6 ᠰᠠᠷ᠎ᠠ ᠶᠢᠨ 23 ᠤ ᠡᠳᠦᠷ᠂ ᠦᠪᠡᠷᠳᠡᠭᠡᠨ ᠵᠠᠰᠠᠬᠤ ᠣᠷᠣᠨ ᠤ ᠰᠦᠷᠳᠡᠬᠦᠯᠦᠯ ᠢ ᠡᠰᠡᠷᠬᠦᠴᠡᠬᠦ ᠠᠵᠢᠯ | ᠤᠨ ᠱᠠᠭᠠᠷᠳᠠᠨ ᠪᠠᠶᠢᠴᠠᠭᠠᠬᠤ ᠳᠣᠭᠤᠶᠢᠯᠠᠩ ᠦᠦᠰᠢᠨ ᠬᠤᠰᠢᠭᠤ ᠶᠢ ᠬᠢᠨᠠᠨ ᠵᠢᠯᠣᠭᠤᠳᠬᠤ ᠰᠠᠭᠤᠳᠠᠯ ᠤᠨ ᠬᠤᠷᠠᠯ | ᠬᠤᠷᠠᠯᠳᠣᠭᠰᠠᠨ ᠪᠠᠶᠢᠨ᠎ᠠ᠃ ᠦᠪᠡᠷᠳᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠳᠡᠭᠡᠭᠡᠪᠦᠷᠢ ᠶᠢᠨ ᠳᠢᠩᠬᠢᠮ ᠤᠨ | ᠨᠢᠬᠡᠳᠦᠬᠡᠷ ᠳᠡᠰ ᠤᠨ ᠳᠣᠭᠤᠷᠢᠨ ᠪᠠᠶᠢᠴᠠᠭᠠᠭᠴᠢ ᠱᠠᠭᠠᠷᠳᠠᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ ᠯᠢ ᠾᠧ | ᠫᠢᠩ᠂ ᠬᠤᠳᠠ ᠶᠢᠨ ᠳᠣᠳᠣᠭᠠᠲᠣ ᠶᠢ ᠬᠠᠮᠠᠭᠠᠯᠠᠬᠤ ᠳᠣᠪᠴᠢᠶᠠᠨ ᠤ ᠳᠡᠳ᠋ ᠳᠠᠷᠤᠭ᠎ᠠ ᠰᠦᠷᠳᠡᠬᠦᠯᠦᠯ ᠢ ᠡᠰᠡᠷᠬᠦᠴᠡᠬᠦ | ᠠᠯᠪᠠᠨ ᠬᠡᠷ ᠤᠨ ᠡᠷᠬᠢᠯᠡᠭᠴᠢ ᠶᠦᠨ ᡁᠢ ᠮᠢᠩ ᠨᠠᠷ ᠪᠤᠯᠤᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠬᠡᠰᠢᠬᠦᠨ ᠣᠬᠠᠭᠤᠯᠬᠤ ᠬᠡᠯᠳᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠳᠡᠳ᠋ ᠳᠠᠷᠤᠭ᠎ᠠ ᠳᠣᠳᠣᠭᠠᠲᠣ ᠶᠢ | ᠬᠠᠮᠠᠭᠠᠯᠠᠬᠤ ᠳᠣᠪᠴᠢᠶᠠᠨ ᠤ ᠳᠠᠷᠤᠭ᠎ᠠ ᠭᠤᠣ ᠬᠣ᠋ ᠵᠢᠴᠢ ᠮᠠᠨ ᠤ ᠬᠤᠰᠢᠭᠤᠨ ᠤ ᠰᠦᠷᠳᠡᠬᠦᠯᠦᠯ ᠢ ᠡᠰᠡᠷᠬᠦᠴᠡᠬᠦ | ᠠᠵᠢᠯ ᠤᠨ ᠣᠳᠣᠷᠢᠳᠬᠤ ᠪᠠᠭ᠎ᠠ ᠳᠣᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠣᠯ ᠬᠠᠷᠢᠭᠤᠴᠠᠯᠭᠠᠳᠠᠨ ᠬᠤᠷᠠᠯ | ᠳᠤ ᠣᠷᠣᠯᠴᠠᠪᠠ᠃ | | | | | | | ᠬᠤᠷᠠᠯ ᠳᠡᠭᠡᠷ᠎ᠡ᠂ ᠦᠪᠡᠷᠳᠡᠭᠡᠨ ᠵᠠᠰᠠᠬᠤ ᠣᠷᠣᠨ ᠤ ᠰᠦᠷᠳᠡᠬᠦᠯᠦᠯ ᠢ ᠡᠰᠡᠷᠬᠦᠴᠡᠬᠦ ᠠᠵᠢᠯ ᠢ ᠱᠠᠭᠠᠷᠳᠠᠨ | ᠪᠠᠶᠢᠴᠠᠭᠠᠬᠤ ᠳᠣᠭᠤᠶᠢᠯᠠᠩ ᠠᠴᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ | ᠣᠷᠣᠨ ᠤ ᠰᠦᠷᠳᠡᠬᠦᠯᠦᠯ ᠢ ᠡᠰᠡᠷᠬᠦᠴᠡᠬᠦ ᠠᠵᠢᠯ ᠢ ᠱᠠᠭᠠᠷᠳᠠᠨ ᠪᠠᠶᠢᠴᠠᠭᠠᠬᠤ ᠳᠣᠭᠤᠶᠢᠯᠠᠩ ᠤᠨ ᠬᠠᠮᠢᠶ᠎ᠠ ᠪᠦᠬᠦᠢ | ᠱᠠᠭᠠᠷᠳᠠᠯᠭ᠎ᠠ ᠶᠢᠨ ᠳᠣᠭᠤᠷᠢᠨ ᠳᠤ ᠳᠣᠰ ᠣᠳᠠᠭᠠᠨ ᠤ ᠢᠷᠡᠭᠰᠡᠨ ᠵᠣᠷᠢᠯᠭ᠎ᠠ ᠪᠠ ᠱᠠᠭᠠᠷᠳᠠᠨ ᠪᠠᠶᠢᠴᠠᠭᠠᠬᠤ ᠡᠳᠡᠭᠡᠳ᠂ | ᠠᠷᠭ᠎ᠠ ᠪᠠᠷᠢᠯ ᠤᠨ ᠳᠣᠬᠠᠢ ᠳᠣᠳᠣᠷᠬᠠᠶᠢᠯᠠᠬᠤ ᠶᠢᠨ ᠬᠠᠮᠲᠣ ᠮᠠᠨ ᠤ ᠬᠤᠰᠢᠭᠤᠨ ᠤ ᠰᠦᠷᠳᠡᠬᠦᠯᠦᠯ ᠢ ᠡᠰᠡᠷᠬᠦᠴᠡᠬᠦ | ᠠᠵᠢᠯ ᠢ ᠰᠠᠶᠢᠳᠣᠷ ᠬᠢᠬᠦ ᠳᠣᠬᠠᠢ ᠪᠤᠳᠠᠳᠠᠢ ᠱᠠᠭᠠᠷᠳᠠᠯᠭ᠎ᠠ ᠳᠣᠷᠠᠳᠪᠠ᠃ | ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠪᠦᠷᠢᠯᠳᠦᠬᠦᠨ ᠨᠢᠭᠡᠴᠢ ᠶᠢᠨ ᠬᠢᠨ ᠳᠣᠬᠠᠢ ᠶᠢᠨ ᠭᠠᠵᠠᠷ ᠲᠤ | ᠳᠣᠭᠤᠷᠢᠨ ᠪᠠᠶᠢᠴᠠᠭᠠᠬᠤ᠂ ᠪᠢᠴᠢᠭ ᠮᠠᠲ᠋ᠧᠷᠢᠶᠠᠯ ᠢ ᠦᠵᠡᠬᠦ ᠵᠡᠷᠭᠡ ᠠᠵᠢᠯ ᠳᠤ ᠪᠦᠬᠦ ᠬᠦᠴᠦᠨ ᠢᠶᠠᠷ | ᠬᠠᠪᠰᠣᠷᠣᠯᠴᠠᠵᠦ ᠵᠣᠬᠢᠶᠠᠨ ᠪᠠᠶᠢᠭᠤᠯᠣᠯᠳᠠ ᠶᠢᠨ ᠪᠠᠳᠣᠯᠠᠭ᠎ᠠ ᠶᠢ ᠣᠯᠠᠮ ᠨᠢᠬᠡ ᠠᠯᠬᠤᠮ ᠴᠢᠩᠭᠠᠳᠬᠠᠨ ᠠᠵᠢᠯ ᠤᠨ | ᠲᠦᠷᠢᠮᠵᠢᠯ ᠢ ᠳᠡᠬᠦᠯᠳᠡᠷᠵᠢᠬᠦᠯᠵᠦ ᠠᠵᠢᠯ ᠤᠨ ᠳᠦᠰᠦᠪ ᠢ ᠨᠠᠷᠢᠯᠢᠭᠵᠢᠭᠤᠯᠤᠨ ᠮᠠᠨ ᠤ ᠬᠤᠰᠢᠭᠤᠨ ᠤ | ᠰᠦᠷᠳᠡᠬᠦᠯᠦᠯ ᠢ ᠡᠰᠡᠷᠬᠦᠴᠡᠬᠦ ᠠᠵᠢᠯ ᠤᠨ ᠡᠯ᠎ᠡ ᠴᠢᠳᠡᠪᠬᠢ ᠶᠢ ᠳᠡᠭᠡᠭᠰᠢᠯᠡᠬᠦᠯᠵᠦ ᠪᠦᠬᠦ ᠬᠤᠰᠢᠭᠤᠨ ᠤ ᠨᠡᠶᠢᠬᠡᠮ ᠤᠨ | ᠠᠮᠣᠷ ᠳᠦᠪᠰᠢᠨ ᠡᠶ᠎ᠡ ᠵᠣᠬᠢᠴᠠᠯ ᠲᠠᠢ ᠪᠠᠶᠢᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠬᠡᠪᠡ᠃ |