ᠤᠢᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠰᠡᠴᠡᠨᠪᠢᠯᠢᠭ ᠪᠥᠬᠦ ᠬᠤᠲᠠ ᠶᠢᠨ ᠠᠶᠤᠯ ᠥᠬᠡᠶ ᠦᠢᠯᠡᠳᠪᠤᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠢ ᠡᠷᠬᠢᠯᠡᠨ | ᠬᠤᠷᠠᠯᠳᠤᠭᠤᠯᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠶᠤᠯ ᠦᠭᠡᠶ ᠦᠢᠯᠡᠳᠪᠤᠷᠢᠯᠡᠯ ᠤᠨ | ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ | ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ | ᠳᠡᠳ᠋ ᠳᠠᠷᠤᠭ᠎ᠠ ᠶᠢᠨ ᠡᠦ᠂ ᠬᠤᠲᠠ ᠶᠢᠨ ᠳᠡᠳ᠋ ᠳᠠᠷᠤᠭ᠎ᠠ ᠢᠦᠶ ᠷᠧᠨ ᠵᠢᠶᠧ᠂ ᠯᠢ ᠸᠧᠨ ᠵᠥᠩ᠂ ᠱᠢ ᠶᠠᠨ ᠵᠢᠶᠧ᠂ | ᠯᠢᠦ ᠵᠢᠶᠠᠨ ᠰᠢᠶᠦ᠋ᠨ᠂ ᠪᠥᠸᠧ ᠯᠢ ᠹᠧᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ | ᠵᠠᠩ ᠵᠥᠩ ᡁᠢ ᠬᠤᠷᠠᠯ ᠳᠤ ᠣᠷᠣᠯᠴᠠᠪᠠ᠃ | ᠬᠤᠷᠠᠯ ᠲᠡᠭᠡᠷ ᠠ ᠬᠤᠲᠠ ᠶᠢᠨ ᠠᠶᠤᠯ ᠦᠭᠡᠢ ᠦᠢᠯᠡᠳᠪᠤᠷᠢᠯᠡᠯ ᠤᠨ ᠵᠥᠪᠯᠡᠯ ᠤᠨ ᠠᠯᠪᠠᠨ ᠭᠡᠷ ᠪᠦᠬᠦ | ᠬᠤᠲᠠ ᠶᠢᠨ ᠠᠶᠤᠯ ᠦᠭᠡᠢ ᠦᠢᠯᠡᠳᠪᠤᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢᠨ ᠶᠡᠷᠦᠩᠬᠡᠶ ᠲᠣᠬᠢᠷᠠᠭᠤᠯᠤᠯᠲᠠ ᠶᠢ ᠮᠡᠳᠡᠭᠳᠡᠵᠦ᠂ ᠬᠤᠲᠠ ᠶᠢᠨ ᠠᠵᠤ ᠦᠢᠯᠡᠳᠪᠤᠷᠢ ᠪᠠ ᠮᠡᠳᠡᠭᠡ | ᠵᠠᠩᠭᠢᠴᠢᠯᠠᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠭᠠᠯ ᠰᠡᠷᠭᠡᠶᠢᠯᠡᠵᠤ ᠤᠨᠲᠠᠷᠠᠭᠠᠬᠤ ᠰᠠᠯᠪᠤᠷᠢ ᠠᠩᠭᠢ ᠬᠠᠮᠢᠶ᠎ᠠ | ᠪᠦᠬᠦᠢ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢᠨ ᠲᠣᠭᠤᠷᠢᠨ ᠳᠤ | ᠶᠠᠷᠢᠶ᠎ᠠ ᠲᠠᠯᠪᠢᠵᠤ᠂ ᠶᠢᠨ ᠡᠦ ᠪᠦᠬᠦ ᠬᠤᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ | ᠰᠡᠴᠡᠨᠪᠢᠯᠢᠭ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ | ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠤᠨ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠦᠭᠡᠢ | ᠦᠢᠯᠡᠳᠪᠤᠷᠢᠯᠡᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠪᠣᠯᠤᠨ ᠠᠶᠤᠯ | ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ | ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠨ ᠴᠢᠩᠭᠠᠳᠬᠠᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠯᠠᠪᠳᠠᠭᠤᠨ ᠪᠠᠲᠤᠲᠠᠶ ᠡᠮᠬᠢ ᠵᠢᠷᠤᠮ ᠲᠠᠢ ᠪᠠᠷ ᠠᠬᠢᠭᠤᠯᠤᠨ᠂ ᠪᠦᠬᠦ ᠬᠤᠲᠠ ᠶᠢᠨ ᠠᠷᠠᠳ ᠲᠦᠮᠡᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠪᠦᠬᠦ ᠬᠤᠲᠠ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠳᠤ ᠠᠶᠤᠯ ᠥᠬᠡᠢ | ᠦᠢᠯᠡᠳᠪᠦᠷᠢᠯᠡᠯ ᠤᠨ ᠪᠠᠲᠤᠯᠠᠭ᠎ᠠ ᠬᠠᠩᠭᠠᠬᠤ ᠭᠡᠷᠡᠭᠲᠠᠢ ᠭᠡᠵᠤ ᠵᠢᠭᠠᠵᠤ ᠭᠠᠷᠭᠠᠪᠠ᠃ | ᠰᠡᠴᠡᠨᠪᠢᠯᠢᠭ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠱᠠᠲᠤ ᠦᠶ᠎ᠡ ᠬᠤᠪᠢᠶᠠᠨ᠂ ᠠᠯᠬᠤᠮ ᠳᠠᠷᠠᠭ᠎ᠠ ᠲᠠᠢ᠂ ᠯᠠᠪᠳᠠᠭᠤᠨ ᠪᠠᠲᠤᠲᠠᠶ ᠡᠮᠬᠢ ᠲᠢᠭᠯᠢᠮ ᠲᠠᠢ ᠠᠬᠢᠭᠤᠯᠬᠤ | ᠬᠡᠷᠡᠭᠲᠡᠶ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠲᠤᠰᠬᠠᠢ ᠴᠡᠭᠴᠡᠯᠡᠨ | ᠵᠠᠰᠠᠬᠤ ᠲᠥᠰᠦᠯ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠬᠤᠰᠢᠭᠤ ᠲᠣᠭᠤᠷᠢᠭ ᠰᠠᠯᠠᠭ᠎ᠠ ᠮᠥᠴᠢᠷ ᠤᠨ | ᠬᠡᠷᠡᠭᠵᠢᠭᠦᠯᠬᠦ ᠲᠥᠰᠦᠯ ᠢ ᠱᠠᠯᠠᠪᠳᠠᠨ ᠰᠤᠳᠤᠯᠤᠨ ᠲᠣᠭᠲᠠᠭᠠᠵᠤ᠂ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ | ᠲᠣᠳᠣᠷᠬᠠᠶᠢᠯᠠᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠠᠵᠢᠯ ᠤᠨ | ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠴᠢᠭᠯᠡᠭᠦᠯᠦᠯᠲᠦ ᠴᠢᠨᠠᠷ᠂ | ᠬᠡᠷᠡᠭᠵᠢᠭᠦᠯᠦᠰᠢᠳᠦ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠭᠤᠤᠯᠳᠠᠯᠭ᠎ᠠ ᠲᠠᠢ ᠠᠵᠢᠯ ᠲᠥᠷᠥᠯ ᠤᠨ | ᠬᠦᠷᠢᠶᠡᠨ ᠳᠠᠬᠢ ᠠᠰᠠᠭᠤᠳᠠᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ | ᠥᠷᠨᠢᠭᠦᠯᠵᠦ᠂ ᠠᠰᠠᠭᠤᠳᠠᠯ ᠤᠨ ᠳᠠᠯᠳᠠ ᠭᠡᠮ ᠪᠠ ᠳᠦᠷᠢᠮ ᠲᠣᠭᠲᠠᠭᠠᠯ ᠠᠷᠭ᠎ᠠ ᠬᠡᠮᠵᠢᠶ᠎ᠡ ᠶᠢᠨ ᠨᠠᠷᠢᠨ ᠳᠠᠩᠰᠠ ᠶᠢ | ᠪᠠᠶᠢᠭᠤᠯᠤᠨ᠂ ᠪᠦᠬᠦ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠬᠦᠷᠢᠶ᠎ᠡ ᠴᠠᠷᠠᠭ᠎ᠠ ᠳᠠᠬᠢ ᠠᠰᠠᠭᠤᠳᠠᠯ ᠤᠨ | ᠳᠠᠯᠳᠠ ᠭᠡᠮ ᠢ ᠪᠦᠬᠦ ᠲᠠᠯ᠎ᠠ ᠪᠠᠷ᠂ ᠯᠠᠪᠳᠠᠭᠤᠨ ᠪᠠᠲᠤᠲᠠᠢ᠂ ᠲᠦᠢᠯᠪᠤᠷᠢᠲᠠᠢ ᠴᠡᠭᠴᠡᠯᠡᠨ ᠵᠠᠰᠠᠬᠤ ᠭᠡᠷᠡᠭᠲᠠᠢ᠃ ᠠᠶᠤᠯ | ᠦᠭᠡᠶ ᠦᠢᠯᠡᠳᠪᠤᠷᠢᠯᠡᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠠᠶᠤᠯ | ᠦᠭᠡᠶ ᠦᠢᠯᠡᠳᠪᠤᠷᠢᠯᠡᠯ ᠤᠨ ᠵᠠᠰᠠᠯᠲᠠ ᠶᠢᠨ ᠲᠤᠭᠳᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠭᠡᠷᠡᠭᠲᠠᠢ ᠭᠡᠵᠤ ᠴᠢᠬᠤᠯᠠᠴᠢᠯᠠᠪᠠ᠃ | ᠰᠡᠴᠡᠨᠪᠢᠯᠢᠭ᠂ ᠭᠠᠵᠠᠷ ᠤᠷᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ | ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠤ᠂ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠬᠤ ᠠᠵᠢᠯ ᠤᠨ ᠬᠠᠮᠲᠤᠷᠠᠯ ᠬᠦ᠋ᠴᠦᠨ ᠢ ᠪᠦᠷᠢᠳᠦᠭᠦᠯᠭᠦ ᠬᠡᠷᠡᠭᠲᠡᠶ᠃ | ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠬᠢᠴᠠ ᠶᠢᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠲᠣᠬᠢᠷᠠᠭᠤᠯᠵᠤ᠂ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠤᠷᠢᠯᠡᠬᠦ ᠬᠡᠷᠡᠭᠲᠡᠶ᠃ ᠦᠷ᠎ᠡ ᠪᠦᠲᠦᠮᠵᠢ ᠶᠢ ᠠᠰᠠᠭᠤᠵᠤ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ | ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠭᠡᠷᠡᠭᠲᠠᠢ ᠭᠡᠵᠤ ᠱᠠᠭᠠᠷᠳᠠᠪᠠ᠃ | ᠬᠤᠷᠠᠯ ᠠᠴᠠ ᠪᠠᠰᠠ ᠪᠦᠬᠦ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠢ ᠲᠧᠯᠸᠢᠰ ᠳ᠋ᠢᠶᠠᠩᠬᠤᠸ᠋ᠨ ᠬᠤᠷᠡᠯ ᠤᠨ ᠬᠡᠯᠪᠡᠷᠢ ᠪᠠᠷ ᠬᠤᠷᠠᠯᠳᠤᠭᠤᠯᠵᠦ᠂ ᠬᠤᠰᠢᠭᠤ ᠨᠠᠮ ᠤᠨ | ᠬᠤᠷᠢᠶᠡᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠥ᠋ᠩ᠂ ᠯᠢ ᠵᠥᠩ ᠯᠢᠨ᠂ ᠯᠢᠨ | ᠶᠥᠩ ᠭᠠᠩ᠂ ᠬᠤᠰᠢᠭᠤ ᠤᠳᠤᠷᠢᠳᠤᠯᠭ᠎ᠠ ᠵᠸᠤ ᠱᠤᠸᠠᠢ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ | ᠶᠢᠨ ᠬᠤᠷᠠᠯ ᠳᠤ ᠤᠷᠤᠯᠴᠠᠪᠠ᠃ | | | | | | | | | | | | |