ᠰᠢ ᠶᠢᠨ ᠫᠢᠩ᠄ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠵᠤᠷᠢᠬᠳᠡᠢ ᠪᠠᠷ ᠬᠠᠷᠢᠭᠤᠴᠠᠯᠭ᠎ᠠ ᠡᠬᠦᠷᠬᠡᠯᠡᠵᠤ ᠡᠮᠤᠨ᠎ᠡ ᠹᠷᠤᠨᠲ ᠲᠤ ᠬᠦᠨᠵᠡᠬᠡᠶᠢᠷᠡᠨ ᠲᠤᠬᠠᠢ ᠶᠢᠨ ᠭᠠᠵᠠᠷ ᠲᠤᠨᠢ ᠵᠢᠯᠤᠭᠤᠳᠴᠦ ᠬᠠᠮᠤᠭ ᠤᠨ ᠶᠡᠭᠡ ᠴᠢᠷᠮᠡᠶᠢᠯᠭ᠎ᠠ ᠭᠠᠷᠭᠠᠵᠥ ᠪᠠᠶᠢᠭᠠᠳ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠳᠤᠯᠠᠬᠤ ᠬᠡᠷᠡᠭᠳᠡᠢ
ᠨᠡᠶᠢᠲᠡᠯᠡᠭᠰᠡᠨ ᠴᠠᠭ᠄
2020-07-15
     ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠦᠶᠡᠷ ᠢ ᠰᠡᠷᠬᠡᠶᠢᠯᠡᠵᠥ ᠭᠠᠮᠰᠢᠭ ᠠᠴᠠ ᠠᠪᠤᠷᠠᠬᠤ ᠠᠵᠢᠯ ᠢ ᠴᠢᠨᠠᠬᠰᠢᠳᠠ ᠰᠠᠶᠢᠳᠤᠷ ᠬᠢᠬᠦ ᠲᠤᠬᠠᠢ ᠴᠢᠬᠤᠯᠠ ᠵᠢᠭᠠᠪᠤᠷᠢ ᠦᠭᠪᠠ᠃      ᠰᠢ ᠶᠢᠨ ᠫᠢᠩ᠂ ᠤᠢᠢᠷ᠎ᠡ ᠶᠢᠨ ᠬᠤᠭᠤᠴᠠᠭᠠᠨ ᠳᠤ ᠬᠦᠬᠡᠮᠦ᠋ᠷᠡᠨ ᠪᠠ ᠬᠤᠸᠠᠶᠢᡁᠧ ᠭᠤᠤᠯ ᠵᠡᠷᠬᠡ ᠶᠢᠨ ᠤᠷᠤᠰᠬᠠᠯ ᠲᠠᠭᠠᠤ ᠤᠷᠤᠨ᠂ ᠳ᠋ᠦᠩ ᠲᠢᠩ ᠬᠤ᠋ ᠨᠠᠭᠤᠷ᠂ ᠫᠦᠸᠧ ᠶᠠᠩ ᠬᠤ᠋ ᠨᠠᠭᠤᠷ ᠪᠤᠯᠤᠨ ᠲᠠᠢ ᠬᠤ᠋ ᠨᠠᠭᠤᠷ ᠵᠡᠷᠬᠡ ᠨᠠᠭᠤᠷ ᠤᠨ ᠤᠰᠤᠨ ᠲᠦᠪᠰᠢᠨ ᠰᠡᠷᠬᠡᠶᠢᠯᠡᠯᠳᠡ ᠶᠢᠨ ᠤᠰᠤᠨ ᠲᠦᠪᠰᠢᠨ ᠠᠴᠠ ᠲᠠᠪᠠᠭᠰᠠᠠ ᠪᠠᠶᠢᠳᠠᠯ ᠳᠤ ᠤᠷᠤᠰᠢᠵᠥ᠂ ᠴᠦᠩᠴᠢᠩ᠂ ᠵᠢᠶᠠᠩᠰᠢ᠂ ᠠᠨᡁᠦ᠋ᠢ᠂ ᠬᠤᠪᠸᠢ᠂ ᠬᠤᠨᠠᠨ᠂ ᠵᠢᠶᠠᠩᠰᠦ᠂ ᠵᠧᠵᠢᠶᠠᠩ ᠵᠡᠷᠬᠡ ᠭᠠᠵᠠᠷ ᠲᠤ ᠬᠦᠨᠳᠤ ᠨᠤᠴᠢᠳᠠᠢ ᠦᠶᠡᠷ ᠤᠰᠤᠳᠤᠯ ᠤᠨ ᠭᠠᠮᠰᠢᠭ ᠭᠠᠷᠴᠦ᠂ ᠬᠦᠮᠥᠨ ᠬᠠᠷ᠎ᠠ ᠦᠬᠦᠵᠥ ᠰᠢᠷᠬᠠᠳᠤᠬᠰᠠᠠ ᠪᠠ ᠡᠳ᠋ ᠬᠦᠷᠦᠩᠬᠡ ᠬᠤᠬᠢᠷᠡᠵᠥ᠂ ᠦᠶᠡᠷ ᠢ ᠰᠡᠷᠬᠡᠶᠢᠯᠡᠬᠦ ᠪᠠᠶᠢᠳᠠᠯ ᠲᠦᠢᠯ ᠤᠨ ᠬᠦᠨᠳᠤ ᠨᠤᠴᠢᠳᠠᠢ ᠪᠠᠶᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠤᠳᠤ ᠦᠶᠡᠷ ᠢ ᠰᠡᠷᠬᠡᠶᠢᠯᠡᠬᠦ ᠵᠠᠩᠬᠢᠯᠠᠭ᠎ᠠ ᠶᠢᠨ ᠬᠤᠭᠤᠴᠠᠭᠠᠨ ᠳᠤ ᠤᠷᠤᠪᠠ᠂ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠥ ᠵᠤᠷᠢᠬᠳᠡᠢ ᠪᠠᠷ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠂ ᠡᠯ᠎ᠡ ᠱᠠᠳᠤᠨ ᠤ ᠤᠳᠤᠷᠢᠳᠬᠤ ᠺᠠᠳ᠋ᠷᠴᠤᠳ ᠡᠮᠤᠨ᠎ᠡ ᠹᠷᠤᠨᠲ ᠲᠤ ᠬᠦᠨᠵᠡᠬᠡᠶᠢᠷᠡᠨ ᠲᠤᠬᠠᠢ ᠶᠢᠨ ᠭᠠᠵᠠᠷ ᠲᠤᠨᠢ ᠵᠢᠯᠤᠭᠤᠳᠴᠦ᠂ ᠦᠷᠬᠡᠨ ᠤᠯᠠᠨ ᠺᠠᠳ᠋ᠷ ᠤᠯᠠᠨ ᠲᠦᠮᠡᠨ ᠢ ᠵᠤᠬᠢᠶᠠᠨ ᠪᠠᠶᠢᠭᠤᠯᠤᠨ᠂ ᠨᠡᠩ ᠬᠦᠴᠦᠳᠠᠢ ᠨᠡᠩ ᠪᠦᠳᠦᠮᠵᠢᠳᠡᠢ ᠠᠷᠭ᠎ᠠ‌‍ᠬᠡᠮᠵᠢᠶ᠎ᠡ ᠠᠪᠴᠦ᠂ ᠬᠢᠨᠠᠨ ᠬᠡᠮᠵᠢᠵᠥ ᠤᠷᠢᠳᠴᠢᠯᠠᠨ ᠰᠡᠷᠡᠮᠵᠢᠯᠡᠬᠦᠯᠬᠦ᠂ ᠲᠠᠯᠠᠩ ᠴᠦᠬᠦᠷᠤᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠂ ᠭᠠᠮᠰᠢᠬᠳᠠᠭᠰᠠᠠ ᠤᠯᠠᠨ ᠲᠦᠮᠡᠨ ᠢ ᠲᠦᠪᠬᠢᠨᠡᠬᠦᠯᠬᠦ ᠵᠡᠷᠬᠡ ᠡᠯ᠎ᠡ ᠵᠦᠢᠯ ᠤᠨ ᠠᠵᠢᠯ ᠢ ᠦᠨᠡᠨ ᠬᠦ ᠰᠠᠶᠢᠳᠤᠷ ᠬᠢᠵᠥ᠂ ᠪᠦᠬᠦ ᠬᠦᠴᠦᠨ ᠢᠶᠠᠷ ᠠᠪᠤᠷᠠᠨ ᠲᠤᠰᠠᠯᠠᠵᠥ᠂ ᠬᠠᠮᠤᠭ ᠤᠨ ᠶᠡᠭᠡ ᠴᠢᠷᠮᠡᠶᠢᠯᠭ᠎ᠠ ᠭᠠᠷᠭᠠᠵᠥ ᠪᠠᠶᠢᠭᠠᠳ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠳᠤᠯᠠᠬᠤ ᠬᠡᠷᠡᠭᠳᠡᠢ᠃ ᠤᠯᠤᠰ ᠤᠨ ᠦᠶᠡᠷ ᠢ ᠰᠡᠷᠬᠡᠶᠢᠯᠡᠵᠥ ᠭᠠᠩ ᠬᠠᠭᠰᠠᠷᠠᠭᠠᠨ ᠲᠠᠢ ᠲᠡᠮᠡᠴᠡᠬᠦ ᠶᠡᠷᠤᠩᠬᠡᠢ ᠵᠢᠯᠤᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠶᠠᠮᠤᠨ᠂ ᠤᠰᠤᠨ ᠠᠰᠢᠬᠯᠠᠯᠳᠠ ᠶᠢᠨ ᠶᠠᠮᠤᠨ ᠵᠡᠷᠬᠡ ᠰᠠᠯᠠᠭ᠎ᠠ ᠮᠦᠴᠢᠷ ᠤᠳ ᠨᠢᠬᠡᠳᠤᠯᠳᠡᠢ ᠲᠦᠯᠥᠪᠵᠢᠬᠦᠯᠥᠨ ᠵᠤᠬᠢᠴᠠᠭᠤᠯᠬᠤ ᠪᠠᠨ ᠴᠢᠩᠭᠠᠳᠬᠠᠵᠥ᠂ ᠠᠪᠤᠷᠠᠨ ᠲᠤᠰᠠᠯᠠᠬᠤ ᠬᠦᠴᠦᠨ ᠪᠤᠯᠤᠨ ᠭᠠᠮᠰᠢᠭ ᠠᠴᠠ ᠠᠪᠤᠷᠠᠬᠤ ᠡᠳ᠋ ᠪᠤᠳᠠᠰ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠬᠡᠷᠡᠭᠳᠡᠢ᠃ ᠲᠤᠬᠠᠢ ᠶᠢᠨ ᠭᠠᠵᠠᠷ ᠲᠤ ᠰᠠᠭᠤᠭ᠎ᠠ ᠴᠢᠯᠥᠬᠡᠯᠡᠬᠦ ᠴᠡᠷᠢᠭ ᠪᠤᠯᠤᠨ ᠵᠡᠪᠰᠡᠭᠳᠤ ᠴᠠᠭᠳᠠᠭᠠᠨ ᠤ ᠴᠡᠷᠢᠭ ᠠᠩᠬᠢ ᠶᠢᠨ ᠬᠢᠨ ᠠᠶᠤᠯ ᠭᠠᠮᠰᠢᠭ ᠠᠴᠠ ᠠᠪᠤᠷᠠᠬᠤ ᠠᠵᠢᠯ ᠳᠤ ᠢᠳᠡᠪᠬᠢᠳᠡᠢ ᠤᠷᠤᠯᠴᠠᠬᠤ ᠬᠡᠷᠡᠭᠳᠡᠢ ᠬᠡᠵᠥ ᠴᠢᠬᠤᠯᠠᠴᠢᠯᠠᠪᠠ᠃      ᠰᠢ ᠶᠢᠨ ᠫᠢᠩ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠦᠶᠡᠷ ᠢ ᠰᠡᠷᠬᠡᠶᠢᠯᠡᠵᠥ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠰᠠᠶᠢᠳᠤᠷ ᠠᠳᠬᠤᠬᠤ ᠶᠢᠨ ᠵᠡᠷᠬᠡ ᠪᠠᠷ ᠭᠠᠮᠰᠢᠭ ᠤᠨ ᠲᠠᠷᠠᠭᠠᠬᠢ ᠲᠠᠬᠢᠨ ᠪᠦᠳᠦᠬᠡᠨ ᠪᠠᠶᠢᠭᠤᠯᠬᠤ ᠠᠵᠢᠯ ᠢ ᠨᠢᠮᠪᠠᠢ ᠲᠦᠯᠥᠪᠯᠡᠵᠥ᠂ ᠦᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠢ ᠲᠠᠷᠦ᠋ᠢᠬᠠᠨ ᠰᠡᠷᠬᠦᠬᠡᠬᠦ ᠬᠡᠷᠡᠭᠳᠡᠢ᠃ ᠭᠠᠮᠰᠢᠬᠳᠠᠭᠰᠠᠠ ᠤᠯᠠᠨ ᠲᠦᠮᠡᠨ ᠢ ᠬᠠᠪᠰᠤᠷᠤᠨ ᠲᠡᠳᠬᠦᠵᠥ ᠠᠪᠤᠷᠠᠨ ᠲᠤᠰᠠᠯᠠᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠥ᠂ ᠭᠠᠮᠰᠢᠭ ᠠᠴᠠ ᠪᠤᠯᠵᠥ ᠶᠠᠳᠠᠭᠤᠷᠠᠬᠤ ᠪᠠ ᠭᠠᠮᠰᠢᠭ ᠠᠴᠠ ᠪᠤᠯᠵᠤ ᠲᠠᠬᠢᠨ ᠶᠠᠳᠠᠭᠤᠷᠠᠬᠤ ᠶᠢ ᠰᠡᠷᠬᠡᠶᠢᠯᠡᠬᠦ ᠬᠡᠷᠡᠭᠳᠡᠢ ᠬᠡᠵᠥ ᠱᠠᠭᠠᠷᠳᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号