ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠨᠠᠰᠤᠵᠢᠯ ᠤᠨ ᠠᠰᠠᠷᠠᠮᠵᠢ ᠶᠢᠨ ᠥᠢᠯᠡᠴᠢᠯᠡᠭᠡᠨ ᠤ ᠪᠠᠶᠢᠭᠤᠯᠤᠮᠵᠢ ᠶᠢᠨ ᠡᠷᠭᠢᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020-07-20
     7 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠨᠠᠰᠤᠵᠢᠯ ᠤᠨ ᠠᠰᠠᠷᠠᠮᠵᠢ ᠶᠢᠨ ᠥᠢᠯᠡᠴᠢᠯᠡᠭᠡᠨ ᠤ ᠪᠠᠶᠢᠭᠤᠯᠤᠮᠵᠢ ᠶᠢᠨ ᠡᠷᠭᠢᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠵᠤ ᠬᠤᠰᠢᠭᠤ ᠠᠷᠠᠳ ᠤᠨ ᠶᠠᠪᠤᠳᠠᠯ ᠤᠨ ᠲᠤᠪᠴᠢᠶ᠎ᠠ᠂ ᠰᠢᠷᠬᠤᠰᠤ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
     ᠬᠤᠰᠢᠭᠤ ᠶᠡᠷᠦᠩᠬᠡᠶᠢᠯᠡᠭᠰᠡᠨ ᠨᠡᠶᠢᠭᠡᠮ ᠤᠨ ᠠᠰᠠᠷᠠᠮᠵᠢ ᠶᠢᠨ ᠲᠥᠪ ᠲᠤ ᠡᠷᠳᠡᠨᠢᠪᠢᠯᠢᠭ ᠠᠰᠠᠷᠠᠮᠵᠢ ᠶᠢᠨ ᠲᠥᠪ ᠤᠨ ᠪᠦᠬᠦᠯᠢ ᠴᠣᠭᠴᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ ᠨᠠᠰᠤᠲᠠᠶᠢᠴᠤᠳ ᠤᠨ ᠡᠮᠴᠢᠯᠡᠭᠡᠨ ᠤ ᠰᠤᠪᠢᠯᠠᠯᠲᠠ ᠵᠢᠴᠢ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠡᠷᠳᠡᠨᠢᠪᠢᠯᠢᠭ ᠦᠢᠯᠡᠴᠢᠯᠡᠵᠤ ᠪᠠᠶᠢᠬᠤ ᠬᠦᠮᠦᠰ ᠲᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠳᠠ ᠪᠠᠨ ᠴᠢᠩᠭᠠᠳᠬᠠᠨ ᠰᠢᠨᠵᠢᠯᠡᠬᠦ ᠤᠬᠠᠭᠠᠨᠴᠢ ᠪᠠᠷ ᠰᠢᠮ᠎ᠡ ᠲᠡᠵᠢᠭᠡᠯ ᠲᠠᠢ ᠬᠤᠭᠤᠯᠠ ᠲᠤᠭᠢᠷᠠᠭᠤᠯᠵᠤ ᠨᠠᠰᠤᠲᠠᠶᠢᠴᠤᠳ ᠤᠨ ᠡᠷᠡᠭᠦᠯ ᠮᠡᠨᠳᠦ ᠶᠢ ᠠᠩᠬᠠᠷᠬᠤ ᠶᠢ ᠰᠠᠨᠠᠭᠤᠯᠵᠠᠢ᠃ ᠡᠷᠳᠡᠨᠢᠪᠢᠯᠢᠭ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ ᠨᠠᠰᠤᠲᠠᠶᠢᠴᠤᠳ ᠤᠨ ᠠᠰᠠᠷᠠᠮᠵᠢ ᠶᠢᠨ ᠲᠥᠪ ᠤᠨ ᠠᠵᠢᠯ ᠳᠤ ᠬᠠᠨᠤᠮᠵᠢᠲᠠᠶ ᠪᠠᠶᠢᠬᠤ ᠶᠢ ᠰᠣᠨᠣᠰᠤᠭᠠᠳ ᠮᠠᠰᠢ ᠪᠠᠶᠠᠷᠯᠠᠵᠤ ᠲᠥᠪ ᠤᠨ ᠦᠢᠯᠡᠴᠢᠯᠡᠭᠡᠨ ᠤ ᠠᠵᠢᠯᠲᠠᠳ ᠢ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠤᠨ ᠶᠠᠰᠤ ᠴᠢᠨᠠᠷ ᠪᠠ ᠵᠣᠯ ᠵᠢᠷᠭᠠᠯ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ ᠨᠠᠰᠤᠲᠠᠶᠢᠴᠤᠳ ᠲᠤ ᠬᠡᠷ ᠪᠥᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠭᠦ ᠭᠡᠷᠡᠭᠳᠠᠢ ᠭᠡᠰᠡᠨ ᠪᠠᠶᠢᠨ᠎ᠠ᠃
     ᠰᠢᠷᠬᠤᠰᠤ ᠪᠠᠯᠭᠠᠰᠤᠨ ᠤ ᠲᠤᠭᠠᠷ ᠤᠨ ᠲᠤᠬᠤᠢ ᠲᠣᠰᠬᠤᠨ ᠤ ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ‌‍ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠡᠷᠳᠡᠨᠢᠪᠢᠯᠢᠭ ᠨᠠᠰᠤᠲᠠᠶᠢᠴᠤᠳ ᠤᠨ ᠤᠷᠤᠨ ᠰᠠᠭᠤᠴᠠ ᠶᠢᠨ ᠨᠥᠭᠦᠴᠠᠯ ᠪᠠ ᠠᠮᠢᠳᠤᠷᠠᠯ ᠤᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠪᠠᠯᠭᠠᠰᠤ ᠲᠣᠰᠬᠤᠨ ᠤ ᠬᠤᠶᠠᠷ ᠱᠠᠲᠤ ᠨᠢ ᠨᠠᠰᠤᠲᠠᠶᠢᠴᠤᠳ ᠤᠨ ᠠᠮᠢᠳᠤᠷᠠᠯ ᠪᠠ ᠰᠠᠳᠭᠢᠴᠠ ᠶᠢᠨ ᠡᠷᠡᠭᠦᠯ ᠮᠡᠨᠳᠦ ᠶᠢ ᠢᠯᠡᠭᠦᠭᠡᠨ ᠠᠩᠬᠠᠷᠴᠤ ᠣᠯᠠᠨ ᠬᠡᠯᠪᠡᠷᠢ ᠣᠯᠠᠨ ᠠᠭᠤᠯᠭ᠎ᠠ ᠲᠠᠢ ᠪᠣᠯᠪᠠᠰᠤᠨ ᠥᠢᠯᠡᠳᠤᠯᠭᠡ ᠶᠢᠨ ᠠᠵᠢᠯᠯᠠᠭ᠎ᠠ ᠶᠢ ᠪᠠᠶᠢᠩᠭᠤ ᠵᠣᠬᠢᠶᠠᠨ ᠪᠠᠶᠢᠭᠤᠯᠤᠨ ᠥᠷᠨᠢᠭᠦᠯᠵᠤ ᠨᠠᠰᠤᠲᠠᠶᠢᠴᠤᠳ ᠤᠨ ᠬᠡᠷᠡᠭᠴᠡᠭᠡ ᠶᠢ ᠦᠨᠳᠦᠰᠦᠯᠡᠨ ᠤᠬᠠᠭᠤᠯᠭ᠎ᠠ ᠦᠢᠯᠡᠴᠢᠯᠡᠭᠡ ᠪᠠᠷ ᠤᠳᠤᠷᠢᠳᠤᠮᠵᠢ ᠪᠣᠯᠭᠠᠵᠤ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠨ ᠨᠠᠰᠤᠳᠠᠶᠢᠴᠤᠳ ᠤᠨ ᠵᠣᠯ ᠵᠢᠷᠭᠠᠯᠲᠤ ᠲᠥᠷᠥᠭᠳᠡᠯ᠂ ᠠᠰᠢᠭ ᠬᠦᠷᠲᠡᠭᠰᠡᠨ ᠲᠥᠷᠥᠭᠳᠡᠯ ᠢ ᠳᠡᠭᠡᠭᠰᠢᠯᠡᠬᠦᠯᠬᠦ ᠬᠡᠷᠡᠭᠲᠠᠢ᠃ ᠨᠠᠰᠤᠵᠢᠯ ᠤᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠲᠤᠭᠢᠷᠠᠭᠤᠯᠬᠤ ᠪᠠ ᠨᠠᠰᠤᠵᠢᠯ ᠤᠨ ᠦᠢᠯᠡᠴᠢᠯᠡᠭᠡᠨ ᠤ ᠨᠡᠶᠢᠭᠡᠮᠯᠢᠭ ᠪᠠᠶᠢᠭᠤᠯᠬᠤ ᠶᠢ ᠬᠠᠶᠢᠨ ᠰᠦᠪᠡᠭᠴᠢᠯᠡᠵᠦ ᠨᠠᠰᠤᠲᠠᠶᠢᠴᠤᠳ ᠲᠤ ᠨᠠᠩ ᠴᠢᠨᠠᠷ ᠰᠠᠶᠢᠲᠠᠶ ᠲᠤᠰᠬᠠᠶ ᠮᠡᠷᠭᠡᠵᠢᠯ‌‍ᠤᠨ ᠥᠢᠯᠡᠴᠢᠯᠡᠭᠡ ᠬᠠᠩᠭᠠᠨ ᠬᠤᠲᠠ ᠬᠥᠳᠡᠭᠡ ᠶᠢᠨ ᠨᠠᠰᠤᠵᠢᠯ ᠤᠨ ᠥᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号