ᠨᠠᠷᠢᠠᠭᠤᠤᠯ ᠤᠨ ᠠᠭᠤᠷᠬᠠᠢ ᠶᠢᠨ ᠤᠷᠤᠨ ᠳᠤ ᠪᠠᠶᠢᠷᠢᠯᠠᠵᠤ ᠪᠠᠶᠢᠭ᠎ᠠ ᠨᠠᠷᠢᠠᠭᠤᠤᠯ ᠤᠨ ᠬᠤᠶᠠᠳᠤᠭᠠᠷ | ᠠᠭᠤᠷᠬᠠᠶ ᠶᠢᠨ ᠬᠤᠳᠳᠤᠭ ᠤᠨ ᠲᠡᠮᠦᠷ ᠵᠠᠮ ᠤᠨ ᠲᠤᠰᠬᠠᠢ ᠲᠡᠭᠡᠭᠡᠪᠤᠷᠢ ᠶᠢᠨ ᠱᠤᠭᠤᠮ ᠵᠠᠮ ᠲᠠᠪᠢᠰᠭᠦ ᠨᠥᠭᠦᠴᠠᠯ | ᠢᠶᠠᠨ ᠪᠥᠷᠢᠯᠳᠤᠭᠦᠯᠵᠤ 7 ᠰᠠᠷ᠎ᠠ ᠶᠢᠨ 14 ᠤ ᠡᠳᠦᠷ ᠵᠠᠮ ᠢᠶᠠᠨ ᠵᠢᠩᠭᠢᠨᠢ ᠪᠠᠷ ᠲᠠᠪᠢᠰᠴᠤ ᠡᠭᠢᠯᠡᠭᠰᠠᠨ ᠪᠠᠶᠢᠨ᠎ᠠ᠃ | ᠲᠤᠰ ᠲᠡᠮᠦᠷ ᠵᠠᠮ ᠤᠨ ᠲᠤᠰᠬᠠᠢ ᠲᠡᠭᠡᠭᠡᠪᠤᠷᠢ ᠶᠢᠨ ᠱᠤᠭᠤᠮ ᠤᠨ ᠲᠥᠷᠥᠯ ᠵᠦᠢᠯ ᠳᠤ 11.21 | ᠳ᠋ᠦᠩᠰᠢᠭᠤᠷ ᠲᠥᠭᠦᠷᠢᠭ ᠤᠨ ᠪᠠᠯᠡ ᠤᠷᠤᠭᠤᠯᠬᠤ ᠪᠠᠷ ᠲᠥᠯᠥᠪᠯᠡᠵᠤ ᠲᠡᠮᠦᠷ ᠵᠠᠮ ᠨᠢ ᠬᠤᠯᠪᠤᠭᠠᠯᠵᠢ ᠠᠴᠠ ᠵᠢᠢ ᠠᠨ | ᠬᠦᠷᠬᠦ ᠲᠡᠮᠦᠷ ᠵᠠᠮ ᠤᠨ ᠨᠠᠷᠢᠠᠭᠤᠤᠯ ᠤᠨ ᠥᠷᠲᠡᠭᠡ ᠠᠴᠠ ᠡᠭᠢᠯᠠᠨ ᠵᠠᠮ ᠲᠠᠭᠠᠤ ᠨᠠᠷᠢᠠᠭᠤᠤᠯ ᠥᠷᠲᠡᠭᠡ᠂ | ᠰᠢᠷᠬᠤᠰᠤᠨ ᠭᠤᠤᠯ ᠥᠷᠲᠡᠭᠡ ᠪᠣᠯᠤᠨ ᠬᠤᠶᠠᠳᠤᠭᠠᠷ ᠠᠭᠤᠷᠬᠠᠢ ᠶᠢᠨ ᠬᠤᠳᠳᠤᠭ ᠤᠨ ᠥᠷᠲᠡᠭᠡ ᠵᠡᠷᠭᠡ 3 | ᠥᠷᠲᠡᠭᠡ ᠲᠣᠬᠢᠷᠠᠭᠤᠯᠵᠤ ᠪᠥᠬᠦ ᠤᠷᠲᠤ ᠨᠢ 27.366 ᠺᠢᠯᠣᠮᠧᠲᠷ ᠪᠠᠶᠢᠵᠤ ᠭᠤᠣᠯᠳᠠᠭᠤ ᠨᠠᠷᠢᠠᠭᠤᠤᠯ ᠤᠨ | ᠬᠤᠶᠠᠳᠤᠭᠠᠷ ᠠᠭᠤᠷᠬᠠᠢ ᠶᠢᠨ ᠬᠤᠳᠳᠤᠭ ᠤᠨ ᠨᠡᠭᠦᠷᠡᠰᠦ ᠶᠢ ᠭᠠᠳᠠᠭᠰᠢ ᠲᠡᠭᠡᠭᠡᠪᠤᠷᠢᠯᠠᠨ ᠣᠶᠢᠷ᠎ᠠ ᠶᠢᠨ | ᠬᠤᠭᠤᠴᠠᠭᠠᠨ ᠤ ᠵᠢᠯ ᠤᠨ ᠳᠡᠭᠡᠭᠡᠪᠣᠷᠢᠯᠡᠬᠦ ᠴᠢᠳᠠᠯ ᠢ 800 ᠲᠦᠮᠡᠨ ᠲᠣᠨ ᠢᠶᠠᠷ ᠲᠥᠯᠥᠪᠵᠢᠭᠦᠯᠵᠦ ᠳᠠᠮᠵᠢᠭᠤᠯᠬᠤ | ᠴᠢᠳᠠᠪᠤᠷᠢ ᠶᠢ 4600 ᠲᠦᠮᠡᠨ ᠲᠣᠨ ᠳᠤ ᠬᠦᠷᠭᠡᠬᠦ ᠪᠠᠷ ᠪᠠᠶᠢᠨ᠎ᠠ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠲᠤᠰ ᠲᠡᠮᠦᠷ ᠵᠠᠮ ᠨᠢ ᠬᠤᠯᠪᠤᠭᠠᠯᠵᠢ ᠠᠴᠠ ᠵᠢᠢ ᠠᠨ | ᠬᠦᠷᠬᠦ ᠲᠡᠮᠦᠷ ᠵᠠᠮ ᠪᠣᠯᠤᠨ ᠣᠷᠳᠣᠰ ᠤᠨ ᠡᠳ᠋ ᠪᠠᠷᠠᠭᠠᠨ ᠭᠦᠢᠯᠭᠡᠭᠡᠨ ᠤ ᠰᠢᠰᠲ᠋ᠧᠮ ᠢᠶᠠᠷ ᠳᠠᠮᠵᠢᠨ ᠵᠠᠰᠠᠮᠠᠯ ᠵᠠᠮ | ᠪᠣᠯᠤᠨ ᠲᠡᠮᠦᠷ ᠵᠠᠮ ᠤᠨ ᠬᠠᠷᠢᠯᠴᠠᠨ ᠬᠤᠯᠪᠣᠯᠳᠤᠬᠤ ᠶᠢ ᠪᠠᠶᠠᠯᠠᠭᠦᠯᠵᠤ ᠨᠡᠭᠦᠷᠡᠰᠦᠨ ᠤ ᠲᠡᠭᠡᠭᠡᠪᠦᠷᠢ ᠶᠢᠨ ᠬᠦᠴᠢᠷᠳᠡᠯ ᠢ | ᠰᠢᠢᠳᠪᠦᠷᠢᠯᠡᠬᠦ᠂ ᠲᠡᠭᠡᠭᠡᠪᠦᠷᠢᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠵᠠᠬ᠎ᠠ ᠳᠡᠯᠭᠡᠭᠦᠷ ᠤᠨ ᠥᠷᠢᠰᠥᠯᠳᠦᠬᠦ | ᠬᠦᠴᠦᠨ ᠢ ᠨᠡᠮᠡᠭᠳᠡᠭᠦᠯᠬᠦ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | ᠣᠶᠢᠷ᠎ᠠ ᠶᠢᠨ ᠵᠢᠯ ᠠᠴᠠ ᠨᠠᠰᠢ ᠤᠷᠳᠤᠰ ᠬᠤᠲᠠ ᠶᠢᠨ ︽ᠭᠤᠷᠪᠠᠨ ᠬᠥᠨᠳᠡᠯᠡᠨ ᠳᠥᠷᠪᠡᠨ ᠭᠤᠯᠳᠤ︾ ᠲᠡᠮᠦᠷ | ᠵᠠᠮ ᠢ ᠨᠡᠪᠳᠠᠷᠠᠭᠦᠯᠭᠦ ᠲᠥᠯᠥᠪᠵᠢᠭᠦᠯᠬᠡ ᠶᠣᠰᠣᠭᠠᠷ ᠮᠠᠨ ᠤ ᠬᠤᠰᠢᠭᠤ᠂ ᠣᠷᠣᠨ ᠪᠦᠰᠡ ᠶᠢᠨ ᠲᠡᠮᠦᠷ ᠵᠠᠮ ᠤᠨ | ᠲᠣᠣᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠤᠷᠢᠳ ᠬᠤᠵᠢᠳ 10 ᠵᠤᠷᠪᠤᠰ | ᠲᠡᠮᠦᠷ ᠵᠠᠮ ᠳᠡᠪᠢᠰᠴᠦ ᠲᠡᠷᠭᠡ ᠨᠡᠪᠲᠡᠷᠡᠭᠰᠡᠨ ᠶᠡᠷᠦᠩᠬᠡᠶ ᠤᠷᠲᠤ ᠨᠢ 452.2 ᠺᠢᠯᠣᠮᠧᠲᠷ ᠲᠤ ᠬᠦᠷᠴᠦ ᠤᠶᠢᠷ᠎ᠠ | ᠬᠠᠪᠢ ᠶᠢᠨ ᠭᠤᠤᠯᠳᠠᠯᠭ᠎ᠠ ᠲᠠᠢ ᠦᠢᠯᠡᠳᠪᠦᠷᠢ᠂ ᠠᠭᠤᠷᠬᠠᠶ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ | ᠲᠡᠮᠦᠷ ᠵᠠᠮ ᠲᠠᠢ ᠬᠤᠯᠪᠣᠵᠤ ︽ᠬᠤᠶᠠᠷ ᠬᠥᠨᠳᠡᠯᠡᠨ ᠨᠢᠭᠡ ᠭᠤᠯᠳᠤ︾ ᠲᠡᠮᠦᠷ ᠵᠠᠮ ᠤᠨ ᠭᠠᠳᠠᠭᠰᠢ ᠲᠡᠭᠡᠭᠡᠪᠦᠷᠢᠯᠡᠬᠦ | ᠵᠠᠮ ᠢ ᠪᠦᠷᠢᠯᠳᠦᠭᠦᠯᠦᠭᠰᠡᠨ ᠪᠠᠶᠢᠨ᠎ᠠ᠃ |