︽ᠦᠨᠡᠨ︾ ᠰᠡᠳᠬᠦᠯ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ᠢ ᠨᠡᠶᠢᠳᠡᠯᠡᠪᠡ
ᠨᠡᠶᠢᠲᠡᠯᠡᠭᠰᠡᠨ ᠴᠠᠭ᠄
2020-07-01
     7 ᠰᠠᠷ᠎ᠠ ᠶᠢᠨ 1 ᠤ ᠡᠳᠤᠷ ᠬᠡᠪᠯᠡᠭᠳᠡᠬᠦ 13 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠤᠨ ᠴᠢᠬᠤᠯᠠ ᠵᠤᠬᠢᠶᠠᠯ ︽︿ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠡᠳᠤ ᠴᠡᠬᠡᠵᠢᠯᠡᠬᠦ﹀ ᠭᠤᠤᠯ ᠰᠡᠳᠤᠪᠳᠤ ᠬᠦᠮᠥᠵᠢᠯ ᠤᠨ ᠳ᠋ᠦᠩᠨᠡᠯᠳᠡ ᠶᠢᠨ ᠶᠡᠭᠡ ᠬᠤᠷᠡᠯ ᠲᠡᠬᠡᠷᠡᠬᠢ ᠶᠠᠷᠢᠶ᠎ᠠ︾ ᠶᠢ ᠨᠡᠶᠢᠳᠡᠯᠡᠪᠡ᠃      ᠵᠤᠬᠢᠶᠠᠯ ᠳᠤ᠂ ᠮᠠᠨ ᠤ ᠨᠠᠮ ᠵᠠᠭᠤᠨ ᠵᠢᠯ ᠤᠨ ᠲᠡᠤᠬᠡ ᠲᠠᠢ ᠲᠤᠮᠤ ᠨᠠᠮ ᠪᠤᠯᠤᠬᠰᠠᠠ ᠤ ᠬᠤᠪᠢ ᠳᠤ᠂ ᠠᠷᠠᠳ ᠲᠦᠮᠡᠨ ᠤ ᠬᠦᠷᠢᠶᠡᠯᠡᠯ ᠲᠡᠮᠵᠢᠯᠬᠡ ᠶᠢ ᠢᠮᠠᠬᠳᠠ ᠤᠯᠬᠤ ᠪᠠ ᠲᠤᠮᠳᠠᠳᠤ ᠶᠢᠨ ᠦᠨᠳᠦᠰᠦᠳᠡᠨ ᠤ ᠮᠢᠩᠭᠠᠨ ᠤᠨ ᠤ ᠠᠭᠤᠤ ᠦᠢᠯᠡᠰ ᠢ ᠪᠢᠴᠢᠭᠯᠡᠬᠦ ᠳᠤ ᠡᠷᠬᠡᠪᠰᠢ ᠤᠭ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠠᠨ ᠢᠮᠠᠬᠳᠠ ᠪᠠᠳᠤ ᠴᠡᠬᠡᠵᠢᠯᠡᠵᠥ᠂ ᠨᠠᠮ‌‍ᠤᠨ ᠲᠡᠷᠢᠬᠦᠨ ᠤ ᠴᠢᠨᠡᠷ ᠢ ᠪᠠᠭᠤᠷᠠᠭᠤᠯᠬᠤ᠂ ᠨᠠᠮ ᠤᠨ ᠴᠡᠪᠡᠷ ᠴᠢᠨᠡᠷ ᠢ ᠬᠤᠬᠢᠷᠠᠭᠤᠯᠬᠤ ᠠᠯᠢᠪᠠ ᠬᠦᠴᠦᠨ ᠵᠦᠢᠯ ᠢ ᠡᠷᠡᠰ ᠠᠷᠢᠯᠭᠠᠨ᠂ ᠨᠠᠮ ᠤᠨ ᠪᠡᠶ᠎ᠡ ᠴᠤᠬᠴᠠᠰ ᠲᠡᠭᠡᠷ᠎ᠡ ᠤᠷᠭᠤᠬᠰᠠᠠ ᠠᠯᠢᠪᠡ ᠬᠤᠤᠷᠳᠤ ᠬᠠᠪᠤᠳᠠᠷ ᠢ ᠡᠷᠡᠰ ᠠᠷᠢᠯᠭᠠᠵᠥ᠂ ᠤᠭ ᠰᠠᠨᠠᠭ᠎ᠠ ᠡᠬᠦᠷᠬᠡ ᠬᠠᠷᠢᠭᠤᠴᠠᠯᠭ᠎ᠠ ᠠᠴᠠ ᠲᠡᠷᠰᠯᠡᠬᠦ᠂ ᠨᠠᠮ ᠤᠨ ᠰᠠᠭᠤᠷᠢ ᠶᠢ ᠭᠤᠶᠢᠪᠢᠯᠵᠠᠭᠤᠯᠬᠤ ᠠᠯᠢᠪᠠ ᠠᠶᠤᠯ ᠲᠦᠭᠰᠢᠬᠦᠷᠢ‌‍ᠶᠢ ᠡᠷᠡᠰ ᠰᠡᠷᠬᠡᠶᠢᠯᠡᠬᠦ ᠬᠡᠷᠡᠭᠳᠡᠢ ᠬᠡᠵᠥ ᠴᠢᠬᠤᠯᠠᠴᠢᠯᠠᠪᠠ᠃      ᠵᠤᠬᠢᠶᠠᠯ ᠳᠤ᠂ ᠡᠨᠡ ᠤᠳᠠᠭ᠎ᠠ ᠶᠢᠨ ᠭᠤᠤᠯ ᠰᠡᠳᠤᠪᠳᠤ ᠬᠦᠮᠥᠵᠢᠯ ᠪᠤᠯ ᠰᠢᠨ᠎ᠡ ᠴᠠᠭ ᠦᠶ᠎ᠡ ᠳᠤ ᠨᠠᠮ ᠤᠨ ᠦᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠬᠦᠨᠵᠡᠬᠡᠶᠢᠷᠡᠬᠦᠯᠬᠦ᠂ ᠪᠦᠬᠦ ᠲᠡᠯ᠎ᠡ ᠪᠠᠷ ᠨᠠᠮ ᠢ ᠴᠢᠩᠭ᠎ᠠ ᠵᠠᠰᠠᠬᠤ ᠶᠢᠨ ᠬᠦᠨᠵᠡᠬᠡᠶᠢᠷᠡᠨ ᠬᠦᠭᠵᠢᠬᠦ ᠶᠢ ᠠᠬᠢᠭᠤᠯᠬᠤ ᠠᠮᠢᠳᠤᠯᠢᠭ ᠦᠢᠯᠡᠳᠦᠯᠬᠡ ᠪᠤᠯᠤᠨ᠎ᠠ᠂ ᠡᠨᠡ ᠬᠦ ᠠᠮᠢᠲᠤᠯᠢᠭ ᠦᠢᠯᠡᠳᠦᠯᠭᠡ ᠨᠢ ᠪᠦᠬᠦ ᠨᠠᠮ ᠤᠨ ᠦᠵᠡᠯ ᠰᠠᠨᠠᠭᠠᠨ ᠤ ᠨᠢᠬᠡᠳᠤᠯ᠂ ᠤᠯᠤᠰ ᠲᠦᠷᠦ ᠶᠢᠨ ᠪᠦᠯᠬᠦᠮᠳᠡᠯ᠂ ᠦᠢᠯᠡ ᠠᠵᠢᠯᠯᠠᠭ᠎ᠠ ᠶᠢᠨ ᠨᠢᠬᠡᠳᠤᠯ ᠢ ᠠᠬᠢᠭᠤᠯᠵᠥ᠂ ᠮᠠᠨ ᠤ ᠨᠠᠮ ᠤᠨ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠲᠦ ᠶᠢ ᠶᠡᠷᠤᠩᠬᠡᠶᠢᠯᠡᠨ ᠵᠠᠬᠢᠷᠬᠤ ᠪᠠ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠳᠤ ᠦᠵᠡᠯ ᠰᠠᠨᠠᠭ᠎ᠠ᠂ ᠤᠯᠤᠰ ᠲᠦᠷᠦ᠂ ᠵᠤᠬᠢᠶᠠᠨ ᠪᠠᠶᠢᠭᠤᠯᠤᠯᠳᠠ ᠪᠤᠯᠤᠨ ᠤᠪᠤᠷ ᠰᠤᠷᠳᠠᠯ ᠤᠨ ᠲᠡᠯ᠎ᠡ ᠪᠠᠷ ᠬᠦᠴᠦᠳᠠᠢ ᠲᠠᠶᠢᠴᠢᠯᠠᠯᠳᠡ ᠬᠢᠵᠥ᠂ ᠴᠢᠬᠤᠯᠠ ᠶᠡᠭᠡ ᠪᠤᠳᠠᠳᠤ ᠠᠴᠢ ᠬᠤᠯᠪᠤᠭᠳᠠᠯ ᠪᠠ ᠠᠯᠤᠰ ᠬᠡᠳᠤ ᠶᠢᠨ ᠲᠡᠤᠬᠡᠨ ᠨᠦᠯᠥᠬᠡ ᠲᠠᠢ ᠪᠤᠯᠤᠭᠰᠠᠠ ᠪᠠᠶᠢᠨ᠎ᠠ ᠬᠡᠵᠥ ᠵᠢᠭᠠᠵᠥ ᠭᠠᠷᠭᠠᠪᠠ᠃      ᠵᠤᠬᠢᠶᠠᠯ ᠳᠤ᠂ ᠡᠨᠡ ᠤᠳᠠᠭ᠎ᠠ ᠶᠢᠨ ᠭᠤᠤᠯ ᠰᠡᠳᠤᠪᠳᠤ ᠬᠦᠮᠥᠵᠢᠯ ᠨᠢ ᠦᠩᠬᠡᠷᠡᠭᠰᠡᠡ ᠤ ᠤᠳᠠᠭ᠎ᠠ ᠪᠦ᠋ᠷᠢ ᠶᠢᠨ ᠦᠷᠨᠢᠬᠦᠯᠦᠭᠰᠡᠡ ᠨᠠᠮ ᠤᠨ ᠲᠤᠲᠤᠭᠠᠲᠦ ᠶᠢᠨ ᠲᠦᠪᠯᠡᠷᠡᠩᠬᠦᠢ ᠬᠦᠮᠥᠵᠢᠯ ᠤᠨ ᠲᠤᠷᠰᠢᠯᠭ᠎ᠠ ᠶᠢ ᠳ᠋ᠦᠩᠨᠡᠵᠥ᠂ ᠰᠢᠨ᠎ᠡ ᠴᠠᠭ ᠦᠶ᠎ᠡ ᠳᠤ ᠨᠠᠮ ᠤᠨ ᠲᠤᠳᠤᠭᠠᠳᠤ ᠳᠤ ᠲᠦᠪᠯᠡᠷᠡᠩᠭᠦᠢ ᠬᠦᠮᠥᠵᠢᠯ ᠦᠷᠨᠢᠬᠦᠯᠬᠦ ᠳᠤ ᠰᠢᠨ᠎ᠡ ᠰᠦᠪᠡᠭᠴᠢᠯᠡᠯᠳᠡ ᠬᠢᠵᠥ᠂ ᠰᠢᠨ᠎ᠡ ᠲᠤᠷᠰᠢᠯᠭ᠎ᠠ ᠬᠤᠷᠡᠮᠳᠤᠭᠤᠯᠵᠠᠢ᠃ ᠨᠢᠬᠡ ᠳᠤ᠂ ᠭᠤᠤᠯ ᠰᠡᠳᠤᠪ ᠲᠤ ᠠᠩᠬᠠᠷᠤᠯ ᠢᠶᠠᠨ ᠲᠦᠪᠯᠡᠷᠡᠬᠦᠯᠵᠥ᠂ ᠭᠤᠤᠯ ᠰᠢᠵᠢᠮ ᠢ ᠡᠵᠡᠮᠳᠡᠪᠡ᠃ ᠬᠤᠶᠠᠷ ᠲᠤ᠂ ᠲᠡᠬᠡᠷ᠎ᠡ ᠱᠠᠳᠤ ᠨᠢ ᠲᠤᠤᠷ᠎ᠠ ᠱᠠᠳᠤ ᠪᠠᠨ ᠲᠠᠭᠠᠭᠤᠯᠵᠥ᠂ ᠵᠢᠱᠢᠶ᠎ᠡ ᠦᠵᠡᠬᠦᠯᠥᠨ ᠲᠠᠶᠢᠴᠢᠯᠠᠪᠠ᠃ ᠭᠤᠷᠪᠠ ᠳᠤ᠂ ᠤᠷᠭᠠᠨᠢᠭ ᠢᠶᠠᠷ ᠠᠭᠤᠰᠤᠯᠴᠠᠭᠤᠯᠵᠥ᠂ ᠨᠢᠬᠡ ᠴᠤᠭᠴᠠᠵᠢᠭᠤᠯᠤᠨ ᠠᠬᠢᠭᠤᠯᠪᠠ᠃ ᠲᠦᠷᠪᠡ ᠳᠤ᠂ ᠠᠰᠠᠭᠤᠳᠠᠯ ᠢ ᠠᠳᠬᠤᠵᠤ᠂ ᠤᠨᠤᠴᠠᠳᠠᠢ ᠪᠠᠷ ᠴᠡᠭᠴᠡᠯᠡᠨ ᠰᠠᠶᠢᠵᠢᠷᠠᠭᠤᠯᠪᠠ᠃ ᠲᠠᠪᠤ ᠳᠤ᠂ ᠴᠢᠩᠭ᠎ᠠ ᠬᠢᠨᠠᠯᠳᠠ ᠲᠠᠯᠪᠢᠨ ᠪᠤᠳᠠᠳᠠᠢ ᠵᠢᠯᠤᠭᠤᠳᠴᠦ᠂ ᠲᠤᠲᠤᠨᠡᠬᠢ ᠭᠠᠲᠠᠨᠠᠬᠢ ᠶᠢᠨ ᠬᠢᠨ ᠬᠠᠮᠳᠤ ᠪᠠᠷ ᠬᠦᠴᠦᠯᠡᠪᠡ᠃ ᠵᠢᠷᠭᠤᠭ᠎ᠠ ᠳᠤ᠂ ᠬᠤᠲᠠᠯ ᠬᠠᠭᠤᠷᠮᠠᠭ ᠢ ᠴᠢᠩᠭ᠎ᠠ ᠴᠡᠬᠡᠷᠯᠡᠵᠥ᠂ ᠦᠨᠡᠨ ᠪᠤᠳᠠᠳᠠᠢ ᠦᠷ᠎ᠡ ᠪᠦᠳᠦᠮᠵᠢ ᠭᠠᠷᠭᠠᠬᠤ ᠶᠢ ᠡᠷᠬᠢᠮᠯᠡᠪᠡ᠃ ᠠᠮᠵᠢᠯᠳᠡ ᠪᠠᠨ ᠬᠦᠢᠴᠡᠳ ᠨᠤᠳᠠᠯᠠᠬᠤ ᠶᠢᠨ ᠵᠡᠷᠬᠡ ᠪᠠᠷ ᠤᠷᠤᠰᠢᠵᠥ ᠪᠠᠶᠢᠭ᠎ᠠ ᠠᠰᠠᠭᠤᠳᠠᠯ ᠢᠶᠠᠨ ᠴᠦ ᠰᠡᠷᠬᠡᠭ ᠢᠶᠠᠷ ᠲᠠᠨᠢᠵᠤ᠂ ᠰᠠᠶᠢᠨ ᠢᠶᠠᠷ ᠡᠬᠢᠯᠡᠬᠦᠯᠵᠥ ᠰᠠᠶᠢᠨ ᠢᠶᠠᠷ ᠲᠠᠭᠤᠰᠬᠠᠨ ᠴᠢᠳᠠᠮᠠᠭᠠᠢ ᠠᠵᠢᠯᠯᠠᠨ ᠦᠷ᠎ᠡ ᠪᠦᠳᠦᠮᠵᠢ ᠭᠠᠷᠭᠠᠵᠥ᠂ ᠪᠦᠬᠦ ᠲᠡᠯ᠎ᠡ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠦᠨᠡᠨ ᠬᠦ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠵᠤᠬᠢᠶᠠᠯ ᠳᠤ᠂ ᠤᠳᠤ ᠶᠢᠨ ᠲᠡᠯᠡᠬᠡᠢ ᠶᠢᠷᠳᠢᠨᠴᠦ ᠶᠠᠭ ᠵᠠᠭᠤᠨ ᠵᠢᠯ ᠳᠤ ᠲᠤᠬᠢᠶᠠᠯᠳᠤᠭ᠎ᠠ ᠦᠬᠡᠢ ᠶᠡᠭᠡ ᠬᠤᠪᠢᠰᠤᠯᠳᠡ ᠶᠢ ᠦᠩᠬᠡᠷᠡᠬᠡᠵᠥ ᠪᠤᠢ᠂ ᠮᠠᠨ ᠤ ᠤᠯᠤᠰ ᠶᠠᠭ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠵᠠᠩᠬᠢᠯᠠᠭ᠎ᠠ ᠶᠢᠨ ᠬᠤᠭᠤᠴᠠᠭᠠᠨ ᠳᠤ ᠤᠷᠤᠰᠢᠵᠥ᠂ ᠮᠠᠨ ᠤ ᠨᠠᠮ ᠶᠠᠭ ᠠᠷᠠᠳ ᠲᠦᠮᠡᠨ ᠢ ᠲᠠᠭᠠᠭᠤᠯᠤᠨ ᠮᠠᠰᠢ ᠤᠯᠠᠨ ᠲᠡᠤᠬᠡ ᠶᠢᠨ ᠤᠨᠴᠠᠯᠢᠭ ᠲᠠᠢ ᠠᠭᠤᠤ ᠶᠡᠭᠡ ᠲᠡᠮᠡᠴᠡᠯ ᠢ ᠬᠢᠵᠥ ᠪᠠᠶᠢᠨ᠎ᠠ᠂ ᠪᠠᠶᠢᠳᠠᠯ ᠤᠷᠴᠢᠨ ᠲᠤᠭᠤᠷᠢᠨ ᠤ ᠬᠤᠪᠢᠷᠡᠯᠳᠡ ᠶᠢᠨ ᠲᠦᠷᠬᠡᠨ᠂ ᠦᠬᠡᠷᠡᠴᠢᠯᠡᠯᠳᠡ ᠬᠦᠭᠵᠢᠯᠳᠡ ᠲᠤᠭᠳᠠᠭᠤᠨ ᠤ ᠡᠬᠦᠷᠬᠡ ᠶᠢᠨ ᠬᠦᠨᠳᠤ᠂ ᠵᠦᠷᠢᠴᠡᠯ ᠠᠶᠤᠯ ᠲᠦᠭᠰᠢᠬᠦᠷᠢ ᠦᠷᠢᠰᠦᠯᠳᠦᠬᠡᠨ ᠤ ᠤᠯᠠᠨ᠂ ᠮᠠᠨ ᠤ ᠨᠠᠮ ᠤᠨ ᠲᠦᠷᠦ ᠶᠢ ᠵᠠᠰᠠᠵᠥ ᠵᠠᠰᠠᠭ ᠢ ᠡᠷᠬᠢᠯᠡᠬᠦ ᠰᠢᠯᠭᠠᠯᠳᠠ ᠶᠢᠨ ᠶᠡᠭᠡ ᠨᠢ ᠤᠷᠢᠳ ᠡᠮᠤᠨ᠎ᠡ ᠪᠠᠶᠢᠭ᠎ᠠ ᠦᠭᠡᠢ ᠶᠤᠮ ᠬᠡᠵᠥ ᠵᠢᠭᠠᠵᠥ ᠭᠠᠷᠭᠠᠪᠠ᠃      ᠵᠤᠬᠢᠶᠠᠯ ᠳᠤ᠂ ᠪᠦᠬᠦ ᠨᠠᠮ ᠢᠶᠠᠷ ᠢᠶᠠᠨ ᠡᠨᠡ ᠤᠳᠠᠭ᠎ᠠ ᠶᠢᠨ ᠭᠤᠤᠯ ᠰᠡᠳᠤᠪᠳᠤ ᠬᠦᠮᠥᠵᠢᠯ ᠢᠶᠠᠷ ᠰᠢᠨ᠎ᠡ ᠭᠠᠷᠤᠭ᠎ᠠ ᠪᠠᠨ ᠪᠤᠯᠭᠠᠨ᠂ ᠨᠠᠮ ᠤᠨ ᠦᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠲᠠᠰᠤᠷᠡᠯᠳᠡ ᠦᠭᠡᠢ ᠬᠦᠨᠵᠡᠬᠡᠶᠢᠷᠡᠬᠦᠯᠵᠥ᠂ ᠪᠦᠬᠦ ᠨᠠᠮ ᠤᠨ ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠡᠳᠤ ᠴᠡᠭᠡᠵᠢᠯᠡᠬᠦ ᠶᠢ ᠦᠷᠬᠦᠯᠵᠢᠯᠡᠨ ᠠᠬᠢᠭᠤᠯᠬᠤ ᠬᠡᠷᠡᠭᠳᠡᠢ᠃ ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠡᠳᠤ ᠴᠡᠬᠡᠵᠢᠯᠡᠬᠦ ᠶᠢ ᠡᠷᠬᠡᠪᠰᠢ ᠨᠠᠮ‌‍ᠤᠨ ᠪᠠᠶᠢᠭᠤᠯᠤᠯᠳᠠ ᠶᠢ ᠴᠢᠩᠭᠠᠳᠬᠠᠬᠤ ᠦᠨᠢᠳᠡ ᠶᠢᠨ ᠰᠡᠳᠤᠪ ᠪᠠ ᠪᠦᠬᠦ ᠨᠠᠮ ᠤᠨ ᠬᠡᠰᠢᠬᠦᠨ᠂ ᠺᠠᠳ᠋ᠷ ᠤᠨ ᠨᠠᠰᠤᠨ ᠲᠤᠷᠰᠢᠳᠡ ᠶᠢᠨ ᠰᠡᠳᠤᠪ ᠪᠤᠯᠭᠠᠨ ᠪᠠᠶᠢᠩᠭᠤ ᠠᠳᠬᠤᠵᠤ ᠴᠦᠬᠦᠷᠡᠰᠢ ᠦᠭᠡᠢ ᠠᠳᠬᠤᠬᠤ ᠬᠡᠷᠡᠭᠳᠡᠢ︔ ᠡᠷᠬᠡᠪᠰᠢ ᠮᠠᠷᠺᠰ ᠤᠨ ᠦᠵᠡᠯ ᠤᠨ ᠲᠤᠮᠳᠠᠳᠤ ᠤᠯᠤᠰᠴᠢᠯᠠᠬᠰᠠᠠ ᠬᠠᠮᠤᠭ ᠤᠨ ᠰᠢᠨ᠎ᠡ ᠦᠷ᠎ᠡ ᠪᠦᠳᠦᠬᠡᠯ ᠢᠶᠠᠷ ᠦᠵᠡᠯ ᠰᠠᠨᠠᠭ᠎ᠠ ᠪᠠᠨ ᠨᠢᠬᠡᠳᠬᠡᠵᠥ᠂ ᠰᠠᠨᠠᠭ᠎ᠠ ᠵᠤᠷᠢᠯᠳᠡ ᠪᠠᠨ ᠨᠢᠬᠡᠳᠬᠡᠨ ᠂ ᠦᠢᠯᠡ ᠠᠵᠢᠯᠯᠠᠭ᠎ᠠ ᠪᠠᠨ ᠨᠢᠬᠡᠳᠬᠡᠬᠦ ᠬᠡᠷᠡᠭᠳᠡᠢ︔ ᠠᠰᠠᠭᠤᠳᠠᠯ ᠳᠤ ᠵᠦᠪ ᠢᠶᠠᠷ ᠬᠠᠨᠳᠤᠬᠤ ᠰᠦᠰᠦ ᠵᠤᠷᠢᠭ ᠪᠤᠯᠤᠨ ᠬᠢᠳᠤᠭᠠᠨ ᠢᠷ ᠢ ᠲᠤᠳᠤᠬᠰᠢ ᠬᠠᠨᠳᠤᠭᠤᠯᠬᠤ ᠤᠬᠠᠮᠰᠠᠷ ᠢᠶᠠᠷ ᠨᠠᠮ ᠤᠨ ᠦᠪᠡᠷ ᠤᠨ ᠪᠡᠶ᠎ᠡ ᠶᠢᠨ ᠬᠤᠪᠢᠰᠬᠠᠯ ᠢ ᠲᠠᠰᠤᠷᠠᠯᠳᠡ ᠦᠬᠡᠢ ᠠᠬᠢᠭᠤᠯᠬᠤ ᠬᠡᠷᠡᠭᠳᠡᠢ︔ ᠡᠷᠬᠡᠪᠰᠢ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠥ᠂ ᠵᠤᠷᠢᠬᠳᠡᠢ ᠪᠠᠷ ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠡᠶᠢᠯᠭ᠎ᠠ ᠭᠠᠷᠭᠠᠬᠤ ᠬᠡᠷᠡᠭᠳᠡᠢ︔ ᠡᠷᠬᠡᠪᠰᠢ ᠨᠠᠮ ᠤᠨ ᠲᠤᠳᠤᠭᠠᠳᠤ ᠶᠢᠨ ᠲᠦᠷᠢᠮ ᠢ ᠲᠡᠬᠦᠯᠳᠡᠷᠵᠢᠬᠦᠯᠥᠨ ᠬᠦᠭᠵᠢᠬᠦᠯᠵᠥ᠂ ᠤᠷᠳᠤ ᠬᠤᠭᠤᠴᠠᠭᠠᠨ ᠤ ᠪᠦᠳᠦᠮᠵᠢᠳᠡᠢ ᠲᠤᠭᠳᠠᠴᠠ ᠶᠢ ᠪᠦᠷᠢᠯᠳᠦᠬᠦᠯᠬᠦ ᠬᠡᠷᠡᠭᠳᠡᠢ︔ ᠡᠷᠬᠡᠪᠰᠢ ᠤᠳᠤᠷᠢᠳᠬᠤ ᠪᠠᠶᠢᠭᠤᠯᠭ᠎ᠠ ᠪᠤᠯᠤᠨ ᠤᠳᠤᠷᠢᠳᠬᠤ ᠺᠠᠳ᠋ᠷ ᠲᠦᠷᠦᠬᠦᠯᠡᠨ ᠬᠢᠬᠦ ᠶᠢ ᠪᠠᠷᠢᠮᠳᠠᠯᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠵᠤᠬᠢᠶᠠᠯ ᠳᠤ᠂ ᠪᠠᠶᠢᠳᠠᠯ ᠬᠡᠳᠤᠢ ᠬᠦᠨᠳᠤ ᠨᠤᠴᠢᠳᠠᠢ ᠨᠠᠷᠢᠨ ᠪᠤᠳᠤᠯᠢᠶᠠᠨᠳᠠᠢ ᠪᠤᠯᠬᠤ ᠲᠤᠳᠤᠮ ᠤᠳᠤᠷᠢᠳᠬᠤ ᠪᠠᠶᠢᠭᠤᠯᠭ᠎ᠠ ᠪᠤᠯᠤᠨ ᠤᠳᠤᠷᠢᠳᠬᠤ ᠺᠠᠳ᠋ᠷᠴᠤᠳ ᠤᠯᠠᠮ ᠲᠤᠭᠳᠠᠯ ᠬᠦᠴᠦ ᠪᠠᠨ ᠪᠠᠳᠤᠯᠠᠵᠥ ᠴᠤᠴᠠᠯᠳᠠ ᠦᠬᠡᠢ ᠤᠷᠤᠬᠰᠢᠯᠠᠬᠤ ᠬᠡᠷᠡᠭᠲᠡᠢ᠂ ᠡᠬᠦᠷᠬᠡ ᠬᠡᠳᠤᠢ ᠬᠠᠳᠠᠭᠤᠵᠢᠯᠳᠠᠢ ᠬᠦᠨᠳᠤ ᠨᠦᠰᠡᠷ ᠪᠤᠯᠬᠤ ᠲᠤᠳᠤᠮ ᠤᠳᠤᠷᠢᠳᠬᠤ ᠪᠠᠶᠢᠭᠤᠯᠭ᠎ᠠ ᠪᠤᠯᠤᠨ ᠤᠳᠤᠷᠢᠳᠬᠤ ᠺᠠᠳ᠋ᠷᠴᠤᠳ ᠤᠯᠠᠮ ᠵᠤᠷᠢᠬᠳᠡᠢ ᠪᠠᠷ ᠲᠦᠷᠦᠬᠦᠯᠡᠨ ᠤᠷᠤᠵᠤ ᠪᠤᠳᠠᠳᠠᠢ ᠠᠵᠢᠯᠯᠠᠨ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃ ᠡᠯ᠎ᠡ ᠱᠠᠳᠤᠨ ᠤ ᠤᠳᠤᠷᠢᠳᠬᠤ ᠪᠠᠶᠢᠭᠤᠯᠭ᠎ᠠ ᠪᠤᠯᠤᠨ ᠤᠳᠤᠷᠢᠳᠬᠤ ᠺᠠᠳ᠋ᠷᠴᠤᠳ ᠲᠦᠷᠦᠬᠦᠯᠡᠨ ︽ᠲᠦᠷᠪᠡᠨ ᠤᠬᠠᠮᠰᠠᠷ︾ ᠢᠶᠠᠨ ᠴᠢᠩᠭᠠᠳᠬᠠᠨ ︽ᠲᠦᠷᠪᠡᠨ ᠢᠳᠡᠬᠡᠯ︾ ᠢᠶᠠᠨ ᠪᠠᠳᠤᠳᠬᠠᠵᠥ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠥ᠂ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠥᠨ ᠲᠠᠶᠢᠴᠢᠯᠠᠵᠥ ᠤᠷᠤᠭᠰᠢᠯᠠᠯᠳᠠ ᠶᠢᠨ ᠵᠠᠮ ᠲᠡᠬᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠢ ᠵᠤᠷᠢᠬᠳᠡᠢ ᠪᠠᠷ ᠢᠯᠠᠨ ᠲᠠᠪᠠᠭ᠋ᠤ ᠬᠡᠷᠡᠭᠳᠡᠢ ᠬᠡᠵᠥ ᠴᠢᠬᠤᠯᠠᠴᠢᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号