7 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ | ᠬᠡᠷ ᠤᠨ ᠡᠷᠬᠢᠯᠡᠭᠴᠢ ᠸᠠᠩ ᠰᠢᠶᠤᠤ ᠫᠢᠩ ᠨᠡᠷ ᠮᠠᠨ ᠤ ᠬᠤᠰᠢᠭᠤᠨ ᠤ ᠪᠣᠯᠪᠠᠰᠤᠨ ᠬᠤᠲᠠ ᠶᠢᠨ ᠡᠭᠦᠳᠦᠨ | ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠳᠤ ᠰᠠᠭᠤᠳᠠᠯ ᠤᠨ ᠬᠤᠷᠠᠯ | ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ | ᠳᠠᠷᠤᠭ᠎ᠠ ᠰᠤ᠋ ᠼᠦᠢ ᠹᠠᠩ ᠪᠤᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠰᠢᠭᠤ ᠨᠠᠮ ᠤᠨ ᠬᠤᠷᠢᠶᠠᠨ ᠤ | ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ | ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | | | | | | | | | | ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ᠤᠷᠢᠳ ᠬᠤᠵᠢᠳ ᠤᠯᠠᠭᠠᠠᠳᠤᠯᠤᠭᠠᠢ ᠪᠠᠯᠭᠠᠰᠤᠨ ᠤ | ᠴᠠᠭᠠᠨᠲᠠᠯᠠ ᠨᠠᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ ᠥᠢᠯᠡᠴᠢᠯᠡᠭᠡᠨ ᠤ ᠲᠥᠪ᠂ ᠬᠤᠰᠢᠭᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠨᠣᠮ ᠤᠨ ᠰᠠᠩ᠂ ᠣᠷᠳᠣᠰ ᠪᠠᠩᠬᠢ᠂ ᠠᠷᠠᠳ ᠤᠨ | ᠡᠮᠨᠡᠯᠭᠡ ᠶᠢᠨ ᠬᠤᠷᠢᠶ᠎ᠠ᠂ ᠭᠠᠯᠠᠭᠤᠲᠤ ᠪᠠᠯᠭᠠᠰᠤᠨ ᠤ ᠬᠤᠷᠠᠬᠤ ᠨᠡᠶᠢᠭᠡᠮ ᠲᠣᠭᠤᠷᠢᠭ᠂ ᠨᠠᠨᠳᠢᠨ ᠨᠡᠶᠢᠭᠡᠮ ᠲᠣᠭᠤᠷᠢᠭ᠂ | ᠬᠤᠶ ᠹᠧᠩ ᠯᠢᠦᠶ ᠶᠤᠸᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠵᠢᠩ ᠢ ᠶᠤᠸᠠᠨ ᠰᠠᠭᠤᠭᠠᠯᠢ ᠠᠷᠠᠳ ᠤᠨ | ᠲᠣᠭᠤᠷᠢᠭ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠤᠯᠲᠠ ᠭᠢᠵᠤ ᠣᠷᠴᠢᠨ ᠲᠣᠭᠤᠷᠢᠨ ᠤ ᠠᠷᠢᠭᠤᠨ ᠴᠡᠪᠡᠷ ᠤᠨ | ᠴᠡᠭᠴᠡᠯᠡᠨ ᠵᠠᠰᠠᠯᠳᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠠᠯᠳᠠ᠂ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ᠂ ᠣᠯᠠᠨ ᠲᠦᠮᠡᠨ ᠤ ᠰᠣᠶᠣᠯᠤᠨ ᠦᠢᠯᠡᠴᠢᠯᠡᠭᠡ ᠵᠡᠷᠭᠡ ᠶᠢᠨ | ᠪᠠᠶᠢᠳᠠᠯ ᠢ ᠪᠠᠶᠢᠴᠠᠭᠠᠨ ᠦᠵᠡᠵᠦ ᠪᠠᠶᠢᠴᠠᠭᠠᠨ ᠰᠤᠳᠤᠯᠤᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠪᠠ | ᠲᠤᠳᠠᠭᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠠᠶ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠠᠵᠢᠯ | ᠲᠥᠷᠥᠯ ᠤᠨ ᠨᠢᠭᠡᠴᠢ ᠶᠢ ᠱᠠᠭᠠᠷᠳᠠᠨ ᠠᠰᠠᠭᠤᠳᠠᠯ ᠢ ᠲᠠᠷᠤᠶᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠳᠡᠢ ᠬᠡᠪᠠ᠃ | ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ᠴᠢᠬᠤᠯᠠᠴᠢᠯᠠᠬᠤ ᠳᠠᠭᠠᠨ᠂ ᠡᠭᠦᠳᠦᠨ ᠪᠠᠶᠢᠭᠤᠯᠤᠯᠳᠠ ᠶᠢᠨ | ᠪᠠᠷᠢᠮᠵᠢᠶ᠎ᠠ ᠲᠠᠢ ᠬᠠᠷᠢᠴᠠᠭᠤᠯᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠦ ᠬᠤᠲᠠ ᠶᠢᠨ | ᠦᠪᠡᠷᠮᠢᠴᠡ ᠣᠨᠴᠠᠯᠢᠭ ᠲᠠᠢ ᠬᠢᠯᠠᠰ ᠴᠡᠭ ᠢ ᠲᠠᠰᠤᠷᠠᠯᠲᠠ ᠦᠭᠡᠢ ᠪᠤᠢ ᠪᠤᠯᠭᠠᠨ ᠬᠤᠲᠠ ᠶᠢᠨ ᠬᠠᠮᠢᠶᠠᠷᠤᠯᠲᠠ ᠶᠢᠨ | ᠳᠦᠷᠢᠮᠵᠢᠭᠰᠡᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠠᠭᠦᠯᠵᠦ ᠪᠦᠬᠦ ᠤᠯᠤᠰ ᠤᠨ ᠬᠤᠰᠢᠭᠤ ᠰᠢᠶᠠᠨ ᠤ ᠲᠠᠰ | ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠡᠯ᠎ᠡ ᠲᠥᠷᠤᠯ ᠤᠨ ᠠᠵᠢᠯ ᠢ ᠦᠷᠭᠦᠯᠵᠢᠯᠡᠨ | ᠠᠬᠢᠭᠤᠯᠤᠨ ᠠᠷᠠᠳ ᠣᠯᠠᠨ ᠤ ᠠᠰᠢᠭ ᠬᠦᠷᠳᠡᠭᠰᠡᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ | ᠤᠢᠭᠡᠢ ᠲᠡᠭᠡᠭᠰᠢᠯᠠᠭᠦᠯᠭᠦ ᠭᠡᠷᠡᠭᠳᠠᠢ ᠬᠡᠪᠡ᠃ | | | | | | | | | | ᠪᠠᠶᠢᠴᠠᠭᠠᠨ ᠰᠤᠳᠤᠯᠤᠯᠲᠠ ᠶᠢᠨ ᠲᠠᠷᠠᠭ᠎ᠠ᠂ ᠰᠠᠭᠤᠳᠠᠯ ᠤᠨ ᠬᠤᠷᠠᠯ ᠵᠢᠴᠢ ᠲᠤᠬᠠᠶᠢᠯᠠᠭᠰᠠᠨ ᠠᠵᠢᠯ ᠤᠨ | ᠪᠤᠯᠪᠠᠰᠤᠷᠠᠯ ᠤᠨ ᠬᠤᠷᠠᠯ ᠬᠤᠷᠠᠯᠳᠤᠭᠤᠯᠪᠠ᠃ ᠪᠦᠬᠦ ᠬᠤᠰᠢᠭᠤᠨ ᠤ ᠬᠤᠯᠪᠣᠭᠳᠠᠯ ᠪᠦᠬᠦᠢ ᠭᠡᠷ ᠲᠡᠭᠡᠨ ᠪᠠᠶᠢᠭ᠎ᠠ | ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠤ ᠵᠣᠣ ᠹᠸᠢ ᠯᠦ ᠬᠤᠷᠠᠯ ᠡᠷᠭᠢᠯᠡᠪᠡ᠃ | ᠬᠤᠷᠠᠯ ᠳᠡᠭᠡᠷ᠎ᠡ᠂ ᠡᠷᠳᠡᠨᠢᠪᠢᠯᠢᠭ ᠮᠠᠨ ᠤ ᠬᠤᠰᠢᠭᠤᠨ ᠤ ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ | ᠶᠢᠨ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ ᠤ ᠤᠬᠠᠭᠤᠯᠬᠤ | ᠬᠡᠯᠲᠡᠰ ᠤᠨ ᠡᠭᠦᠳᠦᠨ ᠪᠠᠶᠢᠭᠤᠯᠬᠤ ᠭᠠᠵᠠᠷ ᠤᠨ ᠳᠠᠷᠤᠭ᠎ᠠ ᠷᠧᠨ ᠯᠢ ᠬᠤᠸᠠ᠂ ᠪᠣᠯᠪᠠᠰᠤᠨ ᠬᠤᠳᠠ ᠶᠢᠨ ᠪᠠᠶᠢᠴᠠᠭᠠᠨ | ᠰᠤᠳᠤᠯᠤᠯᠳᠠ ᠳᠤᠮᠳᠠ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ ᠦᠨᠡᠯᠡᠯᠲᠡ ᠬᠢᠵᠦ ᠶᠠᠷᠢᠶ᠎ᠠ ᠲᠠᠯᠪᠢᠪᠠ᠃ | ᠸᠠᠩ ᠰᠢᠶᠣᠤ ᠫᠢᠩ ᠤᠯᠤᠰ ᠤᠨ ᠪᠠᠶᠢᠴᠠᠭᠠᠨ ᠰᠢᠯᠭᠠᠵᠤ ᠦᠨᠡᠯᠡᠬᠦ ᠬᠤᠯᠪᠣᠭᠳᠠᠯ ᠪᠦᠬᠦᠢ ᠤᠴᠢᠷ ᠶᠠᠪᠤᠳᠠᠯ ᠤᠨ | ᠲᠤᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠵᠡᠶ᠃ | ᠸᠠᠩ ᠰᠢᠶᠣᠤ ᠫᠢᠩ ᠮᠠᠨ ᠤ ᠬᠤᠰᠢᠭᠤᠨ ᠤ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ | ᠳᠤ ᠨᠤᠳᠠᠯᠠᠯᠳᠠ ᠭᠢᠵᠤ ᠵᠢᠭᠠᠬᠤ ᠳᠤ ᠪᠠᠨ᠂ ᠦᠤᠰᠢᠨ ᠬᠤᠰᠢᠭᠤ ᠪᠣᠯᠪᠠᠰᠤᠨ ᠬᠤᠲᠠ ᠶᠢᠨ ᠡᠭᠦᠳᠦᠨ | ᠪᠠᠶᠢᠭᠤᠯᠤᠯᠳᠠ ᠶᠢᠨ ᠠᠵᠢᠯ ᠢ ᠴᠢᠬᠤᠯᠠᠴᠢᠯᠠᠨ ᠥᠵᠠᠵᠤ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠬᠢᠵᠦ᠂ | ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ ᠥᠷᠭᠡᠨ ᠣᠯᠠᠨ ᠺᠠᠳ᠋ᠷ ᠣᠯᠠᠨ ᠲᠦᠮᠡᠨ ᠤ ᠰᠡᠳᠬᠢᠯ ᠨᠢᠭᠡᠳᠦᠨ | ᠪᠣᠳᠠᠲᠠᠶ ᠠᠵᠢᠯᠯᠠᠬᠤ ᠣᠪᠣᠷ ᠢᠶᠠᠷ ᠰᠠᠭᠤᠷᠢ ᠲᠥᠬᠦᠭᠡᠷᠦᠮᠵᠢ ᠶᠢᠨ ᠲᠤᠳᠠᠭᠳᠠᠯ ᠢ ᠨᠥᠬᠦᠪᠥᠷᠢᠯᠡᠬᠦ᠂ ᠬᠤᠳᠠ | ᠬᠥᠳᠡᠭᠡ ᠶᠢᠨ ᠲᠦᠷᠢ ᠲᠦᠷᠬᠦ ᠳᠤ ᠰᠠᠶᠢᠵᠢᠷᠠᠭᠤᠯᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠲᠤᠪᠤᠶᠢᠮ᠎ᠠ ᠦᠷ᠎ᠡ | ᠪᠦᠲᠦᠮᠵᠢ ᠲᠠᠢ ᠠᠵᠢᠯ ᠢ ᠬᠢᠵᠦ ᠤᠯᠠᠨ ᠲᠦᠮᠡᠨ ᠤ ᠠᠰᠢᠭ ᠬᠦᠷᠳᠡᠭᠰᠡᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ | ᠂ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠥᠭᠰᠠᠨ ᠪᠠᠶᠢᠨ᠎ᠠ ᠭᠡᠵᠡᠢ᠃ | | | | | | | | | | ᠸᠠᠩ ᠰᠢᠶᠣᠤ ᠫᠢᠩ ᠴᠢᠬᠤᠯᠠᠴᠢᠯᠠᠭᠰᠠᠨ ᠨᠢ᠂ ᠦᠤᠰᠢᠨ ᠬᠤᠰᠢᠭᠤᠨ ᠤ ᠪᠣᠯᠪᠠᠰᠤᠨ ᠬᠤᠲᠠ ᠶᠢᠨ ᠡᠭᠦᠳᠦᠨ | ᠪᠠᠶᠢᠭᠤᠯᠤᠯᠳᠠ ᠶᠢᠨ ᠠᠵᠢᠯ ᠨᠢᠭᠡᠨᠲᠡ ᠵᠠᠩᠭᠢᠯᠠᠭ᠎ᠠ ᠶᠢᠨ ᠴᠠᠭ ᠮᠥᠴᠡ ᠳᠤ ᠤᠷᠤᠯ᠎ᠠ᠂ ᠵᠠᠪᠠᠯ ᠠᠵᠢᠯ ᠤᠨ | ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ | ᠡᠭᠦᠳᠦᠨ ᠪᠠᠶᠢᠭᠤᠯᠬᠤ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠭᠢᠭᠤᠯᠤᠨ ᠠᠷᠠᠳ | ᠣᠯᠠᠨ ᠳᠤ ᠨᠠᠩ ᠣᠯᠠᠨ ᠪᠣᠳᠠᠲᠤ ᠠᠰᠢᠭ ᠢ ᠭᠥᠷᠳᠡᠭᠡᠭᠦ ᠭᠡᠷᠡᠭᠳᠠᠢ᠃ ᠪᠦᠬᠦ ᠤᠯᠤᠰ ᠤᠨ ᠬᠤᠰᠢᠭᠤ ᠰᠢᠶᠠᠨ ᠤ | ᠲᠡᠰ ᠤᠨ ᠪᠣᠯᠪᠠᠰᠤᠨ ᠬᠤᠲᠠ ᠶᠢᠨ ᠰᠢᠯᠭᠠᠨ ᠲᠣᠭᠲᠠᠭᠠᠬᠤ ᠰᠢᠰᠲ᠋ᠧᠮ ᠲᠠᠢ ᠬᠠᠷᠢᠴᠠᠭᠤᠯᠤᠨ ᠪᠦᠬᠦ ᠠᠵᠢᠯᠲᠠᠨ ᠢ | ᠪᠣᠯᠪᠠᠰᠤᠷᠠᠭᠤᠯᠬᠤ᠂ ᠡᠷᠦᠬᠡ ᠳᠤ ᠬᠦᠨᠵᠡᠬᠡᠶᠢᠷᠡᠨ ᠤᠬᠠᠭᠤᠯᠭ᠎ᠠ ᠬᠢᠬᠦ᠂ ᠳᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ | ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠭᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠳᠠᠯᠠᠨ ᠣᠯᠠᠨ ᠲᠦᠮᠡᠨ ᠳᠤ ᠥᠢᠯᠠᠴᠢᠯᠠᠭᠦ ᠪᠠᠷ ᠡᠬᠢᠯᠡᠯᠲᠡ ᠪᠣᠯᠭᠠᠵᠤ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠠᠨ ᠵᠠᠰᠠᠬᠤ᠂ ᠵᠡᠭᠡᠯᠢ ᠭᠤᠳᠤᠮᠵᠢ ᠶᠢ ᠵᠠᠰᠠᠬᠤ᠂ ᠤᠬᠠᠭᠤᠯᠭ᠎ᠠ ᠶᠢᠨ ᠠᠭᠤᠷ ᠠᠮᠢᠰᠬᠤᠯ ᠢ | ᠪᠤᠢ ᠪᠣᠯᠭᠠᠬᠤ ᠵᠡᠷᠭᠡ ᠶᠢᠨ ᠲᠤᠰᠬᠠᠶ ᠠᠵᠢᠯᠯᠠᠭ᠎ᠠ ᠶᠢ ᠥᠷᠨᠢᠭᠦᠯᠵᠤ ᠠᠰᠠᠭᠤᠳᠠᠯ ᠢ ᠵᠤᠭᠢᠰᠳᠠᠢ ᠰᠢᠢᠳᠪᠤᠷᠢᠯᠠᠨ | ᠬᠠᠮᠢᠶᠠᠷᠤᠯᠳᠠ ᠶᠢ ᠨᠠᠷᠢᠯᠢᠭᠵᠢᠭᠤᠯᠬᠤ ᠭᠡᠷᠡᠭᠳᠠᠢ ᠭᠡᠪᠡ᠃ | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠦᠤᠰᠢᠨ ᠬᠤᠰᠢᠭᠤ ᠡᠭᠦᠳᠦᠨ ᠪᠠᠶᠢᠭᠤᠯᠬᠤ ᠢᠲᠡᠭᠡᠯ | ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠪᠣᠳᠠᠲᠠᠶ | ᠠᠷᠭ᠎ᠠ ᠬᠡᠮᠵᠢᠶ᠎ᠡ᠂ ᠬᠠᠮᠤᠭ ᠤᠨ ᠰᠠᠶᠢᠨ ᠪᠠᠶᠢᠳᠠᠯ ᠢᠶᠠᠷ ᠪᠦᠬᠦ ᠤᠯᠤᠰ ᠤᠨ ᠬᠤᠰᠢᠭᠤ ᠰᠢᠶᠡᠨ ᠤ ᠳᠡᠰ ᠤᠨ | ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠢ ᠰᠠᠶᠢᠲᠤᠷ ᠭᠢᠵᠤ ︽ᠶᠡᠭᠡ ᠰᠢᠯᠭᠠᠯᠲᠠ︾ ᠶᠢ | ᠢᠯᠭᠤᠮ ᠥᠩᠭᠡᠷᠡᠭᠦᠯᠬᠦ ᠶᠢ ᠪᠠᠳᠤᠯᠠᠨ ᠪᠣᠯᠪᠠᠰᠤᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠢᠳᠡᠪᠬᠢᠲᠡᠶ | ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ᠃ | | | | | | | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠠᠭᠦᠯᠤᠨ ᠡᠯ᠎ᠡ | ᠱᠠᠲᠤᠨ ᠤ ᠤᠳᠤᠷᠢᠳᠬᠤ ᠺᠠᠳ᠋ᠷᠴᠤᠳ ᠬᠠᠷᠢᠭᠤᠴᠠᠯᠭ᠎ᠠ ᠪᠠᠨ ᠡᠭᠦᠷᠭᠡᠯᠡᠵᠦ ᠡᠮᠦᠨ᠎ᠡ ᠹᠷᠣᠨᠲ ᠲᠤ ᠣᠴᠢᠨ | ᠪᠡᠶ᠎ᠡ ᠪᠠᠷ ᠢᠶᠠᠨ ᠪᠠᠶᠢᠷᠢᠯᠠᠭᠤᠯᠵᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠬᠤᠰᠢᠭᠤᠴᠢ | ᠲᠠᠭᠠᠭᠤᠯᠤᠭᠴᠢ ᠶᠢᠨ ᠥᠢᠯᠡᠳᠤᠯ ᠢᠶᠠᠨ ᠪᠠᠳᠠᠷᠠᠭᠤᠯᠤᠨ ᠡᠭᠦᠳᠤᠨ ᠪᠠᠶᠢᠭᠤᠯᠤᠯᠳᠠ ᠶᠢᠨ ᠶᠠᠰᠤ ᠴᠢᠨᠠᠷ ᠦᠷ᠎ᠡ | ᠪᠦᠲᠦᠮᠵᠢ ᠶᠢ ᠲᠡᠭᠡᠭᠰᠢᠯᠠᠭᠦᠯᠭᠦ ᠬᠡᠷᠡᠭᠲᠡᠶ᠃ ᠣᠯᠠᠨ ᠲᠦᠮᠡᠨ ᠳᠤ ᠲᠦᠰᠢᠭᠯᠡᠨ ᠣᠯᠠᠨ ᠲᠦᠮᠡᠨ ᠢ ᠳᠠᠶᠢᠴᠢᠯᠠᠵᠤ | ᠬᠡᠯᠪᠡᠷᠢ ᠮᠠᠶ᠋ᠢᠭ ᠨᠢ ᠣᠯᠠᠨ ᠶᠠᠩᠵᠤ᠂ ᠠᠭᠤᠯᠭ᠎ᠠ ᠨᠢ ᠪᠠᠶᠠᠯᠢᠭ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠ | ᠰᠠᠶᠢᠨ ᠳᠤᠷ᠎ᠠ ᠶᠢᠨ ᠥᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ ᠪᠦᠬᠦ ᠤᠯᠤᠰ ᠤᠨ ᠬᠤᠰᠢᠭᠤ | ᠰᠢᠶᠡᠨ ᠤ ᠳᠡᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠭᠦᠨ ᠵᠤᠵᠠᠭᠠᠨ ᠠᠭᠤᠷ ᠠᠮᠢᠰᠬᠤᠯ ᠢ | ᠪᠤᠢ ᠪᠣᠯᠭᠠᠬᠤ ᠬᠡᠷᠡᠭᠲᠡᠶ᠃ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠲᠤᠳᠠᠭᠳᠠᠯ ᠢᠶᠠᠨ ᠨᠥᠭᠦᠪᠤᠷᠢᠯᠠᠵᠦ | ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠲᠤᠪᠤᠶᠢᠯᠭᠠᠵᠤ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ | ᠠᠭᠢᠭᠤᠯᠬᠤ ᠭᠡᠷᠡᠭᠳᠠᠢ᠃ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠂ ᠮᠣᠩᠭᠤᠯ ᠮᠣᠷᠢᠨ ᠤ ᠵᠣᠷᠢᠭ ᠰᠠᠨᠠᠭ᠎ᠠ᠂ | ᠮᠤᠤᠠᠤᠰᠤ ᠶᠢᠨ ᠡᠯᠡᠰᠤ ᠶᠢ ᠵᠠᠰᠠᠭᠰᠠᠨ ᠵᠣᠷᠢᠭ ᠰᠠᠨᠠᠭ᠎ᠠ ᠶᠢ ᠪᠠᠳᠠᠷᠠᠭᠤᠯᠤᠨ ᠭᠤᠷᠪᠠᠨ ᠵᠢᠯ ᠤᠨ ᠡᠭᠦᠳᠦᠨ | ᠪᠠᠶᠢᠭᠤᠯᠤᠯᠳᠠ ᠶᠢᠨ ᠬᠠᠷᠠᠯᠲᠠ ᠪᠠᠨ ᠲᠡᠭᠦᠰ ᠠᠮᠵᠢᠯᠲᠠ ᠲᠠᠢ ᠪᠠᠶᠠᠯᠠᠭᠦᠯᠤᠨ ᠲᠡᠭᠡᠳᠤ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠨᠢᠭᠡ ᠬᠤᠪᠢ | ᠬᠠᠨᠤᠮᠵᠢᠲᠠᠢ ᠬᠠᠷᠢᠭᠤᠯᠲᠠ ᠥᠭᠭᠦ ᠪᠠᠷ ᠴᠢᠷᠮᠠᠶᠢᠬᠤ ᠭᠡᠷᠡᠭᠳᠠᠢ ᠭᠡᠵᠡᠢ᠃ | ᠵᠤᠤ ᠹᠸᠢ ᠯᠦ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ | ᠠᠵᠢᠯ ᠤᠨ ᠡᠭᠦᠷᠭᠡ ᠶᠢ ᠪᠣᠳᠠᠲᠠᠶ ᠪᠥᠭᠡᠳ ᠨᠠᠷᠢᠯᠢᠭ ᠬᠢᠬᠦ ᠬᠡᠷᠡᠭᠲᠡᠶ᠃ ᠪᠠᠷᠢᠮᠵᠢᠶ᠎ᠠ ᠳᠤ ᠠᠩᠬᠠᠷᠤᠯ ᠢᠶᠠᠨ | ᠲᠥᠪᠯᠡᠷᠡᠭᠦᠯᠦᠨ ︽ᠨᠠᠷᠢᠯᠢᠭ︾ ᠢ ᠳᠣᠪᠤᠶᠢᠯᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠬᠤᠷᠳᠤᠨ | ᠂ ᠡᠭᠦᠳᠤᠨ ᠪᠠᠶᠢᠭᠤᠯᠤᠯᠳᠠ ᠶᠢ ᠪᠠᠶᠢᠩᠭᠤ ᠪᠣᠳᠠᠲᠠᠶ᠂ ᠣᠯᠠᠨ ᠲᠦᠮᠡᠨ ᠢ ᠳᠠᠶᠢᠴᠢᠯᠠᠬᠤ ᠠᠷᠭ᠎ᠠ ᠬᠡᠮᠵᠢᠶ᠎ᠡ ᠶᠢ ᠤᠯᠠᠨ | ᠪᠠᠶᠢᠯᠭᠠᠵᠦ ᠡᠭᠦᠳᠤᠨ ᠪᠠᠶᠢᠭᠤᠯᠤᠯᠳᠠ ᠶᠢᠨ ᠡᠯ᠎ᠡ ᠲᠥᠷᠤᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠶ | ᠪᠠᠶᠠᠯᠠᠭᠦᠯᠤᠨ ᠪᠦᠬᠦ ᠤᠯᠤᠰ ᠤᠨ ᠵᠢᠷᠭᠤᠳᠤᠭᠠᠷ ᠬᠤᠭᠤᠴᠠᠭᠠᠨ ᠤ ᠬᠤᠰᠢᠭᠤ ᠰᠢᠶᠠᠨ ᠤ ᠲᠠᠰ ᠤᠨ ᠪᠣᠯᠪᠠᠰᠤᠨ | ᠬᠤᠲᠠ ᠶᠢᠨ ᠢᠷᠠᠭᠤ ᠠᠯᠳᠠᠷ ᠢ ᠴᠢᠷᠮᠠᠶᠢᠨ ᠤᠯᠬᠤ ᠭᠡᠷᠡᠭᠳᠠᠢ ᠭᠡᠪᠡ᠃ | | | | | | | |