ᠰᠢ ᠶᠢᠨ ᠫᠢᠩ ᠶᠡᠷᠦᠩᠬᠡᠢ ᠱᠦᠵᠢ ᠦᠪᠦᠷ ᠮᠤᠩᠭᠤᠯ ᠤᠨ ᠺᠠᠳ᠋ᠷ ᠤᠯᠠᠨ ᠲᠦᠮᠡᠨ ᠵᠢᠷᠠᠭᠠᠳ ᠵᠢᠯ ᠤᠨ ᠲᠤᠷᠰᠢ | ᠮᠤᠤᠡᠤᠰᠤ ᠶᠢᠨ ᠡᠯᠡᠰᠦ ᠶᠢ ᠵᠠᠰᠠᠬᠤ ᠪᠠᠷ ᠴᠤᠴᠠᠯᠳᠠ ᠦᠭᠡᠢ ᠴᠢᠷᠮᠠᠶᠢᠨ ᠤᠲᠦ ᠨᠢᠭᠡᠨᠳᠡ ᠵᠠᠭᠤᠨ ᠤ ᠲᠠᠯ᠎ᠠ ᠶᠢ ᠵᠠᠰᠠᠨ | ᠰᠠᠶᠢᠵᠢᠷᠠᠭᠤᠯᠵᠦ ᠠᠮᠢ ᠠᠬᠤᠢ ᠶᠡᠷᠦᠩᠬᠡᠢ ᠳᠡᠭᠡᠨ ᠰᠠᠶᠢᠵᠢᠷᠠᠯᠳᠠ ᠲᠠᠢ ᠪᠤᠯᠤᠭᠰᠠᠨ ᠨᠢ ᠬᠢᠯᠪᠠᠷ ᠪᠤᠰᠤ ᠠᠮᠵᠢᠯᠳᠠ | ᠶᠤᠮ ᠭᠡᠵᠦ ᠦᠨᠡᠯᠡᠭᠰᠡᠨ ᠪᠢᠯᠡ᠃ ᠦᠩᠭᠡᠷᠡᠭᠰᠡᠨ ᠬᠠᠭᠠᠰ ᠵᠠᠭᠤᠨ ᠳᠤ ᠦᠦᠰᠢᠨ ᠨᠤᠲᠤᠭ ᠤᠨ ᠬᠦᠮᠦᠰ ᠤᠨ ᠡᠯᠡᠰᠦ | ᠮᠠᠩᠬ᠎ᠠ ᠶᠢ ᠵᠠᠰᠠᠬᠤ ᠴᠢᠷᠮᠠᠶᠢᠯᠭ᠎ᠠ ᠶᠡᠷᠦ ᠠᠴᠠ ᠵᠤᠭᠰᠤᠭ᠎ᠠ ᠦᠭᠡᠢ᠃ ᠨᠢᠭᠡ ᠨᠢᠭᠡ ᠨᠢᠯᠬ᠎ᠠ ᠰᠤᠶᠤᠭ᠎ᠠ ᠶᠢ ᠡᠯᠡᠰᠦᠨ | ᠳᠤ ᠬᠠᠳᠬᠤᠵᠦ ᠬᠠᠷ᠎ᠠ ᠰᠢᠭᠤᠷᠭ᠎ᠠ ᠲᠠᠢ ᠲᠡᠮᠡᠴᠡᠵᠦ ᠪᠠᠶᠢᠭᠰᠠᠨ ᠠᠴᠠ ᠪᠠᠨ ᠰᠢᠨ᠎ᠡ ᠴᠠᠭ ᠦᠶ᠎ᠡ ᠶᠢᠨ ᠰᠢᠨ᠎ᠡ ᠵᠠᠭᠪᠤᠷ | ᠢᠶᠠᠷ ᠠᠵᠢᠯᠯᠠᠵᠦ ᠡᠬᠢᠯᠡᠭᠡᠳ ᠤᠶᠢᠵᠢᠭᠤᠯᠤᠯᠲᠠ ᠶᠢᠨ ᠦᠷ᠎ᠡ ᠠᠰᠢᠭ ᠢᠶᠠᠨ ᠤᠯᠠᠮ ᠰᠠᠶᠢᠨ ᠪᠤᠯᠭᠠᠵᠦ ᠴᠢᠳᠠᠭᠰᠠᠨ | ᠪᠠᠶᠢᠨ᠎ᠠ᠃ | ᠦᠳᠡ ᠶᠢᠨ ᠬᠠᠯᠠᠭᠤᠨ ᠨᠠᠷᠠ ᠶᠢ ᠬᠠᠶᠢᠬᠤᠷᠤᠯ ᠦᠭᠡᠢ ᠪᠠᠷ ᠨᠢᠯᠬ᠎ᠠ ᠰᠤᠶᠤᠭ᠎ᠠ ᠵᠠᠶᠢᠯᠠᠵᠦ ᠮᠤᠤᠡᠤᠰᠤ | ᠡᠯᠡᠰᠦᠨ ᠴᠦᠯ ᠤᠨ ᠬᠦᠨ ᠳᠤ ᠠᠵᠤ ᠲᠦᠷᠦᠵᠦ ᠪᠠᠶᠢᠭ᠎ᠠ ᠵᠢᠷᠭᠠᠯᠲᠦ ᠤᠳᠬᠤᠡᠭᠡᠷᠡᠯ ᠬᠤᠶᠠᠷ ᠨᠢᠯᠬ᠎ᠠ ᠰᠤᠶᠤᠭ᠎ᠠ | ᠵᠠᠶᠢᠯᠠᠬᠤ ᠠᠵᠢᠯ ᠢ ᠲᠦᠴᠢᠨ ᠵᠢᠯ ᠤᠨ ᠲᠤᠷᠰᠢ ᠵᠤᠭᠰᠤᠰᠢ ᠦᠭᠡᠢ ᠬᠢᠭᠰᠡᠭᠡᠷ ᠢᠷᠡᠵᠡᠢ᠃ ᠲᠦᠴᠢᠨ ᠵᠢᠯ ᠤᠨ | ᠡᠮᠦᠨ᠎ᠡ ᠳᠡᠳᠡᠨ ᠤ ᠨᠤᠲᠤᠭ ᠲᠤ ᠡᠳᠦᠷᠵᠢᠨ ᠰᠠᠯᠬᠢᠯᠠᠨ ᠡᠯᠡᠰᠦᠨ ᠰᠢᠭᠤᠷᠭ᠎ᠠ ᠪᠤᠰᠴᠦ ᠭᠡᠷ ᠤᠷᠤᠨ ᠨᠢ ᠮᠠᠩᠬᠠᠨ ᠳᠤ | ᠪᠤᠯᠠᠭᠳᠠᠨ ᠬᠦᠮᠦᠨ ᠠᠮᠢᠳᠠᠨ ᠤ ᠲᠡᠰᠪᠤᠷᠢ ᠲᠡᠪᠴᠢᠶᠡᠷᠢ ᠶᠢ ᠰᠢᠯᠭᠠᠳᠠᠭ ᠪᠠᠶᠢᠵᠠᠢ᠃ ᠠᠮᠢᠳᠤᠷᠠᠯ ᠤᠨ ᠡᠷᠭᠡ ᠪᠠᠷ | ᠵᠢᠷᠭᠠᠯᠲᠦ ᠶᠢᠨ ᠪᠦᠰᠡᠬᠦᠢ ᠤᠳᠬᠤᠡᠭᠡᠷᠡᠯ ᠴᠦ ᠨᠤᠲᠤᠭ ᠢᠶᠠᠨ ᠤᠷᠬᠢᠨ ᠬᠤᠳᠠ ᠤᠷᠤᠭᠰᠠᠨ ᠪᠤᠯᠪᠠᠴᠦ ᠭᠤᠴᠢᠨ | ᠲᠠᠪᠤᠨ ᠬᠤᠨᠤᠭ ᠯᠠ ᠪᠤᠯᠤᠭᠠᠳ ᠲᠠᠬᠢᠨ ᠡᠯᠡᠰᠦᠨ ᠪᠠᠯᠠᠷ ᠲᠠᠭᠠᠨ ᠪᠤᠴᠠᠭᠰᠠᠨ ᠪᠠᠶᠢᠨ᠎ᠠ᠃ | | | | | | | ᠪᠦᠷᠢᠲᠦ ᠭᠠᠴᠠᠭᠠᠨ ᠤ ᠮᠠᠯᠴᠢᠨ ᠤᠳᠬᠤᠡᠭᠡᠷᠡᠯ᠄ ︽ᠬᠤᠳᠠ ᠤᠷᠤᠭᠠᠳ ᠨᠤᠲᠤᠭ ᠲᠠᠭᠠᠨ ᠪᠤᠴᠠᠭᠰᠠᠨ ᠨᠢ | ᠪᠠᠷᠤᠭ ᠬᠠᠭᠠᠭᠳᠠᠵᠦ ᠪᠠᠶᠢᠭᠠᠳ ᠢᠷᠡᠭᠰᠡᠨ ᠰᠢᠭ ᠪᠠᠶᠢᠨ᠎ᠠ᠃ ᠭᠡᠷ ᠲᠤ ᠪᠠᠨ ᠢᠷᠡᠭᠰᠡᠨ ᠤ ᠲᠠᠷᠠᠭ᠎ᠠ ᠪᠢᠳᠠ | ᠬᠤᠶᠠᠭᠤᠯᠠ ᠲᠠᠷᠢᠵᠦ ᠤᠶᠢᠵᠢᠭᠤᠯᠵᠦ ᠠᠮᠢᠳᠤᠷᠠᠯ ᠢᠶᠠᠨ ᠰᠠᠶᠢᠨ ᠲᠡᠭᠡᠭᠰᠢᠯᠡᠭᠦᠯᠬᠦ ᠦᠭᠡᠢ ᠪᠤᠯᠬᠤ ᠦᠭᠡᠢ ᠭᠡᠵᠦ | ᠪᠤᠳᠤᠭᠰᠠᠨ ᠶᠤᠮ︾ ᠭᠡᠪᠡ᠃ | ᠦᠦᠰᠢᠨ ᠬᠤᠰᠢᠭᠤᠨ ᠤ ᠪᠦᠷᠢᠲᠦ ᠭᠠᠴᠠᠭᠠᠨ ᠤ ᠮᠠᠯᠴᠢᠨ ᠵᠢᠷᠭᠠᠯᠲᠦ᠄ ︽ᠨᠤᠲᠤᠭ ᠲᠤ ᠪᠠᠨ ᠲᠠᠷᠢᠵᠦ | ᠤᠶᠢᠵᠢᠭᠤᠯᠵᠦ ᠰᠠᠭᠤᠬᠤ ᠦᠭᠡᠢ ᠪᠤᠯ ᠦᠭᠡᠷ᠎ᠡ ᠵᠠᠮ ᠦᠭᠡᠢ᠂ ᠲᠡᠭᠡᠵᠦ ᠠᠷᠭ᠎ᠠ ᠤᠬᠠᠭᠠᠨ ᠢ ᠰᠦᠪᠡᠭᠴᠢᠯᠡᠭᠡᠳ | ᠠᠮᠵᠢᠯᠲᠠ ᠤᠯᠬᠤ ᠠᠷᠭ᠎ᠠ ᠤᠯᠤᠭᠰᠠᠨ ᠶᠤᠮ︾ ᠭᠡᠪᠡ᠃ | | | | | | | ᠠᠩᠬ᠎ᠠ ᠤᠶᠢᠵᠢᠭᠤᠯᠤᠯᠲᠠ ᠬᠢᠬᠦ ᠳᠡᠭᠡᠨ ᠡᠳᠡᠨ ᠤ ᠬᠢᠨ ᠬᠡᠭᠡᠷ᠎ᠡ ᠶᠢᠨ ᠨᠢᠯᠬ᠎ᠠ ᠰᠤᠶᠤᠭ᠎ᠠ ᠶᠢ ᠡᠯᠵᠢᠭᠡ ᠪᠠᠷ | ᠠᠴᠢᠵᠦ ᠲᠠᠷᠢᠭᠰᠠᠨ ᠭᠡᠳᠡᠭ᠃ ᠭᠡᠬᠦ ᠳᠤ ᠡᠭᠢᠨ ᠤ ᠦᠶᠡᠰ ᠦᠢᠯᠡᠳᠦᠯᠭᠡ ᠲᠤᠷᠰᠢᠯᠭ᠎ᠠ ᠬᠤᠮᠰᠠ ᠠᠴᠠ ᠲᠠᠬᠢᠨ | ᠲᠠᠬᠢᠨ ᠢᠯᠠᠭᠳᠠᠯ ᠳᠤ ᠤᠴᠠᠷᠠᠵᠠᠢ᠃ ︿ᠨᠢᠭᠡ ᠭᠡᠰᠡᠭ ᠮᠠᠩᠬᠠᠨ ᠳᠤ ᠰᠤᠶᠤᠭ᠎ᠠ ᠠᠮᠢᠯᠠᠴᠢᠬᠠᠪᠠᠯ ᠪᠢ ᠰᠡᠳᠬᠢᠯ | ᠲᠦᠭᠦᠷᠡᠩ﹀ ᠭᠡᠰᠡᠨ ᠪᠤᠷᠤᠯᠳᠠᠢ ᠱᠦᠵᠢ ᠶᠢᠨ ᠶᠠᠷᠢᠶ᠎ᠠ ᠵᠢᠷᠭᠠᠯᠲᠦ ᠤᠳᠬᠤᠡᠭᠡᠷᠡᠯ ᠤᠨ ᠵᠤᠷᠢᠭ ᠢ ᠬᠦᠪᠴᠢᠯᠡᠨ | ᠲᠦᠴᠢ ᠰᠢᠬᠠᠮ ᠵᠢᠯ ᠤᠨ ᠲᠤᠷᠰᠢ ᠲᠦᠮᠡ ᠲᠦᠷᠪᠡᠨ ᠮᠢᠩᠭᠠᠨ ᠮᠤ᠋ ᠡᠯᠡᠰᠦ ᠮᠠᠩᠬ᠎ᠠ ᠶᠢ ᠨᠣᠭᠤᠭᠠᠷᠠᠭᠤᠯᠣᠨ | ᠤᠶᠢᠵᠢᠭᠤᠯᠵᠠᠢ᠃ ᠨᠤᠷ᠎ᠠ ᠡᠯᠡᠰᠦ ᠶᠢ ᠲᠤᠭᠲᠠᠭᠠᠵᠦ ᠭᠡᠷ ᠤᠷᠤᠨ ᠢᠶᠠᠨ ᠲᠦᠪᠬᠢᠨᠡᠭᠦᠯᠦᠨ ᠮᠠᠯ ᠤᠨ ᠪᠡᠯᠴᠢᠭᠡᠷ ᠲᠠᠢ | ᠪᠤᠯᠤᠶ᠎ᠠ ᠭᠡᠰᠡᠨ ᠠᠩᠬᠠᠨ ᠤ ᠪᠤᠲᠤᠯ ᠢᠶᠠᠨ ᠮᠠᠷᠳᠠᠯ ᠦᠭᠡᠢ ᠤᠲᠦ ᠪᠤᠯᠬᠤ ᠳᠤ ᠴᠦ ᠭᠡᠷ ᠤᠨ ᠤᠶᠢᠷ᠎ᠠ ᠬᠠᠪᠢ ᠶᠢᠨ | ᠮᠠᠩᠬ᠎ᠠ ᠪᠠᠨ ᠦᠪᠡᠷ ᠢᠶᠠᠨ ᠭᠠᠷ ᠬᠦᠳᠡᠯᠦᠨ ᠨᠣᠭᠤᠭᠠᠷᠠᠭᠤᠯᠵᠣ ᠬᠢᠵᠦ ᠲᠡᠶᠢᠯᠬᠦ ᠲᠡᠩᠭᠡᠭᠡ ᠲᠠᠢ ᠯᠠ ᠪᠤᠯ | ᠦᠷᠭᠦᠯᠵᠢᠯᠡᠨ ᠪᠠᠷᠢᠮᠳᠠᠯᠠᠨ ᠬᠢᠬᠦ ᠪᠠᠷ ᠲᠡᠷᠡ ᠬᠤᠶᠠᠭᠤᠯᠠ ᠵᠤᠷᠢᠭ ᠲᠡᠭᠦᠯᠳᠡᠷ ᠶᠠᠷᠢᠵᠦ ᠪᠠᠶᠢᠯ᠎ᠠ᠃ | ᠪᠦᠷᠢᠲᠦ ᠭᠠᠴᠠᠭᠠᠨ ᠤ ᠮᠠᠯᠴᠢᠨ ᠵᠢᠷᠭᠠᠯᠲᠦ᠄ ︽ᠪᠤᠷᠤᠯᠳᠠᠢ ᠡᠵᠢ ᠶᠢᠨ ᠤᠯᠠ ᠮᠦᠷ᠂ ᠶᠠᠪᠤᠵᠦ | ᠦᠩᠭᠡᠷᠡᠭᠰᠡᠨ ᠦᠩᠭᠡᠷᠡᠯᠳᠡ ᠲᠡᠦᠬᠡ ᠪᠦᠷ ᠨᠢᠳᠦ ᠪᠠᠷ ᠢᠶᠠᠨ ᠦᠵᠡᠭᠰᠡᠨ ᠦᠭᠡᠢ ᠴᠦ ᠴᠢᠬᠢ ᠪᠠᠷ ᠢᠶᠠᠨ | ᠰᠤᠨᠤᠰᠤᠭᠰᠠᠨ᠃ ᠠᠬᠠᠮᠠᠳ ᠦᠶ᠎ᠡ ᠶᠢᠨ ᠬᠢᠨ ᠤ ᠰᠢᠷᠭᠠᠭᠤ ᠬᠦᠳᠡᠯᠮᠦᠷᠢ ᠬᠠᠳᠠᠭᠤ ᠴᠢᠩᠭ᠎ᠠ ᠰᠤᠷᠭᠠᠯ᠂ ᠪᠤᠷᠤᠯᠳᠠᠢ | ᠡᠵᠢ ᠶᠢᠨ ᠦᠦᠰᠢᠨᠵᠦᠦ ᠶᠢᠨ ᠡᠨᠡ ᠶᠡᠭᠡ ᠡᠯᠡᠰᠦ ᠶᠢ ᠦᠭᠡᠷᠡᠴᠢᠯᠡᠭᠰᠡᠨ ᠦᠵᠡᠯ ᠰᠠᠨᠠᠭ᠎ᠠ᠂ ᠵᠤᠷᠢᠭ ᠰᠦᠰᠦ ᠪᠤᠯ | ᠬᠠᠮᠤᠭ ᠤᠨ ᠠᠭᠤᠤ ᠶᠡᠭᠡ ᠰᠢᠦ︾ ᠬᠡᠵᠦ ᠪᠠᠶᠢᠯ᠎ᠠ᠃ | | | | | | | ᠦᠪᠦᠷ ᠮᠤᠩᠭᠤᠯ ᠤᠨ ᠤᠲᠦᠨ ᠮᠡᠳᠡᠭᠡᠨ ᠤ ᠰᠤᠷᠪᠤᠯᠵᠢᠯᠠᠭᠴᠢ ᠨᠠᠬᠢᠶ᠎ᠠ᠄ ︽ᠦᠦᠰᠢᠨᠵᠤᠤ ᠶᠢᠨ ᠡᠯᠡᠰᠦ ᠶᠢ | ᠵᠠᠰᠠᠬᠤ ᠳᠤ ᠠᠬᠠᠮᠠᠳ ᠨᠢᠭᠡ ᠦᠶ᠎ᠡ ᠶᠢᠨ ᠬᠢᠨ ᠰᠠᠭᠤᠷᠢ ᠲᠠᠯᠪᠢᠵᠠᠢ᠃ ᠲᠡᠭᠡᠷ᠎ᠡ ᠵᠠᠭᠤᠨ ᠤ ᠵᠢᠷᠠᠭᠠᠳ ᠤᠨ ᠳᠤ | ᠮᠠᠯᠵᠢᠬᠤ ᠳ᠋ᠠᠵᠠᠢ ᠦᠦᠰᠢᠨᠵᠤᠤ ᠭᠡᠵᠦ ᠠᠯᠳᠠᠷᠰᠢᠭᠰᠠᠨ ᠡᠨᠡ ᠨᠤᠲᠤᠭ ᠤᠨ ᠤᠯᠠᠨ ᠲᠦᠮᠡᠨ ᠪᠤᠷᠤᠯᠳᠠᠢ ᠨᠠᠰᠤᠲᠠᠨ ᠤ | ᠲᠠᠭᠠᠭᠤᠯᠭ᠎ᠠ ᠪᠠᠷ ᠡᠯᠡᠰᠦ ᠮᠠᠩᠬ᠎ᠠ ᠲᠠᠢ ᠲᠡᠮᠡᠴᠡᠵᠦ ᠡᠬᠢᠯᠡᠭᠰᠡᠨ ᠶᠤᠮ᠃ ᠲᠡᠷᠡ ᠦᠶ᠎ᠡ ᠶᠢᠨ ᠬᠦᠮᠦᠰ ᠤᠨ | ᠬᠦᠳᠡᠯᠮᠦᠷᠢ ᠴᠢᠷᠮᠠᠶᠢᠯᠭ᠎ᠠ ᠠᠴᠠ ᠤᠲᠦ ᠦᠶ᠎ᠡ ᠶᠢᠨ ᠬᠦᠮᠦᠰ ᠲᠤ ᠦᠯᠡᠳᠡᠭᠡᠵᠦ ᠦᠭᠭᠦᠭᠰᠡᠨ ᠨᠢ ᠡᠯᠡᠰᠦ ᠮᠠᠩᠬ᠎ᠠ ᠶᠢ | ᠲᠤᠭᠲᠠᠭᠠᠭᠰᠠᠨ ᠡᠪᠡᠰᠦ ᠤᠷᠭᠤᠮᠠᠯ ᠲᠡᠳᠦᠢ ᠪᠢᠰᠢ ᠨᠡᠩ ᠴᠢᠬᠤᠯᠠ ᠨᠢ ᠡᠯᠡᠰᠦ ᠮᠠᠩᠬ᠎ᠠ ᠲᠠᠢ ᠲᠡᠮᠡᠴᠡᠬᠦ ᠵᠤᠷᠢᠭ | ᠰᠠᠨᠠᠭ᠎ᠠ ᠪᠠᠶᠢᠭ᠎ᠠ ᠶᠤᠮ ᠪᠠᠶᠢᠨ᠎ᠠ︾᠃ | ᠲᠠᠪᠢᠨ ᠵᠢᠯ ᠤᠨ ᠡᠮᠦᠨᠡᠬᠢ ᠦᠦᠰᠢᠨᠵᠤᠤ ᠳᠤ ᠡᠯᠡᠰᠦᠨ ᠰᠢᠭᠤᠷᠭ᠎ᠠ ᠲᠡᠭᠳᠡᠨ ᠠᠭᠤᠷ ᠠᠮᠢᠰᠬᠤᠯ ᠭᠠᠩᠳᠠᠵᠦ | ᠮᠠᠯ ᠤᠨᠤᠭ᠎ᠠ ᠰᠤᠭᠳᠤᠭᠤ ᠡᠪᠡᠰᠦᠨ ᠤ ᠬᠦᠨᠦᠭᠡᠯ ᠳᠤ ᠲᠠᠭᠠᠷᠢᠭᠳᠠᠨ ᠮᠠᠯᠴᠢᠨ ᠲᠦᠮᠡᠨ ᠠᠷᠭ᠎ᠠ ᠪᠠᠷᠠᠭᠳᠠᠵᠦ | ᠪᠠᠶᠢᠵᠠᠢ᠃ ᠲᠡᠷᠡᠬᠦ ᠬᠡᠴᠡᠭᠦᠦ ᠴᠠᠭ ᠲᠤ ᠪᠦᠷᠢᠲᠦ ᠭᠠᠴᠠᠭᠠᠨ ᠤ ᠨᠠᠮ ᠤᠨ ᠡᠭᠦᠷ ᠤᠨ ᠱᠦᠵᠢ ᠪᠤᠷᠤᠯᠳᠠᠢ ᠪᠠᠷ | ᠲᠦᠯᠦᠭᠡᠯᠡᠭᠦᠯᠦᠭᠰᠡᠨ ᠦᠦᠰᠢᠨᠵᠤᠤ ᠶᠢᠨ ᠤᠯᠠᠨ ᠲᠦᠮᠡᠨ ᠮᠤᠤᠡᠤᠰᠤ ᠶᠢᠨ ᠡᠯᠡᠰᠦ ᠲᠠᠢ ᠡᠷᠡᠯᠬᠡᠭᠯᠡᠨ ᠲᠡᠮᠡᠴᠡᠵᠦ | ᠮᠤᠤᠡᠤᠰᠤ ᠳᠤ ᠶᠡᠭᠡ ᠬᠡᠪᠴᠢᠶᠡᠨ ᠤ ᠨᠤᠭᠤᠭᠠᠷᠠᠭᠤᠯᠤᠯᠲᠠ ᠬᠢᠵᠦ ᠰᠢᠨ᠎ᠡ ᠠᠷᠭ᠎ᠠ ᠵᠠᠮ ᠢ ᠰᠦᠪᠡᠭᠴᠢᠯᠡᠵᠡᠢ᠃ | ᠮᠠᠯᠵᠢᠬᠤ ᠳ᠋ᠠᠵᠠᠢ ᠦᠦᠰᠢᠨᠵᠤᠤ ᠶᠢᠨ ᠲᠠᠭᠠᠭᠤᠯᠤᠭᠴᠢ ᠪᠤᠷᠤᠯᠳᠠᠢ ᠨᠠᠰᠤᠲᠠᠨ᠄ ︽ᠲᠡᠶᠢᠮᠦ ᠬᠦᠴᠢᠷᠲᠡᠢ | ᠪᠤᠯᠪᠠᠴᠦ ᠮᠢᠨᠤ ᠲᠦᠷᠦᠭᠰᠡᠨ ᠨᠤᠲᠤᠭ ᠶᠤᠮ ᠴᠢᠨᠢ ᠡᠯᠡᠰᠤ ᠮᠠᠩᠬ᠎ᠠ ᠶᠢ ᠨᠤᠭᠤᠭᠠᠷᠠᠭᠤᠯᠵᠦ ᠠᠷᠠᠳ ᠤᠨ ᠠᠮᠢᠳᠤᠷᠠᠯ ᠢ | ᠰᠠᠶᠢᠵᠢᠷᠠᠭᠤᠯᠤᠨ ᠨᠤᠲᠤᠭ ᠪᠡᠯᠴᠢᠬᠡᠷ ᠢᠶᠠᠨ ᠰᠠᠶᠢᠵᠢᠷᠠᠭᠤᠯᠤᠶ᠎ᠠ ᠭᠡᠵᠦ ᠪᠤᠳᠤᠭᠠᠳ ᠤᠶᠢᠵᠢᠭᠤᠯᠤᠭᠰᠠᠨ ᠶᠤᠮ︾ ᠭᠡᠵᠦ | ᠪᠠᠶᠢᠯ᠎ᠠ᠃ | | | | | | | ᠦᠦᠰᠢᠨ ᠨᠤᠲᠤᠭ ᠢᠶᠠᠷ ᠰᠤᠷᠪᠤᠯᠵᠢᠯᠠᠵᠦ ᠶᠠᠪᠤᠬᠤ ᠳᠤ᠂ ᠶᠡᠷᠦᠨᠢ ᠮᠠᠯᠴᠢᠨ ᠬᠦᠮᠦᠨ ᠪᠤᠯᠭᠠᠨ ᠡᠯᠡᠰᠦ ᠮᠠᠩᠬ᠎ᠠ | ᠶᠢ ᠵᠠᠰᠠᠬᠤ ᠦᠢᠯᠡᠳᠦᠯᠭᠡ ᠳᠤ ᠤᠷᠤᠯᠴᠠᠭᠰᠠᠨ ᠭᠡᠳᠡᠭ ᠲᠦᠷᠦᠭᠳᠡᠯ ᠤᠷᠤᠯ᠎ᠠ᠃ ᠤᠲᠦ ᠪᠤᠯᠬᠤ ᠳᠤ ᠦᠦᠰᠢᠨ | ᠨᠤᠲᠤᠭ ᠤᠨ ᠬᠦᠮᠦᠰ ᠡᠯᠡᠰᠦ ᠮᠠᠩᠬ᠎ᠠ ᠶᠢ ᠤᠶᠢᠵᠢᠭᠤᠯᠤᠨ ᠨᠤᠭᠤᠭᠠᠷᠠᠭᠤᠯᠬᠤ ᠳᠤ ᠰᠢᠨ᠎ᠡ ᠴᠠᠭ ᠦᠶ᠎ᠡ ᠶᠢᠨ ᠰᠢᠨ᠎ᠡ | ᠵᠠᠭᠪᠤᠷ ᠢ ᠠᠰᠢᠭᠯᠠᠨ ᠠᠵᠢᠯᠯᠠᠬᠤ ᠪᠤᠯᠵᠠᠢ᠃ 2018 ᠤᠨ ᠠᠴᠠ ᠡᠬᠢᠯᠡᠨ ᠤᠯᠠᠨ ᠮᠠᠯᠴᠢᠳ ︽ᠰᠢᠷᠭᠤᠯᠵᠢ ᠶᠢᠨ | ᠤᠢ ᠶᠢᠨ ᠰᠠᠭᠤᠷᠢ ᠮᠦᠩᠭᠦᠨ︾ ᠤ ᠲᠦᠰᠦᠯ ᠲᠠᠢ ᠬᠠᠮᠵᠢᠯᠴᠠᠨ ᠤᠶᠢᠵᠢᠭᠤᠯᠤᠯᠲᠠ ᠬᠢᠭᠰᠡᠨ ᠪᠠᠶᠢᠨ᠎ᠠ᠃ ᠲᠦᠰᠦᠯ | ᠨᠢ ᠮᠠᠯᠴᠢᠳ ᠤᠨ ᠬᠤᠪᠢᠳᠠᠭᠰᠠᠨ ᠡᠯᠡᠰᠦᠨ ᠪᠡᠯᠴᠢᠭᠡᠷ ᠢ ᠭᠤᠷᠪᠠᠨ ᠵᠢᠯ ᠤᠨ ᠬᠤᠭᠤᠴᠠᠭ᠎ᠠ ᠲᠠᠢ ᠬᠠᠷᠢᠭᠤᠴᠠᠨ | ᠤᠶᠢᠵᠢᠭᠤᠯᠵᠦ ᠮᠠᠯᠴᠢᠳ ᠡᠨᠡ ᠬᠤᠭᠤᠴᠠᠭᠠᠨ ᠳᠤ ᠮᠠᠯ ᠤᠨᠤᠭ᠎ᠠ ᠪᠠᠨ ᠪᠡᠯᠴᠢᠭᠡᠷ ᠲᠤ ᠤᠷᠤᠭᠤᠯᠬᠤ ᠦᠭᠡᠢ ᠠᠴᠠ | ᠭᠠᠳᠠᠨ᠎ᠠ ᠪᠤᠰᠤᠳ ᠨᠤᠭᠤᠭᠠᠷᠠᠭᠤᠯᠤᠯᠲᠠ ᠶᠢᠨ ᠪᠡᠯᠡ ᠮᠦᠩᠭᠦ᠂ ᠬᠦᠳᠡᠯᠮᠦᠷᠢ ᠬᠦᠴᠦᠨ ᠤ ᠲᠤᠬᠠᠢ ᠰᠠᠨᠠᠭ᠎ᠠ ᠪᠤᠯᠬᠤ | ᠴᠢᠬᠤᠯᠠ ᠦᠭᠡᠢ᠃ ᠦᠦᠰᠢᠨᠵᠤᠤ ᠪᠠᠯᠭᠠᠰᠤᠨ ᠤ ᠴᠠᠭᠠᠡᠰᠥ᠋ᠮ᠎ᠡ ᠭᠠᠴᠠᠭᠠᠨ ᠤ ᠮᠠᠯᠴᠢᠨ ᠵᠤᠷᠢᠭᠲᠤ ᠡᠨᠡ ᠲᠦᠰᠦᠯ | ᠳᠤ ᠤᠷᠤᠯᠴᠠᠵᠦ ᠵᠢᠭᠳᠡᠷᠡᠨ ᠠᠮᠢᠯᠠᠭᠰᠠᠨ ᠬᠠᠷᠭᠠᠨ᠎ᠠ ᠪᠤᠷᠭᠠᠰᠤ ᠶᠢ ᠬᠠᠷᠠᠭᠠᠳ ᠢᠳᠡᠭᠡᠯ ᠲᠦᠭᠦᠷᠡᠩ ᠪᠤᠯᠵᠦ ᠲᠠᠬᠢᠨ | ᠮᠠᠯᠵᠢᠬᠤ ᠦᠢᠯᠡᠳᠪᠦᠷᠢᠯᠡᠯ ᠢᠶᠠᠨ ᠰᠡᠷᠭᠦᠭᠡᠬᠦ ᠪᠤᠯᠤᠭᠰᠠᠨ ᠳᠠᠭᠠᠨ ᠶᠡᠭᠡ ᠪᠠᠶᠠᠷᠲᠠᠢ ᠪᠠᠶᠢᠯ᠎ᠠ᠃ | ᠴᠠᠭᠠᠡᠰᠥ᠋ᠮ᠎ᠡ ᠭᠠᠴᠠᠭᠠᠨ ᠤ ᠮᠠᠯᠴᠢᠨ ᠵᠤᠷᠢᠭᠲᠦ᠄ ︽ᠤᠤᠯ ᠳᠤ ᠪᠠᠨ ᠬᠦᠯᠢᠭᠡᠷ ᠮᠠᠩᠬ᠎ᠠ ᠪᠠᠶᠢᠬᠤ ᠳᠤ ᠮᠠᠯ | ᠮᠠᠯᠵᠢᠬᠤ ᠠᠷᠭ᠎ᠠ ᠦᠭᠡᠢ ᠪᠡᠯᠴᠢᠭᠡᠷ ᠬᠡᠳᠦᠢ ᠶᠡᠭᠡ ᠪᠠᠶᠢᠯ᠎ᠠ ᠭᠡᠳ ᠬᠡᠳᠦᠨ ᠮᠠᠯ ᠮᠠᠯᠵᠢᠨ᠎ᠠ᠃ ᠪᠡᠯᠴᠢᠭᠡᠷ ᠢᠶᠠᠨ | ᠰᠠᠶᠢᠬᠠᠨ ᠤᠶᠢᠵᠢᠭᠤᠯᠵᠦ ᠪᠤᠷᠭᠠᠰᠤ ᠲᠠᠷᠢᠭᠠᠳ ᠤᠷᠭᠤᠭᠰᠠᠨ ᠤ ᠬᠦᠨᠳᠠᠢ ᠵᠠᠪᠰᠠᠷ ᠲᠤᠨᠢ ᠲᠤᠷᠯᠤᠭ ᠤᠨ ᠰᠤᠶᠤᠭ᠎ᠠ᠂ | ᠬᠠᠷᠭᠠᠨ᠎ᠠ ᠶᠢᠨ ᠰᠤᠶᠤᠭ᠎ᠠ ᠵᠡᠷᠭᠡ ᠶᠢ ᠲᠠᠷᠢᠵᠦ ᠤᠷᠭᠤᠭᠤᠯᠪᠠᠯ ᠬᠤᠵᠢᠮ ᠳᠤ ᠪᠠᠨ ᠬᠤᠨᠢ ᠮᠠᠯ ᠢᠶᠠᠨ ᠢᠯᠡᠭᠦᠦ ᠰᠢᠭ | ᠮᠠᠯᠵᠢᠵᠦ ᠤᠷᠤᠯᠭ᠎ᠠ ᠪᠠᠰᠠ ᠨᠡᠮᠡᠭᠳᠡᠬᠦ ᠪᠤᠯᠤᠨ᠎ᠠ᠃ ᠲᠡᠭᠡᠭᠡᠳ ᠡᠭᠦᠨ ᠢ ᠲᠦᠢᠯ ᠤᠨ ᠰᠠᠶᠢᠬᠠᠨ ᠠᠵᠢᠯ ᠭᠡᠵᠦ | ᠪᠤᠳᠤᠵᠦ ᠪᠠᠶᠢᠨ᠎ᠠ︾ ᠭᠡᠪᠡ᠃ | ᠡᠨᠡ ᠵᠢᠯ ᠤᠨ ᠵᠤᠨ ᠭᠠᠩᠳᠠᠭᠤᠨ ᠪᠠᠶᠢᠭᠰᠠᠨ ᠴᠦ ᠦᠦᠰᠢᠨ ᠬᠤᠰᠢᠭᠤᠨ ᠤ ᠮᠠᠩᠬᠠᠨ ᠨᠤᠲᠤᠭ ᠢᠶᠠᠷ | ᠠᠶᠠᠯᠠᠬᠤ ᠳᠤ ᠮᠤᠲᠦ ᠪᠤᠷᠭᠠᠰᠤ ᠵᠢᠭᠳᠡᠷᠡᠨ ᠤᠷᠭᠤᠵᠦ ᠨᠢᠴᠦᠭᠦᠨ ᠡᠯᠡᠰᠦ ᠲᠡᠮᠡᠢ ᠯᠠ ᠬᠠᠷᠠᠭᠳᠠᠬᠤ ᠦᠭᠡᠢ ᠨᠤᠭᠤᠭᠠᠨ | ᠪᠦᠷᠢᠲᠦ ᠪᠠᠷ ᠠᠶᠠᠯᠠᠵᠦ ᠪᠠᠶᠢᠬᠤ ᠰᠢᠭ᠋ ᠰᠠᠨᠠᠭᠳᠠᠵᠦ ᠪᠠᠶᠢᠯ᠎ᠠ᠃ | ᠦᠦᠰᠢᠨ ᠬᠤᠰᠢᠭᠤ ᠶᠡᠷᠦᠩᠬᠡᠢ ᠲᠠᠯᠠᠪᠠᠢ ᠨᠢ 70 ᠮᠤ᠋ ᠶᠢᠨ ᠠᠷᠴᠠᠨ ᠤ ᠬᠠᠮᠠᠭᠠᠯᠠᠯᠳᠠ ᠶᠢᠨ ᠤᠷᠤᠨ ᠭᠤᠷᠪᠠ | ᠪᠤᠢ᠃ ᠤᠯᠠᠭᠠᠡᠲᠤᠯᠤᠭᠠᠢ ᠶᠢᠨ ᠡᠯᠡᠰᠦ ᠵᠠᠰᠠᠬᠤ ᠦᠷᠳᠡᠭᠡ ᠨᠢ 8 ᠲᠦᠮᠡ ᠢᠯᠡᠭᠦᠦ ᠡᠯᠡᠰᠦ ᠶᠢ ᠤᠶᠢᠵᠢᠭᠤᠯᠤᠨ | ᠪᠤᠲᠠᠲᠠᠢ ᠲᠤᠯᠤᠭᠠᠨ ᠲᠦᠷᠦᠯ ᠤᠨ ᠵᠠᠭᠪᠤᠷ ᠰᠤᠳᠤᠯᠤᠨ ᠭᠠᠷᠭᠠᠵᠦ ᠲᠦᠭᠡᠮᠡᠯᠵᠢᠭᠦᠯᠵᠡᠢ᠃ | ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠨᠠᠮ ᠤᠨ ᠬᠤᠷᠢᠶᠠᠨ ᠤ ᠭᠡᠰᠢᠭᠦᠨ | ᠬᠠᠰᠮᠥ᠋ᠷᠡᠨ : ︽ᠨᠠᠶᠠᠭᠠᠳ ᠤᠨ ᠤ ᠦᠶᠡᠰ ᠤᠢ ᠰᠢᠭᠤᠢ ᠶᠢᠨ ᠪᠦᠷᠬᠦᠴᠡ 7.2%᠂ ᠤᠷᠭᠤᠮᠠᠯ ᠤᠨ ᠪᠦᠷᠬᠦᠴᠡ | 40% ᠪᠠᠶᠢᠭᠰᠠᠨ ᠠᠴᠠ ᠪᠠᠨ ᠤᠳᠤᠬᠠᠨ ᠳᠤ ᠪᠤᠯᠬᠤ ᠳᠤ ᠤᠢ ᠰᠢᠭᠤᠢ ᠶᠢᠨ ᠪᠦᠷᠬᠦᠴᠡ 32.89% ᠳᠤ | ᠬᠦᠷᠴᠦ ᠤᠷᠭᠤᠮᠠᠯ ᠤᠨ ᠪᠦᠷᠬᠦᠴᠡ 80% ᠳᠤ ᠬᠦᠷᠴᠤ ᠡᠯᠡᠰᠦᠷᠭᠡᠭ ᠮᠠᠩᠬᠠᠨ ᠭᠠᠵᠠᠷ ᠶᠡᠭᠡ ᠪᠠᠷ ᠬᠤᠷᠤᠭᠳᠠᠭᠰᠠᠨ | ᠪᠠᠶᠢᠨ᠎ᠠ︾ ᠬᠡᠵᠦ ᠪᠠᠶᠢᠪᠠ᠃ |