ᠤᠢᠢᠷ᠎ᠠ ᠳᠤ᠂ ᠦᠤᠰᠢᠨ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠳᠠ ᠶᠢᠨ ᠠᠵᠢᠯᠯᠠᠬᠤ ᠳᠤᠭᠤᠷᠢᠭ ᠤᠨ | ᠵᠠᠮ ᠤᠨ ᠶᠠᠪᠤᠳᠠᠯ ᠤᠨ ᠶᠡᠭᠡ ᠠᠩᠬᠢ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ︽ᠠᠮᠤᠷ | ᠳᠦᠪᠰᠢᠨ ᠢ ᠰᠠᠬᠢᠨ᠂ ᠰᠠᠭᠠᠳ ᠦᠭᠡᠢ ᠨᠡᠪᠳᠡᠷᠡᠬᠦᠯᠵᠤ᠂ ᠤᠢᠢᠯᠡᠴᠢᠯᠡᠭᠡ ᠶᠢ ᠰᠢᠯᠢᠳᠡᠭᠵᠢᠬᠦᠯᠬᠦ︾ ᠭᠤᠤᠯ ᠰᠡᠳᠤᠪᠳᠤ | ᠵᠠᠮ ᠤᠨ ᠶᠠᠪᠤᠳᠠᠯ ᠤᠨ ᠤᠬᠠᠭᠤᠯᠭ᠎ᠠ ᠬᠦᠮᠤᠵᠢᠯ ᠬᠢᠵᠤ᠂ ᠵᠠᠰᠠᠮᠠᠯ ᠵᠠᠮ ᠤᠨ ᠬᠠᠮᠢᠶᠠᠷᠤᠯᠳᠠ ᠶᠢᠨ ᠬᠠᠤᠯᠢ ᠳᠦᠷᠢᠮ ᠪᠠ | ᠳᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠪᠦᠬᠦ ᠨᠡᠶᠢᠭᠡᠮ ᠢᠶᠠᠷ ᠢᠶᠠᠨ ᠵᠠᠰᠠᠮᠠᠯ ᠵᠠᠮ ᠢ | ᠬᠠᠶᠢᠷᠠᠯᠠᠵᠤ ᠬᠠᠮᠠᠭᠠᠯᠠᠬᠤ ᠬᠠᠤᠯᠢ ᠴᠠᠭᠠᠵᠠ ᠶᠢᠨ ᠤᠬᠠᠮᠰᠠᠷ ᠢ ᠨᠡᠮᠡᠭᠳᠡᠬᠦᠯᠵᠤ ᠪᠠᠶᠢᠨ᠎ᠠ᠃ | ᠠᠵᠢᠯᠯᠠᠭᠠᠨ ᠤ ᠳᠤᠮᠳᠠ᠂ ᠳᠤᠰ ᠵᠠᠮ ᠤᠨ ᠶᠠᠪᠤᠳᠠᠯ ᠤᠨ ᠶᠡᠭᠡ ᠠᠩᠬᠢ ᠨᠢ ᠡᠯ᠎ᠠ ᠤᠢᠢᠯᠡᠴᠢᠯᠡᠭᠡᠨ ᠤ ᠦᠷᠳᠡᠭᠡ | ᠂ ᠰᠦᠢᠳᠭᠡᠯ ᠬᠤᠷᠢᠶᠠᠬᠤ ᠦᠷᠳᠡᠭᠡ ᠵᠡᠷᠭᠡ ᠤᠯᠠᠨ ᠨᠡᠶᠢᠳᠡ ᠶᠢᠨ ᠳᠠᠯᠠᠪᠤᠷ ᠲᠤ ︽ᠠᠮᠤᠷ ᠳᠦᠪᠰᠢᠨ ᠢ ᠰᠠᠬᠢᠨ᠂ | ᠰᠠᠭᠠᠳ ᠦᠭᠡᠢ ᠨᠡᠪᠳᠡᠷᠡᠬᠦᠯᠵᠤ᠂ ᠤᠢᠢᠯᠡᠴᠢᠯᠡᠭᠡ ᠶᠢ ᠰᠢᠯᠢᠳᠡᠭᠵᠢᠬᠦᠯᠬᠦ︾ ᠤᠷᠢᠶ᠎ᠠ ᠯᠤᠽᠦ᠋ᠩ ᠡᠯᠬᠦᠨ᠂ ᠵᠠᠮ ᠢᠶᠠᠷ | ᠦᠡᠭᠭᠡᠷᠡᠬᠦ ᠤᠯᠠᠨ ᠳᠦᠮᠡᠨ ᠳᠤ ᠤᠬᠠᠭᠤᠯᠭ᠎ᠠ ᠶᠢᠨ ᠬᠠᠭᠤᠳᠠᠰᠤ ᠪᠠ ᠵᠠᠮ ᠬᠠᠷᠢᠯᠴᠠᠭᠠᠨ ᠤ ᠠᠮᠤᠷ ᠳᠦᠪᠰᠢᠨ ᠤ | ᠬᠠᠤᠯᠢ ᠶᠢᠨ ᠮᠡᠳᠡᠯᠭᠡ ᠶᠢᠨ ᠬᠠᠭᠤᠳᠠᠰᠤ ᠶᠢ ᠳᠠᠷᠬᠠᠭᠠᠵᠤ᠂ ᠤᠯᠠᠨ ᠳᠦᠮᠡᠨ ᠤ ᠪᠤᠯᠪᠠᠰᠤᠨ ᠢᠶᠠᠷ ᠠᠶᠠᠯᠠᠵᠤ᠂ | ᠪᠤᠯᠪᠠᠰᠤᠨ ᠢᠶᠠᠷ ᠳᠡᠷᠭᠡ ᠵᠢᠯᠤᠭᠤᠳᠤᠨ᠂ ᠪᠤᠯᠪᠠᠰᠤᠨ ᠢᠶᠠᠷ ᠨᠠᠶᠢᠷ ᠳᠠᠯᠪᠢᠬᠤ ᠶᠢ ᠰᠠᠨᠠᠭᠤᠯᠤᠨ᠂ ᠤᠬᠠᠮᠰᠠᠷ ᠠᠴᠠ ᠪᠠᠨ | ᠵᠠᠮ ᠬᠠᠷᠢᠯᠴᠠᠭᠠᠨ ᠤ ᠠᠮᠤᠷ ᠳᠦᠪᠰᠢᠨ ᠤ ᠬᠠᠤᠯᠢ ᠳᠦᠷᠢᠮ ᠢ ᠵᠢᠷᠤᠮᠯᠠᠵᠤ᠂ ᠡᠯ᠎ᠠ ᠳᠦᠷᠤᠯ ᠤᠨ ᠵᠠᠮ | ᠬᠠᠷᠢᠯᠴᠠᠭᠠᠨ ᠤ ᠬᠠᠤᠯᠢ ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠬᠤᠷᠢᠬᠯᠠᠬᠰᠠᠨ ᠪᠠᠶᠢᠨ᠎ᠠ᠃ ᠠᠵᠢᠯᠯᠠᠭᠠᠨ ᠤ | ᠳᠤᠮᠳᠠ ᠡᠯ᠎ᠠ ᠳᠦᠷᠤᠯ ᠤᠨ ᠤᠬᠠᠭᠤᠯᠭ᠎ᠠ ᠶᠢᠨ ᠬᠠᠭᠤᠳᠠᠰᠤ ᠶᠢ 700 ᠭᠠᠷᠤᠢ ᠬᠤᠪᠢ ᠳᠠᠷᠬᠠᠭᠠᠨ᠂ 700 | ᠬᠦᠮᠤᠨ ᠤᠳᠠᠭ᠎ᠠ ᠳᠤ ᠤᠢᠢᠯᠡᠴᠢᠯᠡᠵᠤ᠂ ᠠᠷᠠᠳ ᠤᠯᠠᠨ ᠤ ᠵᠠᠮ ᠬᠠᠷᠢᠯᠴᠠᠭᠠᠨ ᠤ ᠬᠠᠤᠯᠢ ᠳᠦᠷᠢᠮ ᠤᠨ ᠤᠬᠠᠮᠰᠠᠷ ᠢ | ᠴᠢᠨᠠᠬᠰᠢᠳᠠ ᠳᠡᠭᠡᠭᠰᠢᠯᠡᠬᠦᠯᠪᠡ᠃ | |