ᠰᠢ ᠶᠢᠨ ᠫᠢᠩ ᠲᠠᠢ ᠤᠯᠤᠰ ᠤᠨ ᠶᠡᠷᠦᠩᠭᠡᠢ ᠰᠠᠶᠢᠳ ᠪᠠ ᠢᠤᠢ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-07-15
     ᠤᠯᠤᠰ ᠤᠨ ᠲᠡᠷᠢᠬᠦᠯᠡᠭᠴᠢ ᠰᠢ ᠶᠢᠨ ᠫᠢᠩ 7 ᠰᠠᠷ᠎ᠠ ᠶᠢᠨ 14 ᠤ ᠡᠳᠦᠷ ᠲᠠᠢ ᠤᠯᠤᠰ ᠤᠨ ᠶᠡᠷᠦᠩᠭᠡᠢ ᠰᠠᠶᠢᠳ ᠪᠠ ᠢᠤᠢ ᠲᠠᠢ ᠤᠳᠠᠰᠤ ᠪᠠᠷ ᠶᠠᠷᠢᠯᠴᠠᠪᠠ᠃      ᠰᠢ ᠶᠢᠨ ᠫᠢᠩ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠳᠤᠮᠳᠠᠳᠤ ᠤᠯᠤᠰ ᠪᠤᠯᠤᠨ ᠲᠠᠢ ᠤᠯᠤᠰ ᠬᠠᠷᠢᠯᠴᠠᠨ ᠳᠡᠮᠵᠢᠵᠤ ᠴᠠᠭ ᠤᠨ ᠪᠡᠷᠭᠡ ᠶᠢ ᠬᠠᠮᠳᠤ ᠪᠠᠷ ᠲᠤᠭᠤᠯᠵᠤ᠂ ᠪᠤᠳᠠᠳᠦ ᠠᠵᠢᠯᠯᠠᠭ᠎ᠠ ᠪᠠᠷ ᠢᠶᠠᠨ ︽ᠨᠢᠭᠡ ᠭᠡᠷ ᠤᠨ ᠬᠦᠮᠦᠨ ᠮᠡᠳᠦ ᠳᠤᠳᠤᠨᠤ︾ ᠪᠠᠶᠢᠬᠤ ᠬᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ ᠤᠳᠤᠬᠠᠨ ᠳᠤ ᠬᠢᠵᠢᠭ ᠤᠨ ᠪᠠᠶᠢᠳᠠᠯ ᠮᠦᠨ ᠬᠦ ᠪᠦᠬᠦ ᠪᠦᠮᠪᠦᠷᠴᠡᠭ ᠲᠤ ᠦᠷᠪᠢᠰᠤᠨ ᠳᠡᠯᠭᠡᠷᠡᠵᠦ᠂ ᠳᠤᠮᠳᠠᠳᠤ ᠤᠯᠤᠰ ᠪᠤᠯᠤᠨ ᠲᠠᠢ ᠤᠯᠤᠰ ᠴᠦᠮ ᠭᠠᠳᠠᠨ᠎ᠠ ᠠᠴᠠ ᠬᠠᠯᠳᠠᠪᠤᠷᠢᠯᠠᠨ ᠤᠷᠤᠵᠦ ᠢᠷᠡᠬᠦ ᠶᠢ ᠰᠡᠷᠭᠡᠶᠢᠯᠡᠬᠦ᠂ ᠳᠤᠳᠤᠭᠠᠳᠤ ᠳᠠᠭᠠᠨ ᠲᠠᠬᠢᠨ ᠲᠡᠯᠭᠡᠷᠡᠬᠦ ᠶᠢ ᠰᠡᠷᠭᠡᠶᠢᠯᠡᠬᠦ ᠲᠠᠷᠤᠯᠳᠠ ᠳᠤ ᠲᠤᠯᠭᠠᠷᠠᠵᠦ ᠪᠠᠶᠢᠨ᠎ᠠ᠃ ᠳᠤᠮᠳᠠᠳᠤ ᠶᠢᠨ ᠲᠠᠯ᠎ᠠ ᠳᠤᠷᠠᠳᠠᠶ᠎ᠠ ᠲᠠᠢ ᠤᠯᠤᠰ ᠯᠤᠭ᠎ᠠ ᠲᠤᠷᠰᠢᠯᠭ᠎ᠠ‌‍ᠪᠠᠨ ᠰᠤᠯᠢᠯᠴᠠᠬᠤ ᠶᠢ ᠴᠢᠩᠭᠠᠳᠬᠠᠨ᠂ ᠬᠢᠵᠢᠭ ᠲᠠᠢ ᠲᠡᠮᠡᠴᠡᠬᠦ ᠪᠠ ᠬᠦᠭᠵᠢᠯᠳᠡ ᠶᠢ ᠨᠢᠭᠡᠳᠦᠯᠳᠠᠢ ᠲᠦᠯᠦᠪᠵᠢᠬᠦᠯᠵᠦ᠂ ᠬᠢᠵᠢᠭ ᠤᠨ ᠪᠠᠶᠢᠳᠠᠯ ᠢ ᠪᠠᠶᠢᠡᠭᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠭᠰᠡᠨ ᠤᠷᠢᠳᠠᠯ ᠳᠤᠤᠷ᠎ᠠ ᠠᠮᠤᠷ ᠲᠦᠪᠰᠢᠨ ᠢᠶᠠᠷ ᠠᠵᠢᠯ ᠢᠶᠠᠨ ᠰᠡᠷᠬᠦᠭᠡᠬᠦ᠂ ᠡᠷᠡᠬᠦᠯ ᠲᠤᠭᠳᠠᠭᠤᠨ ᠢᠶᠠᠷ ᠦᠢᠯᠡᠳᠪᠤᠷᠢᠯᠡᠯ ᠢᠶᠠᠨ ᠰᠡᠷᠬᠦᠭᠡᠬᠦ ᠶᠢ ᠡᠮᠬᠢ ᠲᠢᠭᠯᠢᠮ ᠲᠠᠢ ᠠᠬᠢᠭᠤᠯᠤᠨ᠎ᠠ᠃ ᠳᠤᠮᠳᠠᠳᠤ ᠤᠯᠤᠰ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢᠨ ᠤᠢᠢᠯᠠᠭᠠᠭᠳᠠᠬᠤᠨ ᠢ ᠪᠠᠷᠢᠮᠳᠠᠯᠠᠵᠦ᠂ ᠲᠠᠢ ᠤᠯᠤᠰ ᠢ ᠪᠠᠭᠳᠠᠭᠠᠭᠰᠠᠨ ᠳᠡᠯᠡᠭᠡᠢ ᠨᠡᠶᠢᠭᠡᠮ ᠲᠠᠢ ᠬᠠᠮᠳᠦ ᠪᠠᠷ ᠳᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠶᠢ ᠳᠡᠮᠵᠢᠵᠦ᠂ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠶᠢ ᠠᠬᠢᠭᠤᠯᠤᠨ᠂ ᠬᠢᠵᠢᠭ ᠲᠠᠢ ᠲᠡᠮᠡᠴᠡᠬᠦ ᠡᠮ ᠲᠠᠩ ᠪᠠ ᠸᠠᠺᠼᠢᠨ ᠢ ᠰᠤᠳᠤᠯᠤᠨ ᠦᠢᠯᠡᠳᠬᠦ ᠬᠠᠮᠳᠤᠷᠠᠯᠴᠠᠭ᠎ᠠ ᠶᠢ ᠴᠢᠩᠭᠠᠳᠬᠠᠵᠦ᠂ ᠬᠠᠮᠳᠤ ᠪᠠᠷ ᠪᠦᠬᠦ ᠪᠦᠮᠪᠦᠷᠴᠡᠭ ᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠰ ᠲᠤ ᠬᠤᠪᠢ ᠨᠡᠮᠡᠷᠢ ᠦᠵᠡᠬᠦᠯᠦᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠲᠤᠮᠳᠠᠳᠤ ᠤᠯᠤᠰ ᠪᠤᠯᠤᠨ ᠲᠠᠢ ᠤᠯᠤᠰ ᠤᠨ ᠬᠠᠷᠢᠯᠴᠠᠭᠠᠨ ᠤ ᠰᠠᠭᠤᠷᠢ ᠵᠤᠵᠠᠭᠠᠨ᠂ ᠬᠦᠭᠵᠢᠯᠳᠡ ᠶᠢᠨ ᠲᠠᠯᠳᠡ ᠬᠦᠴᠦᠨ ᠶᠡᠭᠡ ᠪᠠᠶᠢᠨ᠎ᠠ᠃ ᠵᠢᠯ ᠤᠨ ᠡᠬᠢᠨ ᠠᠴᠠ ᠨᠠᠭᠠᠰᠢ᠂ ᠬᠤᠶᠠᠷ ᠤᠯᠤᠰ ᠬᠢᠵᠢᠭ ᠤᠨ ᠨᠦᠯᠥᠬᠡ ᠶᠢ ᠢᠯᠡᠨ ᠲᠡᠪᠡᠵᠥ᠂ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠪᠠᠨ ᠦᠷᠬᠦᠯᠵᠢᠯᠡᠨ ᠠᠬᠢᠭᠤᠯᠵᠥ᠂ ᠬᠤᠶᠠᠷ ᠲᠡᠯ᠎ᠡ ᠶᠢᠨ ᠠᠷᠠᠯᠵᠢᠶ᠎ᠠ ᠪᠠᠶᠢᠳᠠᠯ ᠢ ᠰᠦᠷᠴᠦ ᠨᠡᠮᠡᠭᠳᠡᠨ᠂ ᠲᠤᠮᠳᠠᠳᠤ ᠤᠯᠤᠰ ᠪᠤᠯᠤᠨ ᠲᠠᠢ ᠤᠯᠤᠰ ᠤᠨ ᠲᠡᠮᠤᠷ ᠵᠠᠮ ᠤᠨ ᠪᠦᠳᠦᠬᠡᠨ ᠪᠠᠶᠢᠭᠤᠯᠤᠯᠳᠠ ᠤᠷᠤᠭᠰᠢᠳᠠᠢ ᠠᠬᠢᠪᠠ᠃ ᠬᠤᠶᠠᠷ ᠲᠡᠯ᠎ᠡ ᠪᠠᠷ ᠢᠶᠠᠨ ︽ᠨᠢᠬᠡ ᠪᠦᠰᠡ ᠨᠢᠬᠡ ᠵᠠᠮ ︾ ᠢ ᠬᠠᠮᠳᠤ ᠪᠠᠷ ᠪᠦᠳᠦᠬᠡᠨ ᠪᠠᠶᠢᠭᠤᠯᠬᠤ ᠶᠢ ︽ ᠲᠠᠢ ᠤᠯᠤᠰ ᠤᠨ 4.0︾᠂ ︽ᠵᠡᠬᠦᠨ ᠬᠡᠰᠡᠭ ᠤᠨ ᠠᠵᠥ ᠠᠬᠤᠢ ᠶᠢᠨ ᠬᠤᠩᠬᠢᠯ︾ ᠵᠡᠷᠬᠡ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠲᠠᠢ ᠵᠤᠯᠭᠠᠭᠤᠯᠬᠤ ᠶᠢ ᠬᠦᠨᠵᠡᠬᠡᠶᠢᠷᠡᠬᠦᠯᠵᠥ᠂ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠬᠡ ᠰᠢᠨ᠎ᠡ ᠶᠢ ᠡᠬᠦᠳᠬᠦ ᠬᠦᠷᠢᠶᠡᠨ ᠤ ᠬᠠᠮᠳᠤᠷᠠᠯᠴᠠᠭ᠎ᠠ ᠪᠠᠨ ᠠᠬᠢᠭᠤᠯᠵᠥ᠂ ᠲᠤᠮᠳᠠᠳᠤ ᠤᠯᠤᠰ ᠪᠤᠯᠤᠨ ᠲᠠᠢ ᠤᠯᠤᠰ ᠤᠨ ᠪᠦᠬᠦ ᠲᠡᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠲᠠᠰᠤᠷᠡᠯᠳᠡ ᠦᠭᠡᠢ ᠰᠢᠨ᠎ᠡ ᠬᠦᠭᠵᠢᠯᠳᠡ ᠲᠠᠢ ᠪᠤᠯᠬᠤ ᠶᠢ ᠠᠬᠢᠭᠤᠯᠤᠶ᠎ᠠ᠃ ᠲᠤᠮᠳᠠᠳᠤ ᠤᠯᠤᠰ ᠲᠤᠷᠠᠳᠠᠶ᠎ᠠ ᠲᠠᠢ ᠤᠯᠤᠰ ᠲᠠᠢ ᠬᠠᠮᠳᠤ ᠪᠠᠷ ᠭᠠᠵᠠᠷ ᠤᠷᠤᠨ ᠤ ᠤᠯᠤᠰ ᠤᠳ ᠤᠨ ᠪᠦᠯᠬᠦᠮᠳᠡᠯ ᠬᠠᠮᠳᠤᠷᠠᠯᠴᠠᠭ᠎ᠠ ᠶᠢ ᠪᠠᠬᠢᠵᠢᠬᠦᠯᠵᠥ᠂ ᠲᠤᠰ ᠭᠠᠵᠠᠷ ᠤᠷᠤᠨ ᠤ ᠪᠠᠨ ᠬᠦᠭᠵᠢᠨ ᠴᠡᠴᠡᠭᠯᠡᠭᠰᠡᠡ ᠰᠠᠶᠢᠨ ᠰᠠᠶᠢᠬᠠᠨ ᠪᠠᠶᠢᠳᠠᠯ ᠢ ᠬᠠᠮᠠᠭᠠᠯᠠᠨ᠎ᠠ ᠬᠡᠵᠥ ᠴᠢᠬᠤᠯᠠᠴᠢᠯᠠᠪᠠ᠃      ᠪᠠ ᠢᠤᠢ᠂ ᠲᠠᠢ ᠤᠯᠤᠰ ᠪᠤᠯᠤᠨ ᠲᠤᠮᠳᠠᠳᠤ ᠤᠯᠤᠰ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠶᠠᠪᠤᠴᠠ ᠳᠤ ᠢᠮᠠᠬᠳᠠ ᠬᠠᠷᠢᠯᠴᠠᠨ ᠡᠷᠡᠰ ᠲᠡᠮᠵᠢᠵᠥ᠂ ︽ ᠲᠠᠢ ᠤᠯᠤᠰ ᠪᠤᠯᠤᠨ ᠲᠤᠮᠳᠠᠳᠤ ᠤᠯᠤᠰ ᠨᠢᠭᠡ ᠭᠡᠷ ᠤᠨ ᠬᠦᠮᠦᠨ ᠮᠡᠳᠦ ᠳᠤᠳᠤᠨᠤ︾ ᠪᠠᠶᠢᠬᠤ ᠬᠦᠨ ᠵᠤᠵᠠᠭᠠᠨ ᠨᠦᠬᠦᠷᠯᠡᠯ ᠢ ᠬᠦᠢᠴᠡᠳ ᠢᠯᠡᠷᠡᠬᠦᠯᠵᠡᠢ᠃ ᠲᠠᠢ ᠤᠯᠤᠰ ᠤᠨ ᠬᠢᠨ ᠲᠤᠮᠳᠠᠳᠤ ᠤᠯᠤᠰ ᠤᠨ ᠵᠠᠰᠠᠭ ᠤᠨ ᠤᠷᠳᠤᠨ ᠤ ᠬᠢᠵᠢᠭ ᠲᠠᠢ ᠲᠡᠮᠡᠴᠡᠬᠦ ᠲᠤᠮᠳᠠ ᠢᠯᠡᠷᠡᠬᠦᠯᠦᠭᠰᠡᠨ ᠪᠠᠳᠤ ᠴᠢᠩᠭ᠎ᠠ ᠤᠳᠤᠷᠢᠳᠬᠤ ᠬᠦᠴᠤᠨ ᠪᠠ ᠠᠷᠠᠳ ᠲᠦᠮᠡᠨ ᠢ ᠲᠡᠭᠡᠳᠤᠯᠡᠬᠦ ᠤᠢᠢᠯᠠᠭᠠᠬᠳᠠᠬᠤᠨ ᠢ ᠮᠠᠬᠳᠠᠠ ᠰᠠᠶᠢᠰᠢᠶᠠᠵᠤ ᠪᠠᠶᠢᠨ᠎ᠡ᠂ ᠲᠤᠮᠳᠠᠳᠤ ᠤᠯᠤᠰ ᠤᠨ ᠰᠤᠳᠤᠯᠤᠨ ᠦᠢᠯᠡᠳᠦᠭᠰᠡᠨ ᠸᠠᠺᠼᠢᠨ ᠢᠶᠠᠨ ᠪᠦᠬᠦ ᠪᠦᠮᠪᠦᠷᠴᠡᠭ ᠤᠨ ᠤᠯᠠᠨ ᠨᠡᠶᠢᠳᠠ ᠶᠢᠨ ᠦᠢᠯᠡᠳᠬᠦᠨ ᠪᠤᠯᠭᠠᠨ᠎ᠡ ᠭᠡᠵᠤ ᠠᠮᠠᠯᠳᠠᠬᠰᠡᠨ ᠢ ᠮᠠᠬᠳᠠᠨ ᠰᠠᠶᠢᠰᠢᠶᠠᠵᠤ ᠪᠠᠶᠢᠨ᠎ᠡ᠂ ᠲᠤᠮᠳᠠᠳᠤ ᠤᠯᠤᠰ ᠯᠤᠭ᠎ᠠ ᠬᠢᠵᠢᠭ ᠲᠠᠢ ᠲᠡᠮᠡᠴᠡᠬᠦ ᠡᠮ ᠲᠠᠩ ᠪᠠ ᠸᠠᠺᠼᠢᠨ ᠢ ᠰᠤᠳᠤᠯᠤᠨ ᠦᠢᠯᠡᠳᠬᠦ ᠬᠠᠮᠳᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠤ ᠪᠠᠶᠢᠨ᠎ᠡ᠃ ᠲᠠᠢ ᠤᠯᠤᠰ ᠤᠨ ᠬᠢᠨ ᠨᠢᠭᠡ ᠲᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠪᠠᠳᠤ ᠭᠡᠷᠡᠭᠵᠢᠬᠦᠯᠵᠤ᠂ ᠲᠤᠮᠳᠠᠳᠤ ᠤᠯᠤᠰ ᠤᠨ ᠭᠤᠤᠯᠯᠠᠬᠴᠢ ᠠᠰᠢᠭ ᠲᠤᠰᠠ ᠪᠠᠨ ᠬᠠᠮᠠᠭᠠᠯᠠᠬᠤ ᠶᠢᠨ ᠲᠦᠯᠦᠭᠡ ᠭᠠᠷᠭᠠᠬᠰᠡᠨ ᠴᠢᠷᠮᠠᠶᠢᠯᠭ᠎ᠠ ᠶᠢ ᠡᠷᠡᠰ ᠲᠠᠮᠵᠢᠨ᠎ᠡ᠃ ᠲᠠᠢ ᠤᠯᠤᠰ ᠤᠨ ᠬᠢᠨ ᠲᠠᠢ ᠤᠯᠤᠰ ᠪᠤᠯᠤᠨ ᠲᠤᠮᠳᠠᠳᠤ ᠤᠯᠤᠰ ᠤᠨ ᠬᠠᠷᠢᠯᠴᠠᠭ᠎ᠠ ᠪᠠᠶᠢᠭᠤᠯᠤᠬᠰᠡᠨ 45 ᠵᠢᠯ ᠤᠨ ᠤᠢ ᠶᠢ ᠪᠠᠯᠭᠡᠯᠡᠬᠦ ᠪᠠᠷ ᠠᠵᠠ ᠲᠤᠬᠢᠶᠠᠯ ᠪᠤᠯᠭᠠᠵᠤ᠂ ᠲᠠᠢ ᠤᠯᠤᠰ ᠪᠤᠯᠤᠨ ᠲᠤᠮᠳᠠᠳᠤ ᠤᠯᠤᠰ ᠤᠨ ᠨᠦᠬᠦᠷᠯᠡᠯ ᠪᠠ ᠬᠠᠮᠳᠤᠷᠠᠯᠴᠠᠭ᠎ᠠ ᠶᠢ ᠬᠦᠨᠵᠡᠭᠡᠶᠢᠷᠠᠬᠦᠯᠤᠨ᠂ ᠠᠵᠤ ᠠᠬᠤᠢ ᠠᠷᠠᠯᠵᠢᠶ᠎ᠡ᠂ ᠰᠢᠨ᠎ᠡ ᠶᠢ ᠡᠬᠦᠳᠬᠦ᠂ ᠶᠠᠳᠠᠭᠤ ᠶᠢ ᠲᠠᠳᠬᠦᠬᠦ ᠵᠡᠷᠭᠡ ᠬᠦᠷᠢᠶᠠᠨ ᠤ ᠬᠠᠮᠳᠤᠷᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠶᠢ ᠠᠬᠢᠭᠤᠯᠤᠨ᠂ ᠬᠤᠶᠠᠷ ᠤᠯᠤᠰ ᠤᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠲᠦᠪᠰᠢᠨ ᠢ ᠲᠡᠭᠡᠭᠰᠢᠯᠡᠬᠦᠯᠬᠦ ᠶᠢ ᠬᠦᠰᠡᠵᠤ ᠪᠠᠶᠢᠨ᠎ᠡ᠃ ᠲᠠᠢ ᠤᠯᠤᠰ ᠤᠨ ᠬᠢᠨ ᠲᠤᠷᠠᠳᠠᠶ᠎ᠡ ᠲᠤᠮᠳᠠᠳᠤ ᠤᠯᠤᠰ ᠲᠠᠢ ᠬᠠᠮᠳᠤ ᠪᠠᠷ ᠭᠠᠵᠠᠷ ᠤᠷᠤᠨ ᠤ ᠡᠩᠭᠡ ᠲᠠᠶᠢᠪᠤᠩ ᠲᠤᠬᠳᠠᠭᠤᠨ ᠪᠠᠶᠢᠳᠠᠯ ᠢ ᠬᠠᠮᠠᠭᠠᠯᠠᠵᠤ᠂ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠤᠨ᠎ᠡ ᠭᠡᠵᠤ ᠢᠯᠡᠳᠭᠡᠪᠡ᠃      ᠪᠠ ᠢᠤᠢ ᠲᠤᠮᠳᠠᠳᠤ ᠤᠯᠤᠰ ᠤᠨ ᠡᠮᠤᠨᠡᠳᠦ ᠤᠷᠤᠨ ᠤ ᠤᠯᠠᠨ ᠭᠠᠵᠠᠷ ᠲᠤ ᠦᠶᠠᠷ ᠤᠨ ᠭᠠᠮᠰᠢᠭ ᠪᠤᠯᠵᠦ ᠪᠠᠶᠢᠭ᠎ᠠ ᠳᠤ ᠲᠤᠬᠤᠨᠢᠭᠤᠯᠵᠤ ᠪᠠᠶᠢᠬᠤ ᠪᠠᠨ ᠢᠯᠡᠳᠭᠡᠪᠡ᠂ ᠰᠢ ᠶᠢᠨ ᠫᠢᠩ ᠲᠤᠬᠤᠨᠢᠭᠤᠯᠵᠤ ᠪᠠᠶᠢᠬᠤ ᠳᠤᠨᠢ ᠲᠠᠯᠠᠷᠬᠠᠵᠤ ᠪᠠᠶᠢᠬᠤ ᠪᠠᠨ ᠢᠯᠡᠳᠭᠡᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号