ᠬᠤᠳᠠ ᠶᠢᠨ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠵᠢᠷᠭᠠᠯᠲᠣ ᠨᠠᠷ ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠬᠦᠯᠬᠦ ᠠᠵᠢᠯ ᠳᠤ ᠠᠷᠠᠳᠴᠢᠯᠠᠯ  ᠢᠶᠠᠷ ᠬᠢᠨᠠᠯᠳᠠ ᠳᠠᠯᠪᠢᠵᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-07-20
     7 ᠰᠠᠷ᠎ᠠ ᠶᠢᠨ 15 ᠤ ᠡᠳᠦᠷ᠂ ᠬᠤᠳᠠ ᠶᠢᠨ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠵᠢᠷᠭᠠᠯᠲᠣ ᠨᠠᠷ ᠮᠠᠨ ᠤ ᠬᠤᠰᠢᠭᠤᠨ ᠤ ᠬᠡᠰᠡᠭ ᠪᠦᠯᠦᠭ ᠠᠵᠣ ᠠᠬᠤᠶᠢᠯᠠᠯ ᠳᠤ ᠬᠦᠨᠵᠡᠬᠡᠶᠢᠷᠡᠵᠦ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠬᠦᠯᠬᠦ ᠠᠵᠢᠯ ᠳᠤ ᠠᠷᠠᠳᠴᠢᠯᠠᠯ ᠢᠶᠠᠷ ᠬᠢᠨᠠᠯᠳᠠ ᠲᠠᠯᠪᠢᠵᠤ ᠪᠠᠶᠢᠴᠠᠭᠠᠨ ᠰᠤᠳᠤᠯᠪᠠ᠃ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠬᠤᠣ ᠸᠧᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠯᠢᠨ ᠶᠥᠩ ᠭᠠᠩ᠂ ᠬᠤᠰᠢᠭᠤ ᠣᠯᠣᠰ ᠳᠦᠷᠦ  ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠸᠠᠩ ᠭᠠᠩ ᠵᠢᠴᠢ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠠᠯᠪᠠᠨ ