7 ᠰᠠᠷ᠎ᠠ ᠶᠢᠨ 9 ᠤ ᠡᠳᠦᠷ᠂ ᠮᠠᠨ ᠤ ᠬᠤᠰᠢᠭᠤᠨ ᠤ ᠪᠣᠯᠪᠠᠰᠣᠨ ᠬᠤᠳᠠ ᠶᠢᠨ ᠡᠬᠦᠳᠦᠨ ᠪᠠᠶᠢᠭᠤᠯᠣᠯᠲᠠ | ᠶᠢᠨ ᠰᠠᠶᠢᠨ ᠳᠣᠷᠠᠴᠣᠳ ᠤᠨ ᠠᠵᠢᠯ ᠤᠨ ᠰᠠᠭᠤᠳᠠᠯ ᠤᠨ ᠬᠤᠷᠠᠯ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ | ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠠᠭᠤᠯᠠ ᠪᠤᠯᠤᠨ ᠬᠤᠰᠢᠭᠤ ᠡᠪᠯᠡᠯ ᠤᠨ ᠬᠤᠷᠢᠶ᠎ᠠ᠂ ᠣᠶᠣᠨ | ᠤ ᠪᠣᠯᠪᠠᠰᠣᠨ ᠤ ᠪᠠᠶᠢᠭᠤᠯᠣᠯᠳᠠ ᠶᠢᠨ ᠠᠯᠪᠠᠨ ᠬᠡᠷ ᠤᠨ ᠬᠠᠷᠢᠭᠤᠴᠠᠯᠭᠠᠳᠠᠨ ᠵᠢᠴᠢ ᠪᠣᠯᠪᠠᠰᠣᠨ ᠬᠤᠳᠠ ᠶᠢᠨ | ᠡᠬᠦᠳᠦᠨ ᠪᠠᠶᠢᠭᠤᠯᠣᠯᠲᠠ ᠶᠢᠨ ᠰᠠᠶᠢᠨ ᠳᠣᠷᠠᠴᠣᠳ ᠤᠨ ᠳᠣᠭᠤᠶᠢᠯᠠᠩ ᠤᠨ ᠳᠠᠷᠤᠭ᠎ᠠ ᠨᠠᠷ ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠪᠦᠬᠦ ᠣᠯᠣᠰ ᠤᠨ ᠬᠤᠰᠢᠭᠤ ᠰᠢᠶᠡᠨ ᠤ ᠳᠡᠰ ᠤᠨ ᠪᠣᠯᠪᠠᠰᠣᠨ ᠬᠤᠳᠠ ᠶᠢᠨ ᠡᠬᠦᠳᠦᠨ | ᠪᠠᠶᠢᠭᠤᠯᠣᠯᠲᠠ ᠶᠢᠨ ᠰᠠᠶᠢᠨ ᠳᠣᠷᠠᠴᠣᠳ ᠤᠨ ᠳᠣᠭᠤᠶᠢᠯᠠᠩ ᠤᠨ ᠳᠠᠷᠤᠭ᠎ᠠ ᠨᠠᠷ ᠠᠴᠠ ᠪᠦᠬᠦ ᠣᠯᠣᠰ ᠤᠨ ᠬᠤᠰᠢᠭᠤ | ᠰᠢᠶᠠᠨ ᠤ ᠳᠡᠰ ᠤᠨ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠪᠣᠳᠠᠳᠠᠢ ᠱᠠᠭᠠᠷᠳᠠᠯᠭ᠎ᠠ ᠲᠠᠢ ᠣᠶᠠᠯᠳᠣᠭᠤᠯᠣᠨ | ᠰᠠᠶᠢᠨ ᠳᠣᠷᠠᠴᠣᠳ ᠤᠨ ᠠᠵᠢᠯ ᠤᠨ ᠳᠣᠮᠳᠠ ᠣᠷᠣᠰᠢᠵᠦ ᠪᠠᠶᠢᠭ᠎ᠠ ᠠᠰᠠᠭᠤᠳᠠᠯ᠂ ᠰᠠᠶᠢᠨ ᠳᠣᠷᠠᠴᠣᠳ ᠤᠨ ᠬᠠᠮᠢᠶ᠎ᠠ | ᠪᠦᠬᠦᠢ ᠠᠵᠢᠯ ᠪᠠ ᠦᠷ᠎ᠡ ᠪᠦᠲᠦᠮᠵᠢ ᠶᠢᠨ ᠳᠣᠭᠤᠷᠢᠨ ᠳᠤ ᠰᠠᠨᠠᠯ ᠢᠶᠠᠨ ᠰᠣᠯᠢᠯᠴᠠᠭᠰᠠᠨ ᠪᠠᠶᠢᠨ᠎ᠠ᠃ | | | | | | | | ᠬᠤᠷᠠᠯ ᠠᠴᠠ ᠱᠠᠭᠠᠷᠳᠠᠬᠤ ᠳᠠᠭᠠᠨ᠂ ᠣᠯᠣᠰ ᠳᠦᠷᠦ ᠶᠢᠨ ᠵᠣᠭᠰᠣᠴᠠ ᠪᠠ ᠳᠠᠨᠢᠯᠳᠠ ᠪᠠᠨ | ᠳᠡᠭᠡᠭᠰᠢᠯᠡᠬᠦᠯᠤᠨ ᠪᠦᠬᠦ ᠣᠯᠣᠰ ᠤᠨ ᠬᠤᠰᠢᠭᠤ ᠰᠢᠶᠠᠨ ᠤ ᠳᠡᠰ ᠤᠨ ᠪᠣᠯᠪᠠᠰᠣᠨ ᠬᠤᠳᠠ ᠶᠢᠨ ᠡᠬᠦᠳᠦᠨ | ᠪᠠᠶᠢᠭᠤᠯᠤᠯᠲᠠ ᠶᠢᠨ ᠠᠬᠤᠶᠢᠴᠢ ᠣᠳᠬ᠎ᠠ ᠠᠭᠤᠯᠭ᠎ᠠ ᠪᠠ ᠳᠡᠣᠬᠡᠨ ᠠᠴᠢ ᠬᠤᠯᠪᠣᠭᠳᠠᠯ ᠢ ᠬᠦᠨᠵᠡᠬᠡᠢ ᠳᠠᠨᠢᠵᠦ ᠡᠯ᠎ᠡ | ᠰᠠᠯᠠᠭ᠎ᠠ ᠮᠦᠴᠢᠷ ᠤᠨ ᠬᠢᠨ ᠡᠷᠭᠡᠪᠰᠢ ᠵᠣᠷᠢᠭᠳᠠᠢ ᠡᠬᠦᠷᠭᠡᠯᠡᠨ ᠬᠠᠷᠢᠭᠤᠴᠠᠵᠦ ᠢᠳᠡᠪᠬᠢᠲᠡᠢ ᠠᠵᠢᠯᠯᠠᠨ ᠣᠷᠣᠰᠢᠵᠦ | ᠪᠠᠶᠢᠭ᠎ᠠ ᠠᠰᠠᠭᠤᠳᠠᠯ ᠢ ᠴᠠᠭ ᠳᠣᠬᠠᠢ ᠳᠤᠨᠢ ᠰᠶᠢᠳᠪᠤᠷᠢᠯᠡᠨ ᠰᠠᠶᠢᠨ ᠳᠣᠷᠠᠴᠣᠳ ᠤᠨ ᠡᠩᠨᠡᠭᠡ ᠪᠠ ᠠᠵᠢᠯ ᠢ | ᠳᠦᠷᠢᠮᠵᠢᠬᠦᠯᠬᠦ ᠬᠡᠷᠡᠭᠲᠡᠢ᠃ ᠣᠬᠠᠭᠤᠯᠭ᠎ᠠ ᠶᠢ ᠴᠢᠩᠭᠠᠳᠬᠠᠵᠦ ᠪᠦᠬᠦ ᠣᠯᠣᠰ ᠤᠨ ᠬᠤᠰᠢᠭᠤ ᠰᠢᠶᠠᠨ ᠤ ᠳᠡᠰ ᠤᠨ | ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠣᠯᠠᠨ ᠲᠦᠮᠡᠨ ᠳᠤ ᠵᠦᠪ | ᠢᠶᠠᠷ ᠣᠶᠢᠯᠠᠭᠠᠭᠤᠯᠬᠤ ᠬᠡᠷᠡᠭᠲᠡᠢ᠃ ᠰᠠᠶᠢᠨ ᠳᠣᠷᠠᠴᠣᠳ ᠤᠨ ᠵᠣᠷᠢᠭ ᠰᠠᠨᠠᠭ᠎ᠠ ᠶᠢ ᠪᠠᠳᠠᠷᠠᠭᠤᠯᠣᠨ ᠦᠷᠭᠡᠨ ᠣᠯᠠᠨ | ᠵᠠᠯᠠᠭᠤᠴᠣᠳ ᠤᠨ ᠬᠦᠴᠦᠨ ᠢ ᠬᠠᠮᠳᠣᠷᠠᠭᠤᠯᠵᠦ ᠰᠠᠶᠢᠨ ᠳᠣᠷ᠎ᠠ ᠶᠢᠨ ᠠᠵᠢᠯᠯᠠᠭᠠᠨ ᠳᠤ ᠢᠳᠡᠪᠬᠢᠲᠡᠢ | ᠣᠷᠣᠯᠴᠠᠭᠤᠯᠤᠨ ᠪᠦᠬᠦ ᠣᠯᠣᠰ ᠤᠨ ᠬᠤᠰᠢᠭᠤ ᠰᠢᠶᠠᠨ ᠤ ᠳᠡᠰ ᠤᠨ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ | ᠳᠤ ᠬᠦᠴᠦᠨ ᠨᠡᠮᠡᠷᠢ ᠪᠠᠨ ᠦᠵᠡᠬᠦᠯᠵᠦ ᠰᠠᠶᠢᠨ ᠬᠢᠷᠢ ᠪᠦᠲᠦᠮᠵᠢ ᠣᠯᠬᠤ ᠬᠡᠷᠡᠭᠲᠡᠢ ᠬᠡᠪᠡ᠃ | | | | | | | | |