᠬᠤᠶᠢᠯᠠᠯ ᠤᠨ ᠬᠥᠲᠥᠯᠥᠨ ᠵᠢᠯᠣᠭᠤᠳᠬᠤ ᠦᠢᠯᠡᠳᠦᠯ ᠢ ᠪᠤᠵᠠᠭᠠᠶᠢᠷᠠᠭᠤᠯᠵᠤ ︽ᠠᠵᠤ ᠠᠬᠤᠶᠢᠯᠠᠯ + ᠨᠠᠮ ᠤᠨ ᠡᠭᠦᠷ + ᠬᠤᠷᠰᠢᠶ᠎ᠠ + ᠮᠠᠯᠴᠢᠨ ᠳᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠪᠥᠷᠢᠯᠳᠤᠭᠦᠯᠵᠤ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠠᠯ ᠢ ᠲᠠᠶᠢᠴᠢᠯᠠᠬᠤ ᠭᠡᠷᠡᠭᠳᠠᠢ᠃ ᠬᠦᠢᠲᠡᠨ ᠢᠳᠡᠭᠡᠨ ᠤ ᠪᠦᠲᠦᠭᠡᠭᠳᠡᠬᠦᠨ ᠢ ᠬᠡᠯᠬᠢᠶᠡᠵᠢᠭᠦᠯᠦᠨ ᠨᠡᠭᠡᠭᠡᠨ ᠬᠥᠭᠵᠢᠭᠦᠯᠬᠦ ᠲᠠᠯ᠎ᠠ ᠪᠠᠷ ᠰᠢᠨ᠎ᠡ ᠶᠢ ᠡᠭᠦᠳᠴᠦ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠪᠦᠲᠦᠭᠡᠭᠳᠡᠬᠦᠨ ᠢ ᠨᠠᠷᠢᠯᠢᠭᠵᠢᠭᠤᠯᠬᠤ᠂ ᠨᠡᠷᠡᠲᠦ ᠲᠡᠮᠳᠡᠭᠵᠢᠭᠦᠯᠬᠦ ᠵᠠᠮ ᠢᠶᠠᠷ ᠵᠠᠮᠨᠠᠵᠤ ᠥᠢᠯᠡᠳᠭᠦᠨ ᠤ ᠨᠡᠮᠡᠯᠲᠡ ᠥᠷᠲᠡᠭ ᠢ ᠲᠡᠭᠡᠭᠰᠢᠯᠠᠭᠦᠯᠭᠦ ᠭᠡᠷᠡᠭᠳᠠᠢ᠃ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ ᠮᠡᠷᠭᠡᠵᠢᠯ ᠤᠨ ᠲᠠᠮᠵᠢᠯᠭᠡ ᠬᠠᠩᠭᠠᠨ ᠨᠠᠷᠢᠨ ᠨᠣᠣᠰᠣᠲᠤ ᠬᠤᠨᠢᠨ ᠤ ᠠᠵᠤ ᠦᠢᠯᠡᠰ ᠢ ᠭᠥᠭᠵᠢᠭᠦᠯᠭᠦ ᠭᠡᠷᠡᠭᠳᠠᠢ᠃ ᠨᠠᠷᠢᠨ ᠨᠣᠣᠰᠣᠲᠤ ᠬᠤᠨᠢᠨ ᠤ ᠨᠣᠤᠰᠣᠨ ᠤ ᠶᠠᠰᠤ ᠴᠢᠨᠠᠷ ᠢ ᠲᠡᠭᠡᠭᠰᠢᠯᠠᠭᠦᠯᠤᠨ ᠣᠷᠳᠣᠰ ᠨᠠᠷᠢᠨ ᠨᠣᠣᠰᠣᠲᠤ ᠬᠤᠨᠢᠨ ᠤ ᠠᠵᠤ ᠦᠢᠯᠡᠰ ᠤᠨ ᠰᠣᠶᠣᠯ ᠢ ᠨᠡᠭᠡᠭᠡᠨ ᠬᠥᠭᠵᠢᠭᠦᠯᠬᠦ ᠶᠢ ᠠᠬᠢᠭᠤᠯᠵᠤ ᠨᠡᠷᠡᠲᠦ ᠲᠡᠮᠳᠡᠭᠲᠦ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ ᠥᠢᠯᠡᠳᠭᠦᠨ ᠤ ᠪᠣᠷᠣᠯᠠᠭᠤᠯᠤᠯᠲᠠ ᠶᠢᠨ ᠵᠠᠮ ᠢ ᠥᠷᠭᠡᠳᠭᠡᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号