ᠴᠠᠮᠬᠠᠭ ᠤᠨ ᠣᠪᠤᠭᠠᠨ ᠲᠠᠬᠢᠯᠭ᠎ᠠ ᠪᠤᠯᠤᠯ᠎ᠠ
ᠨᠡᠶᠢᠲᠡᠯᠡᠭᠰᠡᠨ ᠴᠠᠭ᠄
2020-07-10
     ᠤᠷᠳᠤᠰᠴᠤᠳ ᠤᠷᠳᠤᠰ ᠲᠤᠭᠠᠯᠠᠯ ᠤᠨ ᠨᠡᠢᠮᠠᠨ ᠰᠠᠷ᠎ᠠ ᠶᠢᠨ ᠠᠷᠪᠠᠨ ᠭᠤᠷᠪᠠᠨ ᠳᠤ ᠤᠪᠣᠭ᠎ᠠ ᠤᠷᠣᠳ ᠢᠶᠠᠨ ᠲᠠᠶᠢᠵᠦ ᠲᠠᠬᠢᠳᠠᠭ ᠤᠯᠠᠮᠵᠢᠯᠠᠯ ᠲᠠᠢ ᠪᠠᠶᠢᠳᠠᠭ᠃ ᠡᠨᠡ ᠡᠳᠤᠷ ᠰᠦᠯᠳᠡ ᠰᠤᠮᠤᠨ ᠤ ᠴᠠᠮᠬᠠᠭ ᠭᠠᠴᠠᠭᠠᠨ ᠳᠠᠬᠢ ᠴᠠᠮᠬᠠᠭ ᠤᠨ ᠣᠪᠤᠭᠠᠨ ᠲᠠᠬᠢᠯᠭ᠎ᠠ ᠶᠠᠪᠤᠭᠳᠠᠵᠤ ᠤᠶᠢᠷ᠎ᠠ ᠬᠠᠪᠢ ᠶᠢᠨ ᠮᠠᠯᠴᠢᠳ ᠬᠦᠷᠦᠯᠴᠡᠨ ᠢᠷᠡᠵᠦ ᠰᠦᠵᠦᠭᠯᠡᠨ ᠮᠦᠷᠭᠦᠯ᠎ᠡ᠃      ᠦᠷᠯᠥᠭᠡ ᠡᠷᠳᠡᠯᠡᠨ ᠣᠪᠤᠭᠠᠨ ᠲᠠᠭᠠᠭᠠᠮᠠᠯ ᠤᠳ ᠠᠴᠠ ᠤᠪᠣᠭ᠎ᠠ ᠪᠠᠨ ᠵᠠᠰᠠᠨ ᠴᠢᠮᠡᠵᠦ ᠣᠪᠤᠭᠠᠨ ᠲᠠᠬᠢᠯᠭ᠎ᠠ ᠶᠢ ᠤᠯᠠᠮᠵᠢᠯᠠᠯᠳᠤ ᠠᠷᠭ᠎ᠠ ᠪᠠᠷ ᠲᠠᠶᠢᠵᠦ ᠲᠠᠬᠢᠨ ᠨᠤᠳᠤᠭ ᠤᠨ ᠰᠦᠵᠦᠭᠳᠡᠨ ᠮᠦᠷᠭᠦᠯᠴᠢᠨ ᠬᠤᠷ᠎ᠠ ᠪᠤᠷᠤᠭᠠᠨ ᠡᠯᠪᠡᠭ ᠲᠡᠯᠪᠡᠭ᠂ ᠡᠪᠡᠳᠴᠢᠨ ᠲᠠᠬᠤᠯ ᠦᠭᠡᠢ ᠪᠠᠶᠢᠬᠤ ᠪᠠᠨ ᠲᠠᠭᠠᠳᠬᠠᠨ ᠵᠠᠯᠪᠢᠷᠠᠯ᠎ᠠ᠃      ᠣᠪᠤᠭᠠᠨ ᠲᠠᠭᠠᠭᠠᠮᠠᠯ ᠡᠷᠳᠡᠨᠢᠰᠡᠩ᠄ ︽ᠮᠠᠨ ᠤ ᠮᠠᠯᠴᠢᠳ ᠡᠨᠡ ᠣᠪᠤᠭᠠᠨ ᠳᠤ ᠪᠠᠨ ᠬᠤᠷ᠎ᠠ ᠪᠤᠷᠤᠭᠠᠨ ᠬᠠᠶᠢᠷᠠᠯᠠᠵᠤ ᠬᠢᠵᠢᠭ ᠡᠪᠡᠳᠴᠢᠨ ᠡᠷᠲᠠ ᠨᠢᠭᠡᠨ ᠡᠳᠤᠷ ᠠᠷᠢᠯᠳᠤᠭᠠᠢ ᠭᠡᠵᠦ ᠰᠦᠵᠦᠭᠯᠡᠵᠦ ᠮᠦᠷᠭᠦᠵᠦ ᠪᠠᠶᠢᠨ᠎ᠠ︾ ᠭᠡᠪᠡ᠃      ᠡᠨᠡ ᠵᠢᠯ ᠬᠢᠵᠢᠭ ᠡᠪᠡᠳᠴᠢᠨ ᠤ ᠨᠦᠯᠦᠬᠡᠯᠡᠯ ᠠᠴᠠ ᠪᠤᠯᠵᠤ ᠴᠠᠮᠬᠠᠭ ᠤᠨ ᠣᠪᠤᠭᠠᠨ ᠲᠠᠬᠢᠯᠭ᠎ᠠ ᠳᠤ ᠡᠷ᠎ᠡ ᠶᠢᠨ ᠭᠤᠷᠪᠠᠨ ᠨᠠᠭᠠᠳᠤᠮ ᠢ ᠪᠠᠭᠳᠠᠭᠠᠰᠠᠨ ᠡᠯ᠎ᠡ ᠵᠦᠢᠯ ᠤᠨ ᠤᠷᠤᠯᠳᠤᠭᠠᠨ ᠢ ᠦᠷᠨᠢᠭᠦᠯᠦᠭᠰᠡᠨ ᠦᠭᠡᠢ ᠪᠤᠯᠪᠠᠴᠤ ᠤᠶᠢᠷ᠎ᠠ ᠬᠠᠪᠢ ᠶᠢᠨ ᠮᠠᠯᠴᠢᠳ ᠰᠦᠵᠦᠭ ᠪᠢᠰᠢᠷᠠᠯ ᠲᠠᠢ ᠬᠦᠷᠤᠯᠴᠠᠨ ᠢᠷᠡᠵᠦ ᠣᠪᠤᠭᠠᠨ ᠳᠤ ᠪᠠᠨ ᠠᠯᠢᠪᠠ ᠪᠥᠭᠦᠨ ᠰᠠᠶᠢᠨ ᠰᠠᠶᠢᠬᠠᠨ ᠪᠠᠶᠢᠬᠤ ᠶᠢ ᠵᠠᠯᠪᠢᠷᠠᠨ ᠲᠠᠭᠠᠳᠬᠠᠰᠠᠨ ᠪᠠᠶᠢᠯ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号