ᠮᠠᠨ ᠤ ᠬᠤᠰᠢᠭᠤᠨ ᠤ ︽ᠠᠮᠢ ᠨᠠᠰᠤ ᠪᠠᠨ ᠬᠠᠶᠢᠷᠠᠯᠠᠵᠤ ᠡᠷᠡᠬᠦᠯ ᠡᠩᠬᠡ ᠶᠢ ᠡᠷᠬᠢᠮᠯᠠᠨ ᠠᠷᠠᠳ ᠢ ᠬᠠᠯᠠᠮᠵᠢᠯᠠᠬᠤ︾ ᠲᠤᠮᠤ ᠬᠡᠯᠪᠡᠷᠢ ᠶᠢᠨ ᠡᠮᠴᠢᠯᠡᠭᠡᠨ ᠤ ᠠᠵᠢᠯᠯᠠᠭ᠎ᠠ ᠶᠠᠪᠤᠭᠳᠠᠯ᠎ᠠ
ᠨᠡᠶᠢᠲᠡᠯᠡᠭᠰᠡᠨ ᠴᠠᠭ᠄
2020-07-01
     ᠣᠶᠢᠷ᠎ᠠ ᠳᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠡᠷᠡᠭᠦᠯ ᠮᠡᠨᠳᠦ ᠶᠢᠨ ᠤᠬᠠᠮᠰᠠᠷ ᠢ ᠲᠡᠭᠡᠭᠰᠢᠯᠡᠬᠦᠯᠵᠦ ᠡᠯ᠎ᠡ ᠲᠥᠷᠥᠯ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠢ ᠡᠷᠲᠡ ᠢᠯᠡᠷᠡᠬᠦᠯᠣᠨ ᠡᠷᠲᠡ ᠰᠡᠷᠬᠡᠶᠢᠯᠡᠵᠦ ᠡᠷᠲᠡ ᠤᠨᠤᠰᠢᠯᠠᠨ ᠡᠷᠲᠡ ᠡᠮᠨᠡᠬᠦᠯᠬᠦ ᠶᠢᠨ ᠲᠤᠰᠠᠲᠠ ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤ ᠠᠷᠠᠳ ᠤᠨ ᠡᠮᠨᠡᠯᠬᠡ ᠶᠢᠨ ᠬᠤᠷᠢᠶ᠎ᠠ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠨᠡᠶᠢᠬᠡᠮᠯᠢᠭ᠂ ᠰᠢᠷᠬᠤᠰᠤᠨ ᠪᠠᠯᠭᠠᠰᠤᠨ ᠤ ᠡᠷᠡᠭᠦᠯ ᠬᠠᠮᠠᠭᠠᠯᠠᠯ ᠲᠦᠯᠦᠪᠯᠡᠭᠡᠲᠤ ᠬᠦᠩᠬᠡᠵᠢᠯ ᠤᠨ ᠠᠯᠪᠠᠨ ᠬᠡᠷ᠂ ᠰᠢᠷᠬᠤᠰᠤᠨ ᠪᠠᠯᠭᠠᠰᠤᠨ ᠤ ᠭᠤᠤᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶ᠎ᠠ ᠬᠠᠮᠲᠤᠷᠠᠨ ︽ᠠᠮᠢ ᠨᠠᠰᠤ ᠪᠠᠨ ᠬᠠᠶᠢᠷᠠᠯᠠᠵᠤ ᠡᠷᠡᠬᠦᠯ ᠡᠩᠬᠡ ᠶᠢ ᠡᠷᠬᠢᠮᠯᠠᠨ ᠠᠷᠠᠳ ᠢ ᠬᠠᠯᠠᠮᠵᠢᠯᠠᠬᠤ︾ ᠲᠤᠮᠤ ᠬᠡᠯᠪᠡᠷᠢ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠰᠢᠷᠬᠤᠰᠤᠨ ᠪᠠᠯᠭᠠᠰᠤᠨ ᠳᠤ ᠶᠠᠪᠤᠭᠳᠠᠭᠤᠯᠤᠭᠰᠠᠨ ᠪᠠᠶᠢᠨ᠎ᠠ᠃      ᠠᠵᠢᠯᠯᠠᠭᠠᠨ ᠳᠤ᠂ ᠮᠠᠨ ᠤ ᠬᠤᠰᠢᠭᠤᠨ ᠤ ᠡᠮᠨᠡᠯᠭᠡ ᠶᠢᠨ ᠰᠢᠰᠲ᠋ᠧᠮ ᠤᠨ ᠨᠡᠷ᠎ᠡ ᠬᠦᠨᠳᠦᠲᠠᠢ ᠲᠤᠰᠬᠠᠢ ᠮᠡᠷᠬᠡᠵᠢᠯᠳᠡᠳ ᠢ ᠲᠤᠬᠠᠢ ᠶᠢᠨ ᠲᠠᠯᠠᠪᠠᠢ ᠳᠤ ᠤᠷᠢᠵᠤ ᠣᠯᠠᠨ ᠲᠦᠮᠡᠨ ᠳᠤ ᠠᠯᠪᠠᠨ ᠵᠢᠷᠤᠮ ᠤᠨ ᠡᠮᠴᠢᠯᠡᠭᠡ ᠭᠢᠯᠭᠡᠵᠤ ᠭᠤᠤᠯᠳᠠᠭᠤ ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠰᠤᠪᠢᠯᠠᠨ ᠡᠪᠡᠳᠴᠢᠨ ᠢ ᠰᠡᠷᠭᠡᠶᠢᠯᠡᠨ ᠵᠠᠰᠠᠬᠤ ᠶᠡᠷᠤ ᠶᠢᠨ ᠮᠡᠳᠡᠯᠬᠡ ᠶᠢ ᠲᠦᠭᠡᠮᠡᠯᠵᠢᠭᠦᠯᠣᠨ ᠮᠠᠲ᠋ᠧᠷᠢᠶᠠᠯ ᠲᠠᠷᠬᠠᠭᠠᠵᠦ ᠴᠢᠰᠦ᠂ ᠰᠢᠭᠡᠰᠦ᠂ ᠬᠡᠲᠤ ᠲᠤᠯᠬᠢᠶᠠᠨ ᠤ ᠪᠠᠶᠢᠴᠠᠭᠠᠯᠳᠠ ᠵᠡᠷᠭᠡ ᠶᠢ ᠦᠨ᠎ᠡ ᠲᠦᠯᠦᠪᠦᠷᠢ ᠦᠬᠡᠢ ᠭᠢᠭᠰᠡᠨ ᠪᠠᠶᠢᠨ᠎ᠠ᠃      ᠤᠶᠢᠯᠠᠭᠠᠭᠰᠠᠨ ᠢᠶᠠᠷ᠂ ᠮᠠᠨ ᠤ ᠬᠤᠰᠢᠭᠤᠨ ᠳᠤ ᠴᠢᠰᠤᠨ ᠳᠠᠷᠤᠯᠲᠠ ᠥᠨᠳᠥᠷ᠂ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠳᠡᠨ᠂ ᠰᠢᠬᠢᠷ ᠰᠢᠵᠢᠩ ᠤᠨ ᠡᠪᠡᠳᠴᠢᠳᠡᠨ ᠨᠡᠯᠢᠶᠡᠳ ᠤᠯᠠᠨ ᠲᠤᠭ᠎ᠠ ᠶᠢ ᠡᠵᠡᠯᠡᠵᠦ ᠪᠠᠶᠢᠭ᠎ᠠ ᠪᠤᠳᠠᠳᠤ ᠪᠠᠶᠢᠳᠠᠯ ᠳᠤ ᠴᠢᠭᠯᠡᠭᠦᠯᠤᠨ ᠲᠤᠰ ᠤᠳᠠᠭᠠᠨ ᠤ ᠠᠵᠢᠯᠯᠭᠠᠨ ᠢ ᠶᠠᠪᠤᠭᠳᠠᠭᠤᠯᠵᠤ ᠡᠳᠡᠭᠡᠷ ᠪᠠᠶᠢᠩᠭᠤ ᠶᠢᠨ ᠴᠢᠨᠠᠷᠳᠠᠢ ᠡᠪᠡᠳᠴᠢᠨ ᠢ ᠪᠦᠲᠦᠮᠵᠢᠳᠡᠢ ᠰᠠᠷᠭᠡᠶᠢᠯᠠᠨ ᠮᠠᠨ ᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠲᠣᠭᠲᠠᠭᠤᠨ ᠬᠦᠭᠵᠢᠯᠳᠡ ᠶᠢ ᠠᠬᠢᠭᠤᠯᠵᠤ ᠡᠪᠡᠳᠴᠢᠨ ᠡᠮᠭᠡᠭ ᠡᠬᠦᠰᠬᠦ ᠶᠢ ᠪᠦᠲᠦᠮᠵᠢᠲᠡᠶ ᠰᠡᠷᠬᠡᠶᠢᠯᠡᠨ ᠡᠵᠡᠮᠳᠡᠵᠦ ᠣᠯᠠᠨ ᠲᠦᠮᠡᠨ ᠤ ᠡᠪᠡᠳᠴᠢᠨ ᠦᠵᠡᠬᠦᠯᠬᠦ ᠡᠮᠴᠢᠯᠡᠭᠡᠨ ᠤ ᠵᠠᠷᠤᠳᠠᠯ ᠢ ᠵᠤᠬᠢᠬᠤ ᠭᠡᠮᠵᠢᠶ᠎ᠡ ᠪᠠᠷ ᠪᠠᠭᠠᠰᠬᠠᠬᠤ ᠶᠢ ᠵᠤᠷᠢᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号