ᠤᠷᠳᠤᠰ ᠤᠨ ᠦᠤᠰᠢᠨ ᠬᠤᠰᠢᠭᠤᠨ ᠤ 500 ᠺᠢᠯᠤᠸᠤᠯᠲ ᠤᠨ ᠴᠠᠬᠢᠯᠭᠠᠨ ᠭᠥᠷᠭᠡᠵᠤ ᠬᠦᠴᠦᠳᠡᠯ ᠬᠤᠪᠢᠰᠬᠠᠬᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠡᠭᠢᠯᠡᠪᠡ
ᠨᠡᠶᠢᠲᠡᠯᠡᠭᠰᠡᠨ ᠴᠠᠭ᠄
2020-07-01
     6 ᠰᠠᠷ᠎ᠠ ᠶᠢᠨ 29 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ 9.7 ᠳ᠋ᠦᠩᠰᠢᠭᠤᠷ ᠲᠥᠭᠦᠷᠢᠭ ᠤᠨ 500 ᠺᠢᠯᠤᠸᠤᠯᠲ ᠤᠨ ᠴᠠᠬᠢᠯᠭᠠᠨ ᠭᠥᠷᠭᠡᠵᠤ ᠬᠦᠴᠦᠳᠡᠯ ᠬᠤᠪᠢᠰᠬᠠᠬᠤ ᠢᠨᠵᠧᠨᠧᠷᠢᠩ ᠮᠠᠨ ᠤ ᠬᠤᠰᠢᠭᠤᠨ ᠤ ᠰᠥᠯᠳᠠ ᠰᠤᠮᠤᠨ ᠤ ᠭᠥᠭᠡᠮᠠᠩᠬ᠎ᠠ ᠭᠠᠴᠠᠭᠠᠨ ᠳᠤ ᠪᠠᠷᠢᠯᠭ᠎ᠠ ᠶᠢᠨ ᠠᠵᠢᠯ ᠢᠶᠠᠨ ᠡᠬᠢᠯᠡᠬᠦᠯᠪᠡ᠃
     ᠥᠪᠥᠷ ᠮᠣᠩᠭᠤᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠲᠤᠪᠴᠢᠶᠠᠨ ᠤ ᠳᠠᠷᠤᠭ᠎ᠠ ᠯᠢᠦ ᠪᠢᠨ᠂ ᠣᠷᠳᠣᠰ ᠤᠨ ᠴᠠᠬᠢᠯᠭᠠᠨ ᠦᠢᠯᠡᠰ ᠤᠨ ᠳᠡᠳ᠋ ᠳᠠᠷᠤᠭ᠎ᠠ ᠰᠦᠩ ᠼᠦᠩ ᠶᠤᠸᠠᠢ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠢᠴᠢ ᠬᠡᠷ ᠲᠡᠭᠡᠨ ᠪᠠᠶᠢᠭ᠎ᠠ ᠰᠢᠶᠠᠨ ᠤ ᠲᠠᠰ ᠤᠨ ᠤᠳᠤᠷᠢᠳᠤᠯᠭ᠎ᠠ ᠠᠵᠢᠯᠯᠠᠭᠠᠨ ᠳᠤ ᠣᠷᠣᠯᠴᠠᠨ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠥᠭᠡᠷᠡᠴᠢᠯᠡᠯᠲᠡ ᠶᠢᠨ ᠠᠵᠢᠯ ᠤᠨ ᠠᠯᠪᠠᠨ ᠭᠡᠷ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠦᠤᠰᠢᠨ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠰᠦᠯᠳᠡ ᠰᠤᠮᠤᠨ ᠤ ᠭᠤᠤᠯ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃
     ᠶᠣᠰᠣᠯᠠᠯ ᠲᠡᠭᠡᠷ᠎ᠠ ᠵᠤᠤ ᠹᠸᠢ ᠯᠤ᠋ ᠬᠤᠰᠢᠭᠤ ᠨᠠᠮ ᠤᠨ ᠬᠤᠷᠢᠶ᠎ᠠ ᠶᠢ ᠲᠥᠯᠥᠭᠡᠯᠡᠨ ᠥᠭᠡ ᠶᠠᠷᠢᠵᠤ ᠯᠢᠤ ᠪᠢᠨ ᠂ ᠰᠥᠩ ᠼᠦᠩ ᠶᠤᠸᠠᠢ ᠲᠤᠰ ᠲᠤᠰ ᠶᠠᠷᠢᠶ᠎ᠠ ᠲᠠᠯᠪᠢᠨ ᠡᠷᠳᠡᠨᠢᠪᠢᠯᠢᠭ ᠣᠷᠳᠣᠰ ᠬᠤᠳᠠ ᠶᠢᠨ ᠦᠤᠰᠢᠨ ᠬᠤᠰᠢᠭᠤᠨ ᠤ 500 ᠺᠢᠯᠤᠸᠤᠯᠲ ᠤᠨ ᠴᠠᠬᠢᠯᠭᠠᠨ ᠭᠥᠷᠭᠡᠵᠤ ᠬᠦᠴᠦᠳᠡᠯ ᠬᠤᠪᠢᠰᠬᠠᠬᠤ ᠢᠨᠵᠧᠨᠧᠷᠢᠩ ᠠᠵᠢᠯ ᠡᠭᠢᠯᠡᠭᠰᠠᠨ ᠢ ᠵᠠᠷᠯᠠᠪᠠ᠃
     ᠤᠷᠳᠤᠰ ᠬᠤᠲᠠ ᠶᠢᠨ ᠦᠤᠰᠢᠨ ᠬᠤᠰᠢᠭᠤᠨ ᠤ 500 ᠺᠢᠯᠤᠸᠤᠯᠲ ᠤᠨ ᠴᠠᠬᠢᠯᠭᠠᠨ ᠭᠥᠷᠭᠡᠵᠤ ᠬᠦᠴᠦᠳᠡᠯ ᠬᠤᠪᠢᠰᠬᠠᠬᠤ ᠢᠨᠵᠧᠨᠧᠷᠢᠩ ᠨᠢ 2018 ᠣᠨ ᠳᠤ ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠯ ᠢ ᠣᠯᠤᠭᠰᠠᠨ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠶᠢᠨ ᠭᠤᠤᠯᠳᠠᠯᠭ᠎ᠠ ᠲᠠᠢ ᠲᠥᠷᠥᠯ ᠵᠥᠢᠯ ᠪᠠᠶᠢᠵᠤ ᠣᠷᠳᠣᠰ ᠤᠨ ᠡᠮᠦᠨᠡᠲᠦ ᠬᠡᠰᠡᠭ‌‍ᠤᠨ ᠭᠠᠵᠠᠷ ᠣᠷᠣᠨ ᠤ ᠴᠠᠬᠢᠯᠭᠠᠨ ᠬᠠᠩᠭᠠᠬᠤ ᠴᠢᠳᠠᠪᠤᠷᠢ ᠬᠦᠷᠦᠯᠴᠡᠬᠦ ᠦᠭᠡᠶ ᠪᠠᠶᠢᠳᠠᠯ ᠢ ᠰᠢᠢᠳᠪᠤᠷᠢᠯᠠᠭᠦ ᠴᠢᠬᠤᠯᠠ ᠢᠨᠵᠧᠨᠧᠷᠢᠩ ᠪᠣᠯᠤᠨ᠎ᠠ᠃ ᠲᠣᠰ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ ᠮᠠᠨ ᠤ ᠬᠤᠰᠢᠭᠤᠨ ᠤ ᠴᠠᠬᠢᠯᠭᠠᠨ ᠬᠠᠩᠭᠠᠬᠤ ᠴᠢᠳᠠᠪᠤᠷᠢ ᠨᠢ ᠣᠳᠣ ᠶᠢᠨ 67 ᠲᠦᠮᠡᠨ ᠺᠢᠯᠣᠸᠠᠲ ᠠᠴᠠ 175 ᠲᠦᠮᠡᠨ ᠺᠢᠯᠣᠸᠠᠲ ᠪᠣᠯᠤᠨ ᠳᠡᠭᠡᠭᠰᠢᠯᠡᠵᠦ ᠣᠷᠳᠣᠰ ᠤᠨ ᠡᠮᠦᠨᠡᠲᠦ ᠬᠡᠰᠡᠭ ᠤᠨ ᠭᠠᠵᠠᠷ ᠣᠷᠣᠨ ᠤᠨᠴᠠᠭᠠᠶᠢᠯᠠᠨ ᠥᠥᠰᠢᠨ ᠤ ᠭᠠᠵᠠᠷ ᠣᠷᠣᠨ ᠳᠤ ᠪᠥᠷᠢᠨ ᠭᠥᠢᠴᠡᠳ ᠨᠠᠶᠢᠳᠠᠪᠤᠷᠢᠳᠠᠢ ᠴᠠᠭᠢᠯᠭᠠᠨ ᠭᠥᠴᠤ ᠬᠠᠩᠭᠠᠨ ᠤᠷᠤᠨ ᠨᠤᠳᠤᠭ ᠤᠨ ᠠᠷᠠᠯᠵᠢᠶᠠᠴᠢᠨ ᠤᠷᠢᠵᠤ ᠪᠠᠯᠡ ᠤᠷᠤᠭᠤᠯᠤᠬᠤ ᠳᠤ ᠲᠤᠯᠭᠠᠭᠤᠷᠢᠯᠠᠯ ᠪᠤᠯᠵᠤ ᠣᠷᠣᠨ ᠨᠤᠲᠤᠭ ᠤᠨ ᠠᠵᠤ ᠠᠬᠤᠶ᠂ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠰᠠᠶᠢᠳᠤᠷ ᠠᠭᠢᠭᠤᠯᠬᠤ ᠪᠤᠯᠤᠨ᠎ᠠ᠃
     ᠤᠷᠳᠤᠰ ᠤᠨ ᠦᠤᠰᠢᠨ ᠬᠤᠰᠢᠭᠤᠨ ᠤ 500 ᠺᠢᠯᠤᠸᠤᠯᠲ ᠤᠨ ᠴᠠᠬᠢᠯᠭᠠᠨ ᠭᠥᠷᠭᠡᠵᠤ ᠬᠦᠴᠦᠳᠡᠯ ᠬᠤᠪᠢᠰᠬᠠᠬᠤ ᠢᠨᠵᠧᠨᠧᠷᠢᠩ ᠤᠨ ᠶᠡᠷᠦᠩᠬᠡᠶ ᠪᠡᠯᠡ ᠣᠷᠣᠭᠤᠯᠤᠯᠲᠠ 9.7 ᠳ᠋ᠦᠩᠰᠢᠭᠤᠷ ᠲᠥᠭᠦᠷᠢᠭ ᠪᠠᠶᠢᠵᠤ 120 ᠲᠦᠮᠡᠨ ᠺᠢᠯᠤᠸᠤᠯᠲ ᠠᠮᠫᠧᠷ ᠬᠦᠴᠦᠳᠡᠯ ᠥᠭᠡᠷᠡᠴᠢᠯᠡᠭᠴᠢ ᠶᠢ 2 ᠪᠠᠶᠢᠭᠤᠯᠵᠤ 2021ᠣᠨ ᠤ 12 ᠰᠠᠷ᠎ᠠ ᠳᠤ ᠪᠠᠷᠢᠯᠭ᠎ᠠ ᠲᠠᠭᠤᠰᠬᠠᠨ ᠠᠰᠢᠭᠯᠠᠯᠲᠠ ᠳᠤ ᠤᠷᠤᠬᠤ ᠪᠠᠷ ᠪᠠᠶᠢᠵᠤ ᠮᠠᠨ ᠤ ᠬᠤᠰᠢᠭᠤᠨ ᠤ ᠰᠢᠨ᠎ᠡ ᠴᠠᠭ ᠦᠶ᠎ᠡ ᠳᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠨᠠᠩ ᠥᠷᠭᠡᠨ ᠠᠭᠤᠳᠠᠮ ᠣᠷᠣᠨ ᠵᠠᠶ ᠪᠣᠯᠤᠨ ᠬᠦᠴᠦᠲᠡᠶ ᠳᠡᠮᠵᠢᠯᠭᠡ ᠬᠠᠩᠭᠠᠬᠤ ᠪᠤᠯᠤᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号