ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠦᠶᠡᠷ ᠢ ᠰᠡᠷᠭᠡᠶᠢᠯᠡᠬᠦ ᠠᠵᠢᠯ ᠪᠠ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠪᠡ
ᠨᠡᠶᠢᠲᠡᠯᠡᠭᠰᠡᠨ ᠴᠠᠭ᠄
2020-07-16
     7 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠢᠷᠬᠤᠰᠤᠨ ᠪᠠᠯᠭᠠᠰᠤ᠂ ᠰᠦᠯᠳᠡ ᠰᠤᠮᠤᠨ ᠳᠤ ᠬᠦᠷᠴᠦ ᠦᠶᠡᠷ ᠢ ᠰᠡᠷᠭᠡᠶᠢᠯᠡᠬᠦ ᠠᠵᠢᠯ ᠳᠤ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠲᠤ ᠰᠢᠷᠬᠤᠰᠤ ᠠᠮᠢ ᠠᠬᠤᠶ ᠶᠢᠨ ᠪᠥᠲᠥᠭᠡᠨ ᠪᠠᠶᠢᠭᠤᠯᠤᠯᠳᠠ ᠶᠢᠨ ᠠᠵᠢᠯ ᠳᠤ ᠰᠢᠨᠵᠢᠯᠡᠨ ᠪᠠᠶᠢᠴᠠᠭᠠᠯᠳᠠ ᠭᠢᠪᠠ᠃ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠰᠢᠷᠬᠤᠰᠤᠨ ᠪᠠᠯᠭᠠᠰᠤ᠂ ᠰᠦᠯᠳᠡ ᠰᠤᠮᠤ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠰᠢᠷᠬᠤᠰᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠲᠤ ᠡᠷᠳᠡᠨᠢᠪᠢᠯᠢᠭ ᠨᠠᠷ ᠬᠤᠶᠠᠷ ᠡᠷᠭᠢ ᠶᠢᠨ ᠨᠣᠭᠤᠭᠠᠷᠠᠭᠤᠯᠤᠯᠲᠠ᠂ ᠨᠤᠭᠤ ᠭᠠᠵᠠᠷ ᠤᠨ ᠬᠠᠮᠠᠭᠠᠯᠠᠯᠳᠠ᠂ ᠲᠡᠤᠬᠡ ᠰᠣᠶᠣᠯ ᠢ ᠠᠭᠤᠳᠠᠯᠬᠤ᠂ ᠠᠮᠢ ᠠᠬᠤᠶ ᠶᠢ ᠰᠡᠷᠭᠦᠭᠡᠬᠦ᠂ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠬᠦ᠂ ᠭᠤᠤᠯ ᠮᠥᠷᠠᠨ ᠨᠠᠭᠤᠷ ᠤᠨ ᠳᠠᠷᠤᠭ᠎ᠠ ᠶᠢᠨ ᠲᠥᠷᠢᠮ ᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠠᠪᠠ ᠭᠠᠵᠠᠷ ᠢ ᠬᠠᠮᠠᠭᠠᠯᠠᠨ ᠬᠠᠮᠢᠶᠠᠷᠬᠤ᠂  ᠪᠡᠯᠡᠳᠬᠡᠮᠵᠢ ᠶᠢ ᠲᠡᠭᠦᠯᠳᠡᠷᠵᠢᠭᠦᠯᠬᠦ᠂ ᠲᠡᠤᠬᠡ ᠶᠢᠨ ᠳᠤᠷᠠᠰᠬᠠᠯᠲᠤ ᠵᠥᠢᠯᠡᠰ ᠢ ᠬᠠᠮᠠᠭᠠᠯᠠᠬᠤ ᠵᠡᠷᠭᠡ ᠠᠵᠢᠯ ᠢ ᠬᠡᠷᠡᠭᠵᠢᠭᠦᠯᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠰᠢᠷᠬᠤᠰᠤᠨ ᠭᠤᠤᠯ ᠪᠣᠯ ᠬᠠᠲᠤᠨ ᠭᠤᠤᠯ ᠤᠨ ᠰᠠᠯᠪᠤᠷᠢ ᠤᠷᠤᠰᠬᠠᠯ  ᠪᠠᠶᠢᠵᠤ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ᠂ ᠨᠤᠮᠢᠨ ᠲᠠᠩᠰᠤᠭ ᠭᠥᠭᠵᠢᠨ ᠮᠠᠠᠳᠤᠯᠳᠠ ᠪᠠ ᠠᠮᠢ ᠠᠬᠤᠶ ᠶᠢᠨ ᠪᠣᠯᠪᠠᠰᠤᠨ‌‍ᠤ ᠪᠠᠶᠢᠭᠤᠯᠤᠯᠲᠠ ᠶᠢ ᠪᠠᠶᠠᠯᠠᠭᠦᠯᠭᠦ ᠳᠤ ᠲᠦᠢᠯ ᠤᠨ ᠴᠢᠬᠤᠯᠠ ᠥᠢᠯᠡᠳᠤᠯ ᠦᠵᠡᠭᠦᠯᠵᠦ ᠪᠠᠶᠢᠳᠠᠭ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠᠴᠢᠯᠠᠭ᠎ᠠ᠂ ᠤᠶᠢᠷ᠎ᠠ ᠬᠠᠪᠢ ᠶᠢᠨ ᠺᠠᠳ᠋ᠷ ᠣᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠰᠢᠷᠬᠤᠰᠤ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠤᠭᠰᠠᠨ ᠪᠠᠶᠢᠨ᠎ᠠ᠃ ᠰᠢᠷᠬᠤᠰᠤ ᠠᠮᠢ ᠠᠬᠤᠢ ᠶᠢᠨ ᠰᠣᠶᠣᠯ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠳᠡᠰ ᠳᠠᠪᠬᠤᠷᠭ᠎ᠠ ᠶᠢ ᠲᠡᠭᠡᠭᠰᠢᠯᠠᠭᠦᠯᠤᠨ ᠡᠷᠭᠢ ᠳᠠᠭᠠᠤ ᠲᠡᠦᠬᠡ ᠰᠣᠶᠣᠯ ᠤᠨ ᠡᠬᠢ ᠪᠠᠶᠠᠯᠢᠭ ᠢ ᠠᠭᠤᠳᠠᠯᠠᠨ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠷᠥᠯ ᠵᠦᠢᠯ ᠢ ᠰᠠᠶᠢᠲᠤᠷ ᠰᠣᠩᠭᠤᠵᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠰᠢᠷᠬᠤᠰᠤ ᠠᠮᠢ ᠠᠬᠤᠢ ᠶᠢᠨ ᠬᠠᠮᠠᠭᠠᠯᠠᠯᠲᠠ ᠶᠢᠨ ᠪᠦᠰᠡ ᠶᠢ ᠪᠠᠶᠢᠭᠤᠯᠬᠤ ᠭᠡᠷᠡᠭᠳᠠᠢ᠃ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠲᠣᠰ ᠲᠣᠰ ᠤᠨ ᠡᠭᠦᠷᠭᠡ ᠲᠤᠰᠢᠶᠠᠯ ᠢᠶᠠᠨ ᠭᠥᠢᠴᠡᠳᠭᠡᠨ ᠰᠢᠷᠬᠤᠰᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠰᠠᠶᠢᠨ ᠭᠢᠭᠦ ᠭᠡᠷᠡᠭᠳᠠᠢ ᠭᠡᠵᠡᠢ᠃
