ᠰᠢ ᠶᠢᠨ ᠫᠢᠩ ᠰᠢᠩᠭᠠᠫᠤᠷ ᠤᠨ ᠶᠡᠷᠦᠩᠭᠡᠢ ᠰᠠᠶᠢᠳ ᠯᠢ ᠰᠢᠶᠠᠨ ᠯᠦᠩ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-07-15
     ᠤᠯᠤᠰ ᠤᠨ ᠲᠡᠷᠢᠬᠦᠯᠡᠭᠴᠢ ᠰᠢ ᠶᠢᠨ ᠫᠢᠩ 7 ᠰᠠᠷ᠎ᠠ ᠶᠢᠨ 14 ᠤ ᠡᠳᠦᠷ ᠰᠢᠩᠭᠠᠫᠤᠷ ᠤᠨ ᠶᠡᠷᠦᠩᠭᠡᠢ ᠰᠠᠶᠢᠳ ᠯᠢ ᠰᠢᠶᠠᠨ ᠯᠦᠩ ᠲᠠᠢ ᠤᠳᠠᠰᠤ ᠪᠠᠷ ᠶᠠᠷᠢᠯᠴᠠᠪᠠ᠃      ᠰᠢ ᠶᠢᠨ ᠫᠢᠩ ᠡᠩ ᠲᠠᠷᠢᠬᠦᠨ ᠳᠤ ᠯᠢ ᠰᠢᠶᠠᠨ ᠯᠦᠩ ᠤᠨ ᠠᠷᠠᠳ ᠤᠨ ᠠᠵᠢᠯᠯᠠᠭ᠎ᠠ ᠨᠠᠮ ᠢ ᠳᠠᠭᠠᠭᠤᠯᠤᠨ ᠤᠢᠢᠷ᠎ᠠ ᠶᠢᠨ ᠡᠳᠦᠷ ᠪᠦᠬᠦ ᠤᠯᠤᠰ ᠤᠨ ᠢᠶᠠᠨ ᠶᠡᠭᠡ ᠰᠤᠩᠭᠤᠭᠤᠯᠢ ᠳᠤ ᠢᠯᠠᠬᠰᠠᠨ ᠳᠤᠨᠢ ᠪᠠᠶᠠᠷ ᠬᠦᠷᠭᠡᠪᠡ᠃ ᠰᠢ ᠶᠢᠨ ᠫᠢᠩ᠂ ᠰᠢᠩᠭᠠᠫᠤᠷ ᠤᠨ ᠬᠢᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠬᠦ ᠲᠠᠯ᠎ᠠ ᠪᠠᠷ ᠢᠳᠡᠪᠬᠢᠳᠠᠢ ᠠᠮᠵᠢᠯᠳᠠ ᠤᠯᠤᠭᠰᠠᠨ‌‍ᠳᠤ ᠪᠢ ᠮᠠᠰᠢ ᠪᠠᠶᠠᠷᠯᠠᠵᠦ ᠪᠠᠶᠢᠨ᠎ᠠ᠂ ᠲᠠᠨ ᠤ ᠤᠳᠤᠷᠢᠳᠤᠯᠭ᠎ᠠ ᠳᠤᠤᠷ᠎ᠠ ᠰᠢᠩᠭᠠᠫᠤᠷ ᠤᠨ ᠠᠷᠠᠳ ᠲᠦᠮᠡᠨ ᠯᠠᠪᠳᠠᠢ ᠡᠷᠳᠡ ᠡᠳᠦᠷ ᠬᠢᠵᠢᠭ ᠤᠨ ᠪᠠᠶᠢᠳᠠᠯ ᠢ ᠲᠠᠶᠢᠯᠠᠨ ᠢᠯᠠᠵᠦ᠂ ᠠᠵᠤ ᠠᠬᠤᠢ ᠨᠡᠶᠢᠭᠡᠮ ᠤᠨ ᠠᠮᠢᠵᠢᠷᠠᠯ ᠤᠨ ᠬᠦᠴᠦ ᠪᠠᠨ ᠰᠡᠷᠬᠦᠭᠡᠨ᠎ᠠ ᠭᠡᠳᠡᠭ ᠢ ᠢᠳᠡᠭᠡᠵᠦ ᠪᠠᠶᠢᠨ᠎ᠠ᠃ ᠳᠤᠮᠳᠠᠳᠤ ᠶᠢᠨ ᠲᠠᠯ᠎ᠠ ᠠᠴᠠ ᠰᠢᠩᠭᠠᠫᠤᠷ ᠤᠨ ᠬᠢᠨ ᠳᠤ ᠦᠷᠬᠦᠯᠵᠢᠯᠡᠨ ᠡᠷᠡᠰ ᠪᠠᠳᠤ ᠳᠡᠮᠵᠢᠯᠭᠡ ᠦᠵᠡᠬᠦᠯᠦᠨ᠎ᠠ᠃ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠬᠦ ᠶᠠᠪᠤᠴᠠ ᠳᠤ ᠳᠤᠮᠳᠠᠳᠤ ᠤᠯᠤᠰ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢᠨ ᠤᠢᠢᠯᠠᠭᠠᠭᠳᠠᠬᠤᠨ ᠢ ᠪᠠᠷᠢᠮᠳᠠᠯᠠᠵᠦ᠂ ᠡᠯ᠎ᠠ ᠤᠯᠤᠰ ᠯᠤᠭ᠎ᠠ ᠲᠤᠷᠰᠢᠯᠭ᠎ᠠ ᠪᠠᠨ ᠤᠬᠳᠤ ᠦᠯᠡᠳᠡᠭᠡᠯ ᠦᠭᠡᠢ ᠬᠤᠪᠢᠶᠠᠯᠴᠠᠨ᠂ ᠴᠢᠳᠠᠯ ᠤᠨ ᠬᠢᠷᠢ ᠪᠠᠷ ᠳᠡᠯᠡᠭᠡᠢ ᠨᠡᠶᠢᠭᠡᠮ ᠳᠤ ᠡᠳ᠋ ᠪᠤᠳᠠᠰ ᠪᠠ ᠮᠡᠷᠭᠡᠵᠢᠯ ᠤᠨ ᠳᠡᠮᠵᠢᠯᠭᠡ ᠦᠵᠡᠬᠦᠯᠵᠡᠢ᠃ ᠳᠤᠮᠳᠠᠳᠤ ᠶᠢᠨ ᠲᠠᠯ᠎ᠠ ᠳᠤᠷᠠᠳᠠᠶ᠎ᠠ ᠰᠢᠩᠭᠠᠫᠤᠷ ᠤᠨ ᠬᠢᠨ ᠲᠠᠢ ᠬᠠᠮᠳᠦ ᠳᠡᠯᠡᠭᠡᠢ ᠨᠡᠶᠢᠭᠡᠮ ᠢᠶᠠᠷ ᠢᠶᠠᠨ ᠪᠦᠯᠬᠦᠮᠳᠡᠨ ᠬᠢᠵᠢᠭ ᠲᠠᠢ ᠲᠡᠮᠡᠴᠡᠬᠦ ᠶᠢ ᠳᠡᠮᠵᠢᠵᠤ᠂ ᠳᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠶᠢ ᠳᠡᠮᠵᠢᠵᠦ᠂ ᠬᠦᠮᠦᠨ ᠲᠦᠷᠦᠯᠬᠢᠳᠡᠨ ᠤ ᠡᠷᠡᠬᠦᠯ ᠬᠠᠮᠠᠭᠠᠯᠠᠯ ᠤᠨ ᠬᠠᠮᠳᠦ ᠶᠢᠨ ᠴᠤᠬᠴᠠ ᠶᠢ ᠬᠠᠮᠳᠤ ᠪᠠᠷ ᠴᠤᠬᠴᠠᠯᠠᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠳᠤᠮᠳᠠᠳᠤ ᠰᠢᠩᠭᠠᠫᠤᠷ ᠬᠤᠶᠠᠷ ᠤᠯᠤᠰ ᠤᠨ ᠵᠠᠰᠠᠭ‌‍ᠤᠨ ᠤᠷᠳᠤᠨ ᠪᠤᠯᠤᠨ ᠡᠯ᠎ᠠ ᠡᠳᠡᠭᠡᠳ ᠤᠨ ᠬᠢᠨ ᠬᠠᠷᠢᠯᠴᠠᠨ ᠳᠡᠮᠵᠢᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠪᠠ᠃ ᠬᠤᠶᠠᠷ ᠤᠯᠤᠰ ᠡᠩ ᠲᠡᠷᠢᠭᠦᠨ ᠳᠤ ᠴᠢᠬᠤᠯᠠ ᠪᠦᠬᠦᠢ ᠬᠦᠮᠦᠰ ᠤᠨ ᠶᠠᠪᠤᠯᠴᠠᠭ᠎ᠠ ᠳᠤ ︽ᠲᠦᠬᠦᠮ ᠳᠦᠳᠡ ᠵᠠᠮ︾ ᠢ ᠨᠡᠪᠳᠡᠷᠡᠬᠦᠯᠦᠨ ᠦᠭᠴᠦ᠂ ᠭᠠᠵᠠᠷ ᠤᠷᠤᠨ ᠤ ᠬᠠᠩᠭᠠᠯᠭ᠎ᠠ ᠶᠢᠨ ᠭᠡᠯᠬᠢᠶ᠎ᠠ ᠪᠤᠯᠤᠨ ᠠᠵᠤ ᠦᠢᠯᠡᠰ ᠤᠨ ᠭᠡᠯᠬᠢᠶ᠎ᠠ ᠶᠢᠨ ᠰᠠᠭᠠᠳ ᠦᠭᠡᠢ ᠪᠠᠶᠢᠬᠤ ᠶᠢ ᠬᠦᠴᠦ ᠬᠠᠮᠳᠤᠷᠠᠨ ᠠᠬᠢᠭᠤᠯᠵᠠᠢ᠃ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠨᠢ ᠲᠤᠮᠳᠠᠳᠤ ᠰᠢᠩᠭᠠᠫᠦᠷ ᠤᠨ ᠬᠠᠷᠢᠯᠴᠠᠭᠠᠨ ᠤ ᠰᠢᠨ᠎ᠡ ᠬᠢᠯᠠᠰ ᠴᠡᠭ ᠪᠤᠯᠵᠥ ᠂ ᠬᠤᠶᠠᠷ ᠤᠯᠤᠰ ᠤᠨ ᠬᠠᠷᠢᠯᠴᠠᠭᠠᠨ ᠤ ᠪᠠᠷᠠᠯᠠᠯᠳᠦ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠡᠷ᠂ ᠵᠢᠱᠢᠶ᠎ᠡ ᠦᠵᠡᠬᠦᠯᠬᠦ ᠴᠢᠨᠠᠷ ᠢ ᠲᠠᠬᠢᠨᠳᠡ ᠬᠠᠷᠠᠭᠤᠯᠤᠭᠰᠠᠨ ᠪᠦᠬᠡᠳ ᠲᠤᠮᠳᠠᠳᠤ ᠰᠢᠩᠭᠠᠫᠦᠷ ᠤᠨ ᠪᠦᠬᠦ ᠲᠡᠯ᠎ᠡ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠳᠤ ᠰᠢᠨ᠎ᠡ ᠠᠭᠤᠯᠤᠬᠳᠠᠬᠤᠨ ᠨᠡᠮᠡᠷᠢᠯᠡᠪᠡ᠃ ᠡᠨᠡ ᠵᠢᠯ ᠪᠤᠯ ᠲᠤᠮᠳᠠᠳᠤ ᠰᠢᠩᠭᠠᠫᠦᠷ ᠤᠨ ᠬᠠᠷᠢᠯᠴᠠᠭ᠎ᠠ ᠪᠠᠶᠢᠭᠤᠯᠤᠬᠰᠠᠠ 30 ᠵᠢᠯ ᠤᠨ ᠤᠢ ᠪᠤᠯᠤᠨ᠎ᠠ᠂ ᠬᠤᠶᠠᠷ ᠤᠯᠤᠰ ᠤᠨ ᠬᠠᠷᠢᠯᠴᠠᠭ᠎ᠠ ᠲᠡᠤᠬᠡ ᠶᠢᠨ ᠰᠢᠨ᠎ᠡ ᠭᠠᠷᠤᠭ᠎ᠠ ᠳᠤ ᠵᠤᠭᠰᠤᠯ᠎ᠠ᠃ ᠬᠤᠶᠠᠷ ᠲᠡᠯ᠎ᠡ ᠪᠠᠷ ᠢᠶᠠᠨ ᠠᠮᠢᠳᠤᠯᠢᠭ ᠤᠯᠠᠨ ᠶᠠᠩᠵᠤ ᠶᠢᠨ ᠬᠡᠯᠪᠡᠷᠢ ᠪᠠᠷ ᠪᠡᠯᠬᠡᠯᠡᠬᠦ ᠠᠵᠢᠯᠯᠠᠭ᠎ᠠ ᠦᠷᠨᠢᠬᠦᠯᠵᠥ᠂ ᠬᠤᠶᠠᠷ ᠤᠯᠤᠰ ᠤᠨ ᠨᠦᠬᠦᠷᠯᠡᠯ ᠢ ᠠᠷᠠᠳ ᠤᠨ ᠰᠡᠳᠬᠢᠯ ᠳᠤ ᠬᠦᠨ ᠰᠠᠭᠤᠭᠳᠠᠭᠤᠯᠤᠶ᠎ᠠ᠃ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠪᠠᠨ ᠴᠢᠩᠭᠠᠳᠬᠠᠵᠥ᠂ ᠲᠤᠰ ᠤᠯᠤᠰ ᠲᠤ ᠪᠠᠶᠢᠭ᠎ᠠ ᠨᠦᠬᠦᠬᠡ ᠤᠯᠤᠰ ᠤᠨ ᠢᠶᠠᠨ ᠠᠷᠠᠳ ᠢᠷᠬᠡᠳ ᠤᠨ ᠠᠮᠢ ᠨᠠᠰᠤᠨ‌‍ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ ᠤᠨ ᠡᠷᠡᠬᠦᠯ ᠮᠡᠨᠳᠤ ᠶᠢ ᠦᠨᠡᠨ ᠬᠦ ᠪᠠᠳᠤᠯᠠᠶ᠎ᠠ᠃ ︽ᠲᠦᠬᠦᠮ ᠲᠦᠳᠡ ᠵᠠᠮ︾ ᠢ ᠬᠦᠢᠴᠡᠳ ᠰᠠᠶᠢᠳᠤᠷ ᠠᠰᠢᠬᠯᠠᠵᠥ᠂ ᠬᠤᠶᠠᠷ ᠤᠯᠤᠰ ᠤᠨ ᠠᠵᠢᠯ  ᠦᠢᠯᠡᠳᠪᠦᠷᠢᠯᠡᠯ ᠢᠶᠠᠨ ᠰᠡᠷᠬᠦᠬᠡᠬᠦ ᠶᠢ ᠲᠦᠷᠬᠡᠳᠬᠡᠨ᠂ ᠬᠤᠶᠠᠷ ᠤᠯᠤᠰ ᠤᠨ ᠠᠵᠥ ᠠᠬᠤᠢ ᠶᠢᠨ ᠬᠦᠭᠵᠢᠯᠳᠡ ᠳᠤ ᠬᠦᠴᠦᠨ ᠨᠡᠮᠡᠷᠢᠯᠡᠶ᠎ᠡ᠃ ᠬᠤᠶᠠᠷ ᠲᠡᠯ᠎ᠡ ᠪᠠᠷ ᠢᠶᠠᠨ ︽ᠨᠢᠬᠡ ᠪᠦᠰᠡ ᠨᠢᠬᠡ ᠵᠠᠮ︾ ᠢ ᠬᠠᠮᠳᠤ ᠪᠠᠷ ᠪᠦᠳᠦᠬᠡᠨ ᠪᠠᠶᠢᠭᠤᠯᠬᠤ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠥ᠂ ︽ᠬᠠᠭᠤᠷᠠᠢ ᠲᠠᠯᠠᠢ ᠶᠢᠨ ᠰᠢᠨ᠎ᠡ ᠵᠠᠮ︾ ᠪᠤᠯᠤᠨ ᠭᠤᠷᠪᠠᠳᠠᠬᠴᠢ ᠲᠠᠯ᠎ᠠ ᠶᠢᠨ ᠬᠠᠮᠳᠤᠷᠠᠯᠴᠠᠭ᠎ᠠ ᠪᠠᠨ ᠤᠯᠠᠮ ᠰᠠᠶᠢᠨ ᠬᠢᠶ᠎ᠡ ᠃ ᠲᠤᠮᠳᠠᠳᠤ ᠤᠯᠤᠰ ᠦᠬᠡᠷᠡᠴᠢᠯᠡᠯᠳᠡ ᠨᠡᠬᠡᠬᠡᠯᠳᠡ ᠪᠠᠨ ᠦᠷᠬᠦᠯᠵᠢᠯᠡᠨ ᠬᠦᠨᠵᠡᠬᠡᠶᠢᠷᠡᠬᠦᠯᠵᠥ᠂ ᠠᠷᠠᠯᠵᠢᠶ᠎ᠠ ᠡᠵᠡᠩᠨᠡᠬᠦ ᠤᠷᠴᠢᠨ ᠢᠶᠠᠨ ᠰᠠᠶᠢᠵᠢᠷᠠᠭᠤᠯᠤᠨ᠎ᠠ᠂ ᠰᠢᠩᠭᠠᠫᠦᠷ ᠤᠨ ᠬᠢᠨ ᠤ ᠲᠤᠮᠳᠠᠳᠤ ᠤᠯᠤᠰ ᠤᠨ ᠠᠵᠥ ᠠᠬᠤᠢᠢᠯᠠᠯ ᠤᠨ ᠰᠢᠩᠭᠠᠫᠦᠷ ᠲᠠᠬᠢ ᠠᠵᠥ ᠠᠬᠤᠢ ᠶᠢᠨ ᠠᠵᠢᠯᠯᠠᠭ᠎ᠠ ᠳᠤ ᠰᠠᠶᠢᠨ ᠰᠠᠶᠢᠬᠠᠨ ᠨᠦᠬᠦᠴᠡᠯ ᠬᠠᠩᠭᠠᠵᠦ ᠦᠭᠬᠦ ᠶᠢ ᠬᠦᠰᠡᠵᠥ ᠪᠠᠶᠢᠨ᠎ᠠ᠃ ᠲᠤᠮᠳᠠᠳᠤ ᠤᠯᠤᠰ ᠲᠤᠷᠠᠳᠠᠶ᠎ᠠ ᠰᠢᠩᠭᠠᠫᠦᠷ ᠯᠤᠭ᠎ᠠ ᠬᠠᠮᠳᠤ ᠪᠠᠷ ᠴᠢᠷᠮᠡᠶᠢᠵᠥ᠂ ᠬᠠᠷᠰᠢᠯᠠᠯ ᠢ ᠠᠷᠢᠯᠭᠠᠨ᠂ ᠭᠠᠵᠠᠷ ᠤᠷᠤᠨ ᠤ ᠡᠩᠬᠡ ᠲᠠᠶᠢᠪᠤᠩ ᠲᠤᠭᠳᠠᠭᠤᠨ ᠪᠠᠶᠢᠳᠠᠯ ᠢ ᠬᠠᠮᠳᠤ ᠪᠠᠷ ᠰᠠᠶᠢᠳᠤᠷ ᠬᠠᠮᠠᠭᠠᠯᠠᠨ᠎ᠠ ᠬᠡᠵᠥ ᠴᠢᠬᠤᠯᠠᠴᠢᠯᠠᠪᠠ᠃      ᠯᠢ ᠰᠢᠶᠠᠨ ᠯᠦᠩ᠂ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠲᠡᠯᠡᠭᠡᠢ ᠳ᠋ᠠᠬᠢᠨ ᠳᠤ ᠬᠦᠨᠵᠡᠭᠡᠢ ᠨᠦᠯᠦᠭᠡ ᠤᠴᠠᠷᠠᠭᠤᠯᠪᠠ᠃ ᠲᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ ᠲᠤᠮᠳᠠᠳᠤ ᠤᠯᠤᠰ ᠨᠢᠭᠡᠨᠳᠠ ᠬᠢᠵᠢᠭ ᠤᠨ ᠪᠠᠶᠢᠳᠠᠯ ᠢ ᠠᠮᠵᠢᠯᠳᠠ ᠲᠠᠢ ᠡᠵᠡᠮᠳᠡᠭᠰᠡᠨ ᠪᠠᠶᠢᠨ᠎ᠠ᠃ ᠰᠢᠩᠭᠠᠫᠤᠷ ᠲᠤᠮᠳᠠᠳᠤ ᠬᠤᠶᠠᠷ ᠤᠯᠤᠰ ᠬᠢᠵᠢᠭ ᠲᠠᠢ ᠲᠡᠮᠡᠴᠡᠬᠦ ᠶᠠᠪᠤᠴᠠ ᠳᠤ ᠬᠠᠷᠢᠯᠴᠠᠨ ᠲᠠᠮᠵᠢᠵᠤ ᠬᠠᠷᠢᠯᠴᠠᠨ ᠬᠠᠪᠰᠤᠷᠤᠯᠴᠠᠵᠤ᠂ ᠰᠢᠩᠭᠠᠫᠤᠷ ᠤᠨ ᠬᠢᠵᠢᠭ ᠤᠨ ᠪᠠᠶᠢᠳᠠᠯ ᠢ ᠢᠯᠡᠨ ᠲᠠᠪᠠᠭ᠋ᠤ ᠳᠤ ᠢᠳᠡᠪᠬᠢᠳᠠᠢ ᠦᠢᠯᠡᠳᠦᠯ ᠦᠵᠡᠭᠦᠯᠪᠡ᠃ ᠰᠢᠩᠭᠠᠫᠤᠷ ᠤᠨ ᠬᠢᠨ ᠲᠤᠷᠠᠳᠠᠶ᠎ᠡ ᠲᠤᠮᠳᠠᠳᠤ ᠤᠯᠤᠰ ᠯᠤᠭ᠎ᠠ ᠲᠡᠭᠡᠳᠤ ᠲᠠᠪᠬᠤᠷᠭ᠎ᠠ ᠶᠢᠨ ᠶᠠᠪᠤᠯᠴᠠᠭ᠎ᠠ‌‍ᠪᠠᠨ ᠨᠢᠬᠳᠠᠷᠠᠭᠤᠯᠵᠤ᠂ ᠡᠯ᠎ᠡ ᠬᠦᠷᠢᠶᠠᠨ ᠳᠠᠬᠢ ᠬᠤᠶᠠᠷ ᠲᠠᠯ᠎ᠡ ᠪᠠ ᠤᠯᠠᠨ ᠲᠠᠯ᠎ᠡ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠎ᠡ᠃ ᠰᠢᠩᠭᠠᠫᠤᠷ ᠤᠨ ᠬᠢᠨ ᠲᠤᠮᠳᠠᠳᠤ ᠤᠯᠤᠰ ᠯᠤᠭ᠎ᠠ ᠸᠠᠺᠼᠢᠨ ᠰᠤᠳᠤᠯᠤᠨ ᠦᠢᠯᠡᠳᠬᠦ ᠪᠠ ᠡᠮ ᠲᠠᠩ ᠵᠡᠷᠭᠡ ᠲᠠᠯ᠎ᠡ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠦᠷᠬᠦᠯᠵᠢᠯᠡᠨ ︽ᠲᠦᠬᠦᠮ ᠲᠦᠳᠠ ᠵᠠᠮ︾ ᠢ ᠰᠠᠶᠢᠳᠤᠷ ᠠᠰᠢᠬᠯᠠᠨ᠂ ︽ᠲᠠᠯᠠᠢ ᠬᠠᠭᠤᠷᠠᠢ ᠶᠢᠨ ᠰᠢᠨ᠎ᠡ ᠵᠠᠮ︾ ᠢ ᠰᠠᠶᠢᠳᠤᠷ ᠪᠦᠳᠦᠭᠡᠨ ᠪᠠᠶᠢᠭᠤᠯᠵᠤ᠂ ᠠᠵᠢᠯ ᠦᠢᠯᠡᠳᠪᠤᠷᠢᠯᠡᠯ ᠢᠶᠠᠨ ᠰᠡᠷᠬᠦᠭᠡᠬᠦ ᠶᠢ ᠯᠠᠪᠳᠠᠭᠤᠨ ᠪᠠᠳᠤᠳᠠᠢ ᠠᠬᠢᠭᠤᠯᠤᠨ᠂ ᠠᠵᠤ ᠠᠬᠤᠢ ᠶᠢᠨ ᠰᠡᠷᠬᠦᠨ ᠬᠦᠭᠵᠢᠬᠦ ᠶᠢ ᠠᠬᠢᠭᠤᠯᠬᠤ ᠶᠢ ᠬᠦᠰᠡᠵᠤ ᠪᠠᠶᠢᠨ᠎ᠡ᠃ ᠰᠢᠩᠭᠠᠫᠤᠷ ᠤᠨ ᠬᠢᠨ ᠲᠤᠷᠠᠳᠠᠶ᠎ᠡ ᠲᠤᠮᠳᠠᠳᠤ ᠤᠯᠤᠰ ᠯᠤᠭ᠎ᠠ ᠴᠢᠯᠦᠭᠡᠳᠠᠢ ᠨᠡᠭᠡᠭᠡᠯᠳᠠᠳᠤ ᠠᠷᠠᠯᠵᠢᠶ᠎ᠡ ᠶᠢ ᠬᠠᠮᠳᠤ ᠪᠠᠷ ᠬᠠᠮᠠᠭᠠᠯᠠᠵᠤ᠂ ᠭᠠᠵᠠᠷ ᠤᠷᠤᠨ ᠤ ᠬᠠᠨᠭ᠍ᠭᠠᠯᠭ᠎ᠠ ᠶᠢᠨ ᠬᠡᠯᠬᠢᠶ᠎ᠡ ᠪᠤᠯᠤᠨ ᠠᠵᠤ ᠦᠢᠯᠡᠰ ᠤᠨ ᠬᠡᠯᠬᠢᠶ᠎ᠡ ᠶᠢᠨ ᠰᠠᠭᠠᠳ ᠦᠭᠡᠢ ᠪᠠᠶᠢᠬᠤ ᠶᠢ ᠦᠨᠡᠨ ᠬᠦ ᠪᠠᠳᠤᠯᠠᠨ᠎ᠡ᠂ ᠲᠤᠮᠳᠠᠳᠤ ᠤᠯᠤᠰ ᠤᠨ ᠠᠵᠤ ᠠᠬᠤᠢᠢᠯᠠᠯ ᠤᠨ ᠰᠢᠩᠭᠠᠫᠤᠷ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠳᠤ ᠢᠳᠡᠪᠬᠢᠳᠠᠢ ᠪᠠᠷ ᠤᠷᠤᠯᠴᠠᠬᠤ ᠶᠢ ᠪᠠᠶᠠᠷᠯᠡᠨ ᠤᠬᠳᠤᠵᠤ ᠪᠠᠶᠢᠨ᠎ᠡ ᠭᠡᠵᠤ ᠢᠯᠡᠳᠭᠡᠪᠡ᠃      ᠯᠢ ᠰᠢᠶᠠᠨ ᠯᠦᠩ ᠤᠢᠢᠷ᠎ᠡ ᠶᠢᠨ ᠡᠳᠦᠷ ᠲᠤᠮᠳᠠᠳᠤ ᠤᠯᠤᠰ ᠤᠨ ᠬᠦᠭᠡᠮᠦ᠋ᠷᠡᠨ ᠪᠠ ᠬᠤᠸᠠᠶᠢᠾᠧ ᠭᠤᠤᠯ ᠤᠨ ᠰᠠᠪᠠ ᠭᠠᠵᠠᠷ ᠲᠤ ᠦᠶᠠᠷ ᠤᠨ ᠭᠠᠮᠰᠢᠭ ᠪᠤᠯᠵᠦ ᠪᠠᠶᠢᠭ᠎ᠠ ᠳᠤ ᠲᠤᠬᠤᠨᠢᠭᠤᠯᠵᠤ ᠪᠠᠶᠢᠬᠤ ᠪᠠᠨ ᠢᠯᠡᠳᠭᠡᠪᠡ᠂ ᠰᠢ ᠶᠢᠨ ᠫᠢᠩ ᠲᠤᠭᠤᠨᠢᠭᠤᠯᠵᠤ ᠪᠠᠶᠢᠬᠤ ᠳᠤᠨᠢ ᠲᠡᠯᠡᠷᠬᠠᠵᠤ ᠪᠠᠶᠢᠬᠤ ᠪᠠᠨ ᠢᠯᠡᠳᠭᠡᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号