ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠨᠠᠨ ᠵᠢᠯᠤᠭᠤᠳᠤᠯᠭ᠎ᠠ ᠭᠢᠪᠡ
ᠨᠡᠶᠢᠲᠡᠯᠡᠭᠰᠡᠨ ᠴᠠᠭ᠄
2020-07-13
     7 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠣᠶᠤᠨ ᠤ ᠪᠤᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠸᠠᠩ ᠰᠢᠶᠣᠤ ᠫᠢᠩ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠭᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠥᠯᠥᠭᠡ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠢ ᠹᠧᠩ ᠯᠢᠦᠢ ᠶᠤᠸᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠪᠣᠯᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠤᠷᠴᠢᠨ ᠲᠣᠭᠤᠷᠢᠨ ᠤ ᠡᠭᠦᠳᠦᠨ ᠪᠠᠶᠢᠭᠤᠯᠤᠯᠳᠠ  ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠲᠤᠬᠠᠶ ᠶᠢᠨ ᠭᠠᠵᠠᠷ ᠲᠤᠨᠢ ᠠᠯᠪᠠᠯᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠵᠤ ᠡᠭᠦᠳᠦᠨ ᠪᠠᠶᠢᠭᠤᠯᠤᠯᠳᠠ ᠶᠢ ᠴᠢᠩᠭᠠᠳᠬᠠᠨ ᠨᠠᠷᠢᠨ ᠨᠢᠮᠪᠠᠶ ᠠᠵᠢᠯ ᠬᠢᠵᠦ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠭᠡᠷᠡᠭᠳᠠᠢ ᠭᠡᠵᠦ ᠴᠢᠬᠤᠯᠠᠴᠢᠯᠠᠪᠠ᠃
     ᠡᠷᠳᠡᠨᠢᠪᠢᠯᠢᠭ ᠨᠡᠷ ᠳᠣᠭᠤᠷᠢᠨ ᠪᠠᠶᠢᠴᠠᠭᠠᠵᠣ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠬᠦ ᠳᠤᠮᠳᠠ ᠵᠠᠮ ᠨᠢ ᠡᠩᠬᠦᠯ ᠳᠤᠩᠬᠤᠯ ᠰᠢᠪᠠᠷ ᠱᠠᠯᠴᠢᠭ ᠲᠠᠢ᠂ ᠲᠡᠷᠭᠡ ᠪᠠᠨ ᠲᠦᠷᠢᠮᠵᠢᠬᠦᠨ ᠦᠬᠡᠢ ᠵᠤᠭᠰᠤᠭᠠᠭᠰᠠᠨ᠂ ᠨᠣᠭᠤᠭᠠᠷᠠᠭᠤᠯᠤᠯᠲᠠ ᠬᠠᠯᠴᠠᠭᠠᠶᠢᠷᠠᠭᠰᠠᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠵᠢᠷᠤᠮᠵᠢᠭᠰᠠᠨ ᠦᠬᠡᠢ ᠵᠡᠷᠭᠡ ᠢᠯᠡᠷᠡᠬᠦᠯᠦᠭᠰᠡᠨ ᠠᠰᠠᠭᠤᠳᠠᠯ ᠳᠤ ᠴᠢᠭᠯᠡᠭᠦᠯᠤᠨ  ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠢ ᠳᠠᠷᠦ᠋ᠢᠬᠠᠨ ᠥᠭᠡᠷᠡᠴᠢᠯᠡᠵᠦ ᠠᠰᠠᠭᠤᠳᠠᠯ ᠢ ᠰᠠᠶᠢᠲᠤᠷ ᠰᠢᠢᠳᠪᠤᠷᠢᠯᠠᠭᠦ ᠶᠢ ᠱᠠᠭᠠᠷᠳᠠᠵᠠᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ‌‍ᠶᠢ ᠢᠮᠠᠭᠳᠠ ᠪᠠᠷᠢᠮᠳᠠᠯᠠᠨ ᠡᠭᠦᠳᠦᠨ ᠪᠠᠶᠢᠭᠤᠯᠤᠯᠳᠠ ᠶᠢᠨ ᠪᠠᠷᠢᠮᠵᠢᠶ᠎ᠠ ᠲᠠᠢ ᠬᠠᠷᠢᠴᠠᠭᠤᠯᠵᠦ ᠪᠠᠭᠤᠷᠠᠶ ᠭᠤᠭᠴᠤᠭ᠎ᠠ ᠪᠣᠯᠤᠨ ᠨᠠᠷᠢᠨ ᠵᠥᠢᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ  ᠪᠥᠬᠦ ᠬᠦᠴᠦᠨ ᠢᠶᠠᠷ ᠢᠶᠠᠨ ᠰᠢᠪᠲᠤᠯᠤᠯᠲᠠ ᠭᠢᠭᠦ ᠭᠡᠷᠡᠭᠳᠠᠢ᠃ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ ᠶᠢ ᠴᠢᠩᠭᠠᠳᠬᠠᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ᠂ ᠨᠣᠭᠤᠭ᠎ᠠ ᠵᠢᠮᠢᠰ ᠤᠨ ᠵᠠᠬ᠎ᠠ ᠲᠡᠯᠭᠡᠭᠦᠷ ᠤᠨ ᠨᠥᠬᠦᠴᠡᠯ ᠢ ᠲᠡᠭᠦᠯᠳᠡᠷᠵᠢᠭᠦᠯᠤᠨ ᠡᠯ᠎ᠡ ᠠᠵᠢᠯ ᠲᠦᠷᠦᠯ ᠤᠨ ᠤᠯᠠᠨ ᠲᠦᠮᠡᠨ ᠤ ᠠᠰᠢᠭ ᠬᠦᠷᠳᠡᠭᠰᠡᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ ᠢ ᠲᠡᠭᠡᠭᠰᠢᠯᠠᠭᠦᠯᠭᠦ ᠭᠡᠷᠡᠭᠳᠠᠢ᠃ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠪᠠᠶᠢᠩᠭᠤᠵᠢᠭᠰᠠᠨ ᠡᠵᠡᠩᠨᠡᠯᠲᠡ ᠬᠠᠮᠢᠶᠠᠷᠤᠯᠲᠠ ᠶᠢᠨ ᠤᠶᠢᠯᠠᠭᠠᠭᠳᠠᠬᠤᠨ ᠢ ᠪᠠᠷᠢᠮᠳᠠᠯᠠᠨ ᠲᠤᠰᠬᠠᠶ ᠲᠥᠷᠤᠯ ᠤᠨ ᠬᠠᠤᠯᠢ ᠬᠡᠷᠡᠭᠵᠢᠭᠦᠯᠦᠯᠲᠡ ᠪᠠ ᠰᠠᠶᠢᠨ ᠳᠤᠷ᠎ᠠ ᠶᠢᠨ ᠥᠢᠯᠡᠴᠢᠯᠡᠭᠡ ᠶᠢ ᠵᠠᠬ᠎ᠠ ᠲᠡᠯᠭᠡᠭᠦᠷ ᠲᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ ᠪᠣᠯᠪᠠᠰᠤᠨ ᠦᠢᠯᠡ ᠠᠵᠢᠯᠯᠠᠭ᠎ᠠ‌‍ᠶᠢ ᠵᠢᠯᠣᠭᠤᠳᠣᠨ ᠠᠮᠤᠷ ᠲᠦᠪᠰᠢᠨ᠂ ᠪᠣᠯᠪᠠᠰᠤᠨ᠂ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠤᠯᠭᠠᠬᠤ ᠭᠡᠷᠡᠭᠳᠠᠢ᠃ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠪᠠ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠤᠷᠢᠶ᠎ᠠ ᠶᠢ ᠵᠦᠶ ᠵᠣᠬᠢᠰᠲᠠᠶ ᠲᠥᠯᠥᠪᠵᠢᠭᠦᠯᠦᠨ ᠪᠠᠶᠢᠷᠢᠯᠠᠭᠤᠯᠵᠤ   ᠪᠣᠯᠪᠠᠰᠤᠨ ᠤ ᠣᠶᠢᠯᠠᠭᠠᠭᠳᠠᠬᠤᠨ ᠢ ᠳᠠᠮᠵᠢᠭᠤᠯᠤᠨ ᠣᠯᠠᠨ ᠲᠦᠮᠡᠨ ᠤ ᠡᠵᠡᠨ ᠬᠥᠮᠦᠨ ᠤ ᠦᠵᠡᠯ ᠤᠬᠠᠮᠰᠠᠷ ᠢ ᠬᠥᠭᠵᠢᠭᠡᠬᠦ ᠬᠡᠷᠡᠭᠲᠡᠶ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠨᠢᠭᠡᠳᠦᠭᠡᠷ ᠹᠷᠣᠨᠲ ᠲᠤ ᠺᠠᠳ᠋ᠷ ᠢ ᠭᠥᠮᠤᠵᠢᠭᠦᠯᠤᠨ ᠳᠠᠪᠲᠠᠨ ᠪᠣᠯᠪᠠᠰᠤᠷᠠᠭᠤᠯᠵᠤ ᠺᠠᠳ᠋ᠷ ᠤᠨ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠲᠡᠭᠡᠭᠰᠢᠯᠠᠭᠦᠯᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号