     ᠪᠠᠲᠤ ᠶᠢᠨ ᠲᠣᠬᠤᠢ ᠤᠰᠤᠨ ᠴᠥᠭᠦᠷᠥᠮ᠂ ᠲᠥᠩᠽᠢ ᠭᠠᠴᠠᠭᠠᠨ ᠤ ᠦᠶᠡᠷ ᠢ ᠰᠡᠷᠭᠡᠶᠢᠯᠡᠬᠦ ᠰᠤᠪᠠᠭ ᠵᠡᠷᠭᠡ ᠭᠠᠵᠠᠷ ᠲᠤ ᠡᠷᠳᠡᠨᠢᠪᠢᠯᠢᠭ᠂ ᠤᠰᠤᠨ ᠴᠥᠭᠦᠷᠥᠮ ᠤᠨ ᠤᠰᠤ ᠬᠠᠳᠠᠭᠠᠯᠠᠬᠤ ᠬᠡᠮᠵᠢᠶ᠎ᠡ᠂ ᠦᠶᠡᠷ ᠢ ᠰᠡᠷᠭᠡᠶᠢᠯᠡᠬᠦ ᠲᠥᠰᠦᠯ ᠪᠠ ᠦᠶᠡᠷ ᠢ ᠰᠠᠷᠭᠡᠶᠢᠯᠠᠭᠦ ᠡᠳ᠋ ᠪᠣᠳᠠᠰ ᠤᠨ ᠨᠥᠭᠡᠴᠡ ᠵᠡᠷᠭᠡ ᠶᠢᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ ᠲᠠᠷᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ  ᠭᠠᠷᠭᠠᠭᠰᠠᠨ ᠴᠢᠬᠤᠯᠠ ᠵᠢᠭᠠᠪᠤᠷᠢ ᠶᠢᠨ ᠶᠤᠰᠤᠭᠠᠷ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ  ᠪᠠᠷᠢᠮᠳᠠᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ ᠶᠢ ᠨᠠᠶᠢᠳᠠᠪᠤᠷᠢᠵᠢᠭᠤᠯᠬᠤ ᠭᠡᠷᠡᠭᠳᠠᠢ︔ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠤ ᠲᠤᠷᠠᠳᠤᠭᠰᠠᠨ ᠦᠶᠡᠷ ᠢ ᠰᠡᠷᠭᠡᠶᠢᠯᠡᠬᠦ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠨᠢ ᠪᠢᠳᠡᠨ ᠤ ᠠᠵᠢᠯ ᠤᠨ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠭᠡᠷᠡᠭᠳᠠᠢ ᠭᠡᠵᠡᠢ᠃
     ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ ᠭᠠᠩ ᠬᠠᠭᠰᠠᠷᠠᠭᠠᠨ ᠲᠠᠢ ᠲᠡᠮᠡᠴᠡᠬᠦ᠂ ᠦᠶᠡᠷ ᠢ ᠰᠡᠷᠭᠡᠶᠢᠯᠡᠬᠦ ᠳᠤ ᠰᠠᠭᠤᠷᠢᠯᠠᠨ ᠭᠠᠩ ᠤᠰᠤᠲᠤᠯ ᠪᠣᠯᠤᠨ ᠣᠯᠠᠨ ᠵᠥᠢᠯ ᠤᠨ ᠭᠠᠮᠰᠢᠭ ᠵᠡᠷᠭᠡ ᠪᠠᠷ ᠡᠭᠦᠰᠬᠦ ᠪᠠᠴᠢᠮ ᠪᠠᠶᠢᠳᠠᠯ ᠢ ᠰᠢᠢᠳᠪᠤᠷᠢᠯᠠᠭᠦ ᠠᠵᠢᠯ ᠢ ᠰᠠᠶᠢᠲᠤᠷ ᠭᠢᠭᠦ ᠭᠡᠷᠡᠭᠳᠠᠢ᠃ ᠪᠠᠴᠢᠮ ᠪᠠᠶᠢᠳᠠᠯ ᠢ ᠰᠶᠢᠳᠪᠤᠷᠢᠯᠡᠵᠦ ᠠᠪᠤᠷᠠᠨ ᠲᠤᠰᠠᠯᠠᠬᠤ ᠠᠵᠢᠯ ᠤᠨ ᠰᠣᠷᠢᠯᠲᠠ ᠶᠢ ᠰᠠᠶᠢᠳᠤᠷ ᠬᠢᠵᠦ ᠲᠤᠷᠰᠢᠯᠭ᠎ᠠ ᠶᠢ ᠨᠡᠮᠡᠭᠳᠡᠭᠦᠯᠤᠨ ᠴᠢᠳᠠᠪᠤᠷᠢ ᠶᠢ ᠲᠡᠭᠡᠭᠰᠢᠯᠠᠭᠦᠯᠭᠦ ᠭᠡᠷᠡᠭᠳᠠᠢ᠃ 24 ᠴᠠᠭ ᠤᠨ ᠵᠢᠵᠢᠭᠦᠷᠯᠡᠬᠦ ᠳᠦᠷᠢᠮ ᠢ ᠨᠠᠶᠢᠳᠠᠪᠤᠷᠢᠵᠢᠭᠤᠯᠤᠨ ᠦᠶᠡᠷ ᠢ ᠰᠡᠷᠭᠡᠶᠢᠯᠡᠬᠦ ᠠᠵᠢᠯ ᠤᠨ ᠰᠠᠭᠠᠳ ᠦᠭᠡᠶ ᠨᠡᠪᠲᠡᠷᠡᠬᠦ ᠶᠢ ᠪᠠᠲᠤᠯᠠᠵᠤ ᠨᠡᠶᠢᠭᠡᠮ ᠤᠨ ᠬᠦᠴᠦᠨ ᠤ ᠪᠠᠴᠢᠮ ᠪᠠᠶᠢᠳᠠᠯ ᠢ ᠰᠶᠢᠳᠪᠤᠷᠢᠯᠡᠵᠦ ᠠᠪᠤᠷᠠᠨ ᠲᠤᠰᠠᠯᠠᠬᠤ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠲᠤᠰᠬᠠᠶ ᠡᠩᠨᠡᠭᠡ ᠪᠤᠯᠤᠨ ᠣᠯᠠᠨ ᠵᠶ᠋ᠠᠷ‌‍ᠢᠶ᠋ᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠭᠡᠷᠡᠭᠳᠠᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠳ᠋ ᠪᠣᠳᠠᠰ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠳᠤᠷ ᠬᠢᠵᠦ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠪᠣᠯᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠭᠠᠷᠴᠤ ᠮᠡᠳᠡᠬᠦ ᠦᠶᠡᠷ‌‍ᠤᠨ ᠪᠠᠶᠢᠳᠠᠯ ᠢ ᠭᠥᠢᠴᠡᠳ ᠵᠢᠱᠢᠨ ᠣᠨᠣᠪᠴᠢᠲᠠᠶ ᠮᠠᠭᠠᠳᠯᠠᠵᠤ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠮᠤᠷ ᠲᠥᠪᠰᠢᠨ ᠪᠠ ᠶᠠᠰᠤ ᠴᠢᠨᠠᠷ ᠢ ᠪᠠᠳᠤᠯᠠᠨ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ  ᠪᠤᠯᠭᠠᠨ ᠪᠠᠶᠢᠭᠤᠯᠬᠤ ᠭᠡᠷᠡᠭᠳᠠᠢ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ ᠠᠮᠤᠷ ᠲᠦᠪᠰᠢᠨ ᠦᠶᠡᠷ ᠢ ᠰᠡᠷᠭᠡᠶᠢᠯᠡᠬᠦ᠂ ᠠᠮᠢ ᠠᠬᠤᠶ ᠶᠢᠨ ᠬᠠᠮᠠᠭᠠᠯᠠᠯᠲᠠ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠠᠰᠢᠭᠯᠠᠯᠲᠠ ᠶᠢ ᠨᠢᠭᠡᠳᠦᠯᠲᠡᠶ ᠲᠥᠯᠥᠪᠵᠢᠭᠦᠯᠵᠦ ᠶᠡᠷᠦᠩᠬᠡᠶᠢᠯᠡᠭᠰᠡᠨ ᠦᠷ᠎ᠡ ᠠᠰᠢᠭ ᠢ ᠲᠡᠭᠡᠭᠰᠢᠯᠠᠭᠦᠯᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠠᠶᠠᠯᠠᠭᠦᠯᠵᠦ ᠪᠥᠭᠦ ᠬᠤᠰᠢᠭᠤᠨ ᠤ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号