ᠰᠤᠷᠭᠠᠭᠤᠯᠢ ᠶᠢᠨ ᠬᠦᠷᠢᠶᠠᠨ ᠤ ᠢᠷᠠᠭᠤ ᠨᠠᠶᠢᠷᠠᠭ ᠤᠨ ᠤᠷᠤᠯᠳᠤᠭᠠᠨ ᠡᠷᠴᠢᠮᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2020-07-16
     ᠤᠶᠢᠷ᠎ᠠ ᠶᠢᠨ ᠡᠳᠤᠷ᠂ ᠮᠠᠨ ᠤ ᠬᠤᠰᠢᠭᠤᠨ ᠤ ᠦᠤᠰᠢᠨᠵᠤᠤ ᠭᠡᠤᠭᠡᠳ ᠤᠨ ᠴᠡᠴᠡᠷᠯᠢᠭ ᠤᠨ ᠪᠠᠭ᠎ᠠ ᠰᠤᠷᠠᠭᠠᠭᠤᠯᠢ  ᠶᠢᠨ ᠲᠤᠭᠤᠶᠢᠯᠠᠩ ᠤᠨ ᠲᠦᠷᠪᠡᠳᠤᠭᠡᠷ ᠣᠳᠠᠭᠠᠨ ᠤ ︽ᠰᠤᠯᠤᠩᠭᠠᠨ ᠴᠤᠤᠷᠢᠶ᠎ᠠ︾ ᠰᠢᠯᠥᠭ ᠤᠨ ᠤᠷᠤᠯᠳᠤᠭᠠᠨ ᠡᠷᠴᠢᠮᠲᠠᠢ ᠶᠠᠪᠤᠭᠳᠠᠵᠤ ᠰᠤᠷᠤᠭᠴᠢᠳ ᠤᠨ ᠤᠷ᠎ᠠ ᠠᠪᠢᠶᠠᠰ᠂ ᠡᠷᠴᠢ ᠵᠣᠷᠢᠭ ᠢ ᠨᠢ ᠬᠦᠪᠴᠢᠯᠡᠯ᠎ᠡ᠃      ᠤᠷᠤᠯᠳᠤᠭᠠᠨ ᠢ ᠲᠡᠭᠡᠳᠤ᠂ ᠲᠤᠤᠷᠠᠳᠤ ᠣᠨ ᠭᠡᠭᠦ ᠬᠤᠶᠠᠷ ᠲᠤᠭᠤᠶᠢᠯᠠᠩ ᠬᠤᠪᠢᠶᠠᠨ ᠶᠠᠪᠤᠭᠳᠠᠭᠤᠯᠵᠤ ᠰᠤᠷᠤᠭᠴᠢᠳ ᠦᠪᠡᠷ ᠦᠪᠡᠷ ᠤᠨ ᠲᠤᠭᠤᠵᠤ ᠪᠠᠭ᠋ᠠᠷᠬᠠᠭᠰᠠᠨ ᠰᠢᠯᠥᠭ ᠢᠶᠠᠨ ᠴᠡᠭᠡᠵᠢ ᠪᠠᠷ ᠤᠶᠠᠩᠭᠠᠯᠠᠵᠤ ᠡᠬᠡ ᠬᠡᠯᠡᠨ ᠤ ᠢᠷᠠᠭᠤ ᠰᠠᠶᠢᠬᠠᠨ ᠢ ᠭᠠᠶᠢᠬᠠᠭᠤᠯᠤᠭᠰᠠᠨ ᠢᠶᠠᠷ ᠪᠠᠷᠠᠬᠤ ᠦᠭᠡᠢ ᠦᠪᠡᠷ ᠤᠨ ᠤᠷ᠎ᠠ ᠠᠪᠢᠶᠠᠰ ᠢᠶᠠᠨ ᠪᠠᠳᠠᠷᠠᠭᠤᠯᠤᠭᠰᠠᠨ ᠪᠠᠶᠢᠨ᠎ᠠ᠃      ᠡᠨᠡ ᠵᠢᠯ ︽ᠰᠤᠯᠤᠩᠭᠠᠨ ᠴᠤᠤᠷᠢᠶ᠎ᠠ︾ ᠰᠢᠯᠥᠭ ᠤᠨ ᠤᠷᠤᠯᠳᠤᠭᠠᠨ ᠢ ᠲᠦᠷᠪᠡᠳᠡᠭᠢ ᠤᠳᠠᠭ᠎ᠠ ᠪᠠᠨ ᠵᠤᠬᠢᠶᠠᠨ ᠪᠠᠶᠢᠭᠤᠯᠤᠨ ᠶᠠᠪᠤᠭᠳᠠᠭᠤᠯᠵᠤ ᠦᠨᠳᠤᠰᠤᠨ ᠱᠠᠳᠤᠨ ᠤ ᠰᠤᠷᠤᠭᠴᠢᠳ ᠲᠤ ᠪᠠᠶᠠᠷ ᠪᠠᠭ᠋ᠠᠳᠤᠯ ᠠᠪᠴᠢᠷᠠᠨ ᠡᠬᠡ ᠬᠡᠯᠡ ᠪᠠᠨ ᠪᠠᠭ᠋ᠠᠷᠬᠠᠬᠤ ᠰᠠᠶᠢᠬᠠᠨ ᠵᠠᠪᠰᠢᠶᠠᠨ ᠢ ᠤᠯᠭᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号