7 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠵᠡᠷᠭᠡ ᠬᠤᠰᠢᠭᠤ ᠳᠥᠷᠪᠡᠨ ᠶᠡᠭᠡ | ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠬᠤᠰᠢᠭᠤ ᠰᠢᠶᠠᠨ ᠤ ᠲᠡᠰ ᠤᠨ ᠤᠳᠤᠷᠢᠳᠤᠯᠭ᠎ᠠ ᠬᠤᠷᠠᠯ ᠳᠤ | ᠣᠷᠣᠯᠴᠠᠵᠤ ᠡᠯ᠎ᠡ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶᠂ ᠰᠤᠮᠤ ᠪᠠᠯᠭᠠᠰᠤ ᠵᠢᠴᠢ ᠬᠤᠰᠢᠭᠤ | ᠰᠢᠭᠤᠳ ᠬᠠᠷᠢᠶ᠎ᠠ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ | ᠠᠷᠪᠠᠨ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠤ ᠬᠠᠤᠯᠢ ᠲᠤᠭᠳᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠪᠦᠬᠦ ᠬᠤᠳᠠ ᠶᠢᠨ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠬᠤᠷᠠᠯ ᠵᠢᠴᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ᠂ ︽ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ | ᠰᠢᠢᠳᠪᠦᠷᠢᠲᠦ ᠢᠯᠠᠯᠲᠠ ᠶᠢ ᠤᠯᠬᠤ ᠰᠢᠨ᠎ᠡ ᠴᠠᠭ ᠦᠶ᠎ᠡ ᠶᠢᠨ ᠥᠪᠥᠷ ᠮᠤᠩᠭᠤᠯ ᠤᠨ ᠭᠥᠭᠵᠢᠯᠳᠠ ᠶᠢᠨ ᠰᠢᠨ᠎ᠠ | ᠬᠠᠭᠤᠳᠠᠰᠤ ᠶᠢ ᠪᠢᠴᠢᠭᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠲᠠᠭᠠᠯ︾ ︽ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ︿ᠭᠤᠷᠪᠠᠨ | ᠴᠢᠬᠤᠯᠠ ᠨᠢᠭᠡ ᠶᠡᠭᠡ﹀ ᠬᠡᠷᠡᠭ ᠶᠠᠪᠤᠳᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠮᠲᠤ ᠶᠢᠨ ᠰᠢᠢᠳᠪᠦᠷᠢᠲᠦ | ᠪᠤᠳᠤᠯᠭ᠎ᠠ ᠲᠣᠭᠲᠠᠭᠠᠬᠤ ᠲᠦᠷᠢᠮ ᠢ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠤᠨ ᠵᠣᠷᠢᠭ | ᠰᠠᠨᠠᠭ᠎ᠠ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠨ ᠨᠢᠭᠡᠳᠦᠭᠡᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ | ᠲᠤᠬᠠᠢ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠨᠡᠶᠢᠲᠡᠯᠡᠭᠰᠡᠨ ᠬᠠᠮᠢᠶ᠎ᠠ ᠪᠦᠬᠦᠢ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠮ ᠤᠨ ᠲᠥᠪ ᠬᠤᠷᠢᠶᠠᠨ ᠤ ᠠᠯᠪᠠᠨ ᠬᠡᠷ | ᠤᠨ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠪᠠ ︽ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠠᠰᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ | | | | | | | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠰᠤᠷᠤᠯᠴᠠᠨ ᠲᠤᠭᠤᠰᠢᠯᠠᠭᠤᠯᠵᠤ ᠠᠷᠠᠳ ᠲᠦᠮᠡᠨ ᠢᠶᠠᠷ ᠭᠤᠤᠯ ᠪᠣᠯᠭᠠᠬᠤ ᠶᠢ ᠦᠨᠳᠦᠰᠦᠨ | ᠵᠢᠷᠤᠮᠯᠠᠯ ᠪᠤᠯᠭᠠᠨ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠶᠢ | ᠰᠠᠶᠢᠲᠤᠷ ᠪᠡᠶᠡᠯᠡᠭᠦᠯᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠪᠠ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠᠲ᠋ᠠᠢ ᠪᠠᠶᠠᠯᠡᠭᠳᠡᠭᠦ ᠶᠢ ᠪᠠᠲᠤᠯᠠᠨ ᠪᠦᠬᠦ | ᠬᠤᠰᠢᠭᠤᠨ ᠤ ᠴᠢᠨᠠᠷ ᠰᠠᠶᠢᠲᠠᠢ ᠭᠥᠭᠵᠢᠯᠳᠠ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ | ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠭᠡᠷᠡᠭᠳᠠᠢ᠃ ᠬᠤᠰᠢᠭᠤ ᠨᠠᠮ ᠤᠨ ᠬᠤᠷᠢᠶ᠎ᠠ ᠶᠢᠨ | ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠪᠠᠶᠢᠭᠤᠯᠤᠮᠵᠢ ᠶᠢ ᠪᠠᠶᠢᠭᠤᠯᠤᠨ ᠠᠷᠠᠳᠴᠢᠯᠠᠯ ᠂ ᠰᠢᠨᠵᠢᠯᠡᠬᠦ | ᠤᠬᠠᠭᠠᠨᠴᠢ᠂ ᠬᠠᠤᠯᠢ ᠲᠣᠭᠲᠠᠭᠠᠯ ᠶᠣᠰᠣᠭᠠᠷ ᠰᠢᠢᠳᠪᠤᠷᠢᠳᠤ ᠪᠣᠳᠣᠯᠭ᠎ᠠ ᠲᠣᠭᠲᠠᠭᠠᠬᠤ ᠴᠢᠳᠠᠪᠤᠷᠢ ᠪᠣᠯᠤᠨ ᠬᠢᠷᠢ | ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠤᠭᠤᠮ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠤᠶᠢᠯᠠᠭᠠᠨ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠦᠢᠯᠡᠳᠦᠯᠭᠡ ᠶᠢᠨ ᠳᠤᠮᠳᠠ ᠨᠠᠷᠢᠨ ᠬᠢᠨᠠᠮᠠᠭᠠᠢ | ᠲᠤᠭᠤᠰᠢᠯᠠᠭᠤᠯᠬᠤ ᠭᠡᠷᠡᠭᠳᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠲᠦᠷᠦᠭᠦᠯᠡᠨ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦ ᠲᠠᠯ᠎ᠠ ᠪᠠᠷ | ᠴᠢᠩᠭᠠᠳᠬᠠᠵᠤ ᠲᠦᠷᠦ ᠪᠠᠷᠢᠬᠤ ᠭᠤᠤᠯᠯᠠᠭᠴᠢ ᠬᠦᠴᠦᠨ ᠤ ᠡᠩᠨᠡᠭᠡ ᠪᠠ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ ᠶᠢ ᠴᠢᠩᠭ᠎ᠠ ᠠᠳᠬᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠷᠢ ᠳᠦᠪᠰᠢᠨ ᠪᠠ ᠪᠣᠳᠠᠲᠤ | ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠰᠤᠷᠤᠯᠴᠠᠯᠭ᠎ᠠ ᠪᠠᠨ ᠴᠢᠩᠭᠠᠳᠬᠠᠵᠤ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠪᠠ ᠵᠥᠪ | ᠬᠥᠭᠵᠢᠯᠲᠡ ᠶᠢᠨ ᠦᠵᠡᠯᠲᠡ ᠶᠢ ᠪᠠᠲᠤ ᠪᠠᠬᠢ ᠪᠤᠢ ᠪᠤᠯᠭᠠᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ | ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠠᠤᠯᠢ ᠶᠣᠰᠣᠭᠠᠷ ᠲᠤᠭ᠎ᠠ ᠪᠦᠷᠢᠳᠬᠡᠬᠦ ᠶᠢ ᠪᠠᠷᠢᠮᠳᠠᠯᠠᠨ ᠳᠥᠷᠪᠡᠳᠦᠭᠡᠷ | ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠬᠢᠵᠦ ᠨᠡᠶᠢᠳᠡᠮ | ᠪᠠᠶᠢᠴᠠᠭᠠᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭ᠎ᠠ ᠶᠣᠰᠣᠭᠠᠷ ᠴᠢᠨᠠᠷ ᠰᠠᠶᠢᠳᠠᠢ ᠪᠠᠶᠠᠯᠠᠭᠦᠯᠭᠦ ᠭᠡᠷᠡᠭᠳᠠᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠴᠢᠨᠠᠷ ᠢ | ᠲᠠᠨᠢᠵᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ ᠡᠭᠦᠷᠭᠡ ᠶᠢ ᠪᠣᠳᠠᠲᠠᠶ ᠨᠠᠶᠢᠳᠠᠪᠤᠷᠢᠵᠢᠭᠤᠯᠤᠨ ᠨᠠᠮ ᠨᠢ | ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠪᠠ ᠨᠠᠮᠤᠨ ᠬᠤᠷᠢᠶᠠᠨ ᠤ ᠭᠤᠤᠯ ᠴᠤᠭᠴᠠ ᠶᠢᠨ | ᠬᠠᠷᠢᠭᠤᠴᠠᠯᠭ᠎ᠠ ᠶᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠢᠯᠠᠷᠠᠭᠦᠯᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ ᠪᠦᠬᠦ ᠬᠤᠰᠢᠭᠤᠨ ᠤ ᠦᠵᠡᠯ | ᠤᠬᠠᠮᠰᠠᠷ ᠤᠨ ᠭᠡᠯᠪᠠᠷᠢ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠭᠢᠭᠤᠯᠬᠤ ᠭᠡᠷᠡᠭᠳᠠᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ |