ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠪᠠᠶᠢᠴᠠᠭᠠᠯᠳᠠ ᠶᠢᠨ ᠲᠤᠭᠤᠶᠢᠯᠠᠩ ᠢ ᠳᠠᠭᠠᠭᠤᠯᠤᠨ ᠣᠲᠤᠭ ᠬᠤᠰᠢᠭᠤ ᠪᠠ ᠪᠠᠶᠠᠨᠨᠠᠭᠤᠷ ᠬᠤᠲᠠ ᠳᠤ ᠭᠥᠷᠴᠤ ᠰᠢᠨᠵᠢᠯᠡᠨ ᠪᠠᠶᠢᠴᠠᠭᠠᠯᠳᠠ ᠭᠢᠪᠡ
ᠨᠡᠶᠢᠲᠡᠯᠡᠭᠰᠡᠨ ᠴᠠᠭ᠄
2020-07-16
     7 ᠰᠠᠷ᠎ᠠ ᠶᠢᠨ 10 ᠤ ᠡᠳᠤᠷ ᠠᠴᠠ 11 ᠤ ᠡᠳᠦᠷ ᠪᠤᠯᠳᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠢ ᠳᠠᠭᠠᠭᠤᠯᠤᠨ ᠣᠲᠤᠭ ᠬᠤᠰᠢᠭᠤᠨ ᠤ ᠮᠧᠩ ᠰᠢ ᠪᠠᠯᠭᠠᠰᠤ ᠪᠣᠯᠤᠨ ᠪᠠᠶᠠᠨᠨᠠᠭᠤᠷ ᠬᠤᠲᠠ ᠳᠤ ᠬᠦᠷᠴᠦ ᠰᠢᠨᠵᠢᠯᠡᠨ ᠪᠠᠶᠢᠴᠠᠭᠠᠯᠳᠠ ᠭᠢᠵᠦ ᠲᠤᠬᠠᠶ ᠶᠢᠨ ᠭᠠᠵᠠᠷ ᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ᠂ ᠮᠠᠯ ᠲᠠᠷᠢᠶᠠᠯᠠᠩ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠵᠢᠴᠢ ︽ᠲᠡᠭᠷᠢ ᠶᠢᠨ ᠭᠡᠰᠢᠭᠳᠦ ᠪᠤᠷᠤᠳᠤᠬᠤᠢ ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠤ ᠲᠡᠮᠳᠡᠭᠲᠤ ᠶᠢ ᠡᠭᠦᠳᠬᠦ ᠵᠡᠷᠭᠡ ᠲᠠᠯ᠎ᠠ ᠪᠠᠷ ᠬᠢ ᠲᠤᠷᠰᠢᠯᠭ᠎ᠠ ᠠᠷᠭ᠎ᠠ ᠪᠠᠷᠢᠯ ᠢ ᠰᠤᠷᠤᠯᠴᠠᠪᠠ᠃ ᠬᠤᠰᠢᠭᠤ ᠤᠳᠤᠷᠢᠳᠤᠯᠭ᠎ᠠ ᠸᠠᠩ ᠶᠦᠩ ᠴᠢᠩ᠂ ᠪᠠᠶᠠᠠᠴᠠᠩᠭᠡᠯ ᠪᠤᠯᠤᠨ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ᠂ ᠬᠤᠰᠢᠭᠤ ᠮᠠᠯ ᠲᠠᠷᠢᠶᠠᠯᠠᠩ ᠠᠵᠤ ᠠᠬᠤᠶ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠮᠠᠯ  ᠲᠠᠷᠢᠶᠠᠯᠠᠩ ᠠᠵᠤ ᠠᠬᠤᠶ ᠶᠢᠨ ᠨᠡᠭᠡᠭᠡᠯᠲᠡ ᠶᠢᠨ ᠺᠣᠮᠫᠠᠨᠢ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ  ᠪᠠᠶᠢᠴᠠᠭᠠᠯᠳᠠ ᠳᠤ ᠣᠷᠣᠯᠴᠠᠵᠠᠶ᠃
    ᠪᠠᠶᠢᠴᠠᠭᠠᠯᠳᠠ ᠶᠢᠨ ᠪᠦᠯᠬᠦᠮ ᠤᠨ ᠬᠢᠨ ᠤᠷᠢᠳ ᠬᠤᠵᠢᠳ ᠤᠲᠤᠭ ᠬᠤᠰᠢᠭᠤᠨ ᠤ ᠰᠠᠶᠢᠬᠤᠰᠤ ᠠᠯᠠᠰᠢᠨ ᠦᠬᠡᠷ ᠲᠠᠵᠢᠭᠡᠭᠦ ᠰᠠᠭᠤᠷᠢᠨ ᠭᠠᠵᠠᠷ᠂ ᠳ᠋ᠧ ᠱᠧᠩ ᠪᠦᠯᠦᠭᠯᠡᠯ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠂ ᠪᠠᠶᠠᠨᠨᠠᠭᠤᠷ ᠬᠤᠲᠠ ᠶᠢᠨ ᠯᠢᠨ ᠡᠾᠧ ᠲᠣᠭᠤᠷᠢᠭ ᠤᠨ ᠲᠡᠭᠷᠢ ᠶᠢᠨ ᠭᠡᠰᠢᠭᠳᠦ ᠪᠤᠷᠤᠳᠤᠬᠤᠢ ᠶᠡᠷᠦᠩᠬᠡᠶ ᠬᠡᠯᠲᠡᠰ ᠤᠨ ᠰᠠᠭᠤᠷᠢᠨ ᠭᠠᠵᠠᠷ᠂ ᠲᠠᠷᠢᠶᠠᠯᠠᠩ ᠤᠨ ᠭᠠᠷᠤᠯᠲᠠ ᠶᠢᠨ ᠣᠷᠳᠣᠨ᠂ ᠮᠧᠩ ᠰᠢᠨ ᠠᠯᠠᠰᠢᠨ ᠬᠤᠨᠢ ᠨᠢᠲᠤᠯᠬᠤ ᠭᠠᠵᠠᠷ᠂ ︽ᠨᠠᠢᠮᠠ ᠨᠢᠭᠡ︾ ᠲᠡᠵᠢᠭᠡᠨ ᠦᠷᠡᠵᠢᠭᠦᠯᠬᠦ ᠲᠣᠭᠤᠷᠢᠭ ᠵᠢᠴᠢ ᠵᠧᠩ ᠳ᠋ᠡ ᠺᠣᠮᠫᠠᠨᠢ ᠶᠢᠨ ᠥᠶᠤᠸᠠᠨ ᠬᠤᠪᠢᠶᠠᠷᠢ ᠺᠣᠮᠫᠠᠨᠢ ᠵᠡᠷᠭᠡ ᠭᠠᠵᠠᠷ ᠢᠶᠠᠷ ᠰᠢᠨᠵᠢᠯᠠᠨ ᠪᠠᠶᠢᠴᠠᠭᠠᠵᠦ ᠬᠦᠷᠦᠭᠰᠡᠨ ᠭᠠᠵᠠᠷ ᠪᠣᠯᠭᠠᠨ ᠳᠤ ᠣᠯᠠᠨ ᠢᠶᠠᠷ ᠢᠶᠠᠨ ᠲᠤᠷᠰᠢᠯᠭ᠎ᠠ ᠠᠷᠭ᠎ᠠ ᠪᠠᠷᠢᠯ ᠢ ᠰᠤᠷᠤᠯᠴᠠᠨ ᠪᠣᠳᠣᠯ ᠰᠠᠨᠠᠯ ᠢᠶᠠᠨ ᠰᠤᠯᠢᠯᠴᠠᠭᠰᠠᠨ ᠪᠠᠶᠢᠨ᠎ᠠ᠃
     ᠵᠤᠤ ᠹᠸᠢ ᠯᠦ ᠵᠢᠭᠠᠵᠤ ᠭᠠᠷᠭᠠᠭᠰᠠᠨ ᠨᠢ᠂ ᠪᠠᠶᠠᠨᠨᠠᠭᠤᠷ ᠬᠤᠲᠠ ᠪᠣᠯ ᠥᠪᠡᠷᠲᠡᠭᠡᠨ ᠵᠠᠰᠠᠬᠤ ᠣᠷᠣᠨ ᠤ ᠮᠠᠯ ᠲᠠᠷᠢᠶᠠᠯᠠᠩ ᠠᠵᠤ ᠠᠬᠤᠢ ᠶᠢᠨ ᠬᠥᠭᠵᠢᠯᠲᠡ ᠶᠢᠨ ᠦᠯᠢᠭᠡᠷ ᠳᠠᠭᠤᠷᠢᠶᠠᠯ ᠣᠷᠣᠨ᠂ ᠢᠯᠠᠩᠭᠤᠶ᠎ᠠ ᠤᠶᠢᠷ᠎ᠠ ᠶᠢᠨ ᠵᠢᠯ ᠤᠨ ᠲᠤᠷᠰᠢ ᠠᠮᠢ ᠠᠬᠤᠢ ᠶᠢᠨ ᠥᠨᠳᠥᠷ ᠦᠷ᠎ᠡ ᠠᠰᠢᠭᠳᠤ ᠮᠠᠯ ᠲᠠᠷᠢᠶᠠᠯᠠᠩ ᠠᠵᠤ ᠠᠬᠤᠶ᠂ ᠥᠢᠯᠡᠳᠪᠤᠷᠢᠯᠠᠯ ᠡᠵᠡᠩᠨᠡᠯᠲᠡ ᠶᠢᠨ ᠲᠤᠭᠳᠠᠯᠴᠠᠭ᠎ᠠ᠂ ᠨᠡᠶᠢᠲᠡ ᠶᠢᠨ ᠭᠡᠷᠡᠭᠯᠡᠭᠡᠨ ᠤ ᠨᠡᠷᠡᠲᠤ ᠳᠡᠮᠳᠡᠭᠲᠤ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠰᠢᠨ᠎ᠡ ᠡᠭᠦᠳᠤᠯᠳᠠ ᠲᠠᠢ ᠪᠠᠶᠢᠵᠤ ᠮᠠᠰᠢ ᠤᠯᠠᠨ ᠰᠢᠨ᠎ᠡ ᠰᠡᠳᠬᠢᠴᠡ᠂ ᠰᠢᠨ᠎ᠡ ᠰᠦᠪᠡᠭᠴᠢᠯᠡᠯᠲᠡ᠂ ᠰᠢᠨ᠎ᠡ ᠠᠷᠭ᠎ᠠ ᠬᠡᠮᠵᠢᠶ᠎ᠡ ᠨᠢ ᠰᠤᠷᠤᠯᠴᠠᠭᠤᠰᠢᠳᠠᠢ ᠪᠠᠶᠢᠨ᠎ᠠ ᠭᠡᠵᠡᠢ᠃      ᠵᠤᠤ ᠹᠸᠢ ᠯᠦ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠵᠢᠴᠢ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠳᠣ ᠶᠢᠨ ᠡᠬᠢ ᠪᠠᠶᠠᠯᠢᠭ ᠢᠶᠠᠨ ᠠᠰᠢᠭᠯᠠᠨ ᠰᠠᠶᠢᠨ ᠡᠭᠦᠯᠳᠡᠷ ᠢ ᠠᠷᠠᠴᠢᠯᠠᠨ ᠲᠡᠵᠢᠭᠡᠬᠦ᠂ ᠪᠤᠷᠳᠤᠨ ᠲᠠᠷᠭᠤᠯᠠᠭᠤᠯᠬᠤ᠂ ᠲᠡᠵᠢᠭᠡᠯ ᠡᠪᠡᠰᠦ ᠪᠣᠷᠳᠤᠭ᠎ᠠ ᠬᠠᠩᠭᠠᠬᠤ ᠠᠴᠠ ᠨᠢᠲᠤᠯᠬᠤ ᠪᠣᠯᠪᠠᠰᠤᠷᠠᠭᠤᠯᠬᠤ᠂ ᠬᠦᠢᠲᠡᠨ ᠬᠡᠯᠬᠢᠶᠡᠲᠦ ᠪᠠᠷᠠᠭᠠᠨ ᠭᠥᠢᠯᠭᠡᠭᠡ᠂ ᠨᠣᠣᠯᠤᠷ ᠨᠡᠭᠡᠮᠠᠯ ᠤᠨ ᠠᠵᠤ ᠦᠢᠯᠡᠰ ᠤᠨ ᠬᠠᠮᠵᠢᠯᠴᠠᠭᠠᠲᠤ ᠪᠦᠬᠦᠯᠢ ᠴᠣᠭᠴᠠ ᠶᠢ ᠰᠤᠷᠤᠯᠴᠠᠨ ᠪᠥᠳᠥᠭᠡᠨ ᠪᠠᠶᠢᠭᠤᠯᠵᠤ ᠠᠵᠤ ᠠᠬᠤᠶᠢᠯᠠᠯ᠂ ᠬᠤᠷᠰᠢᠶᠠᠵᠢᠯ ᠪᠣᠯᠤᠨ ᠮᠠᠯᠴᠢᠨ ᠲᠠᠷᠢᠶᠠᠴᠢᠨ  ᠤ ᠠᠵᠤ ᠦᠢᠯᠡᠰ ᠤᠨ ᠨᠠᠷᠡᠲᠤ ᠲᠡᠮᠳᠡᠭᠲᠦ ᠶᠢᠨ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠥᠷᠢᠯᠳᠤᠭᠦᠯᠭᠦ ᠬᠡᠷᠡᠭᠲᠡᠶ ᠭᠡᠵᠡᠢ᠃
     ᠯᠢᠨ ᠾᠧ ᠲᠣᠭᠤᠷᠢᠭ ᠤᠨ ᠣᠳᠣ ᠦᠶ᠎ᠡ ᠶᠢᠨ ᠮᠠᠯ ᠲᠠᠷᠢᠶᠠᠯᠠᠩ ᠠᠵᠤ ᠠᠬᠤᠢ ᠶᠢᠨ ᠦᠵᠡᠭᠦᠯᠦᠯᠭᠡ ᠶᠢᠨ ᠣᠷᠳᠣᠨ᠂ ︽ᠲᠡᠭᠷᠢ ᠶᠢᠨ ᠭᠡᠰᠢᠭᠳᠦ ᠪᠤᠷᠤᠳᠤᠬᠤᠢ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠡᠲᠤ ᠲᠡᠮᠳᠡᠭᠲᠦ ᠶᠢᠨ ᠬᠠᠮᠳᠤᠷᠠᠨ ᠬᠠᠮᠢᠶᠠᠷᠬᠤ ᠲᠥᠪ ᠲᠤ ᠵᠣᠣ ᠹᠸᠢ ᠯᠤ᠋ ᠨᠡᠷ ᠲᠣᠰ ᠬᠤᠲᠠ ᠶᠢᠨ ᠣᠷᠣᠨ ᠪᠦᠰᠡ ᠶᠢᠨ ᠨᠠᠷᠡᠲᠤ ᠲᠡᠮᠳᠡᠭᠲᠦ ᠶᠢ ᠡᠭᠦᠳᠬᠦ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠶᠢ ᠨᠠᠷᠢᠨ ᠣᠶᠢᠯᠠᠭᠠᠪᠠ᠃ ᠵᠤᠤ ᠹᠸᠢ ᠯᠦ ᠴᠢᠬᠤᠯᠠᠴᠢᠯᠠᠭᠰᠠᠨ ᠨᠢ᠂ ᠪᠠᠶᠠᠨᠨᠠᠭᠤᠷ ᠬᠤᠲᠠ ᠶᠢᠨ ︽ᠲᠡᠭᠷᠢ ᠶᠢᠨ ᠭᠡᠰᠢᠭᠳᠦ ᠪᠤᠷᠤᠳᠤᠬᠤᠢ︾ ᠶᠢᠨ ᠨᠡᠷᠡᠲᠦ ᠲᠡᠮᠳᠡᠭᠲᠦ ᠨᠢ ᠲᠤᠬᠠᠶ ᠶᠢᠨ ᠭᠠᠵᠠᠷ ᠤᠨ  ᠮᠠᠯ ᠲᠠᠷᠢᠶᠠᠯᠠᠩ ᠠᠵᠤ ᠠᠬᠤᠢ ᠶᠢᠨ ᠨᠥᠯᠥᠭᠡᠯᠡᠬᠦ ᠬᠦᠴᠦᠨ ᠢ ᠥᠷᠭᠡᠳᠬᠡᠵᠦ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠮᠠᠯᠳᠠ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠪᠡ᠃ ᠪᠢᠳᠠ ᠬᠤᠰᠢᠭᠤᠨ ᠤ ᠪᠠᠨ ᠮᠠᠯ ᠲᠠᠷᠢᠶᠠᠯᠠᠩ ᠤᠨ ᠠᠵᠤ ᠦᠢᠯᠡᠰ ᠤᠨ ᠰᠠᠭᠤᠷᠢ ᠳᠠᠪᠠᠭᠤᠯᠢᠭ ᠢ ᠭᠦᠢᠴᠡᠳ ᠪᠠᠳᠠᠷᠠᠭᠤᠯᠤᠨ ᠣᠷᠭᠠᠨᠢᠭ ᠪᠦᠲᠦᠭᠡᠭᠳᠡᠬᠦᠨ ᠤ ᠨᠠᠷᠡᠲᠤ ᠲᠠᠮᠳᠡᠭᠳᠤ ᠶᠢ ᠲᠥᠪᠯᠡᠷᠡᠭᠦᠯᠦᠨ ᠨᠠᠶᠢᠯᠡᠭᠦᠯᠵᠤ ᠨᠥᠯᠥᠭᠡᠯᠡᠬᠦ ᠬᠦᠴᠦᠨ ᠪᠦᠬᠦᠢ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠡᠲᠤ ᠲᠠᠮᠳᠡᠭᠳᠤ ᠶᠢ ᠡᠭᠦᠳᠤᠨ ᠦᠤᠰᠢᠨ ᠤ ᠮᠠᠯ ᠲᠠᠷᠢᠶᠠᠯᠠᠩ ᠠᠵᠤ ᠠᠬᠤᠢ ᠶᠢᠨ ᠨᠥᠯᠥᠭᠡᠯᠡᠬᠦ ᠬᠦᠴᠦᠨ ᠢ ᠪᠤᠵᠠᠭᠠᠶᠢᠷᠠᠭᠤᠯᠬᠤ ᠭᠡᠷᠡᠭᠳᠠᠢ ᠭᠡᠰᠡᠨ ᠪᠠᠶᠢᠨ᠎ᠠ᠃      ᠰᠢᠨᠵᠢᠯᠡᠨ ᠪᠠᠶᠢᠴᠠᠭᠠᠬᠤ ᠳᠤᠮᠳᠠ ᠣᠯᠠᠨ ᠢᠶᠠᠷ ᠢᠶᠠᠨ ᠡᠨᠡ ᠤᠳᠠᠭᠠᠨ ᠤ ᠰᠤᠷᠤᠯᠴᠠᠯᠭ᠎ᠠ ᠪᠠᠶᠢᠴᠠᠭᠠᠯᠲᠠ ᠠᠴᠠ ᠰᠤᠷᠴᠤ ᠡᠵᠡᠮᠰᠢᠭᠰᠡᠨ ᠰᠠᠶᠢᠨ ᠰᠡᠳᠬᠢᠴᠡ ᠠᠷᠭ᠎ᠠ ᠲᠤᠷᠰᠢᠯᠭ᠎ᠠ ᠶᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠮᠠᠯ ᠲᠠᠷᠢᠶᠠᠯᠠᠩ ᠠᠵᠤ ᠠᠬᠤᠢ ᠶᠢ ᠬᠦᠴᠦᠷᠬᠡᠭᠵᠢᠭᠦᠯᠬᠦ ᠶᠢ ᠲᠥᠷᠭᠡᠳᠭᠡᠨ ᠪᠠᠶᠠᠯᠠᠭᠦᠯᠤᠨ᠎ᠠ ᠭᠡᠵᠤ ᠢᠯᠠᠷᠭᠡᠶᠢᠯᠠᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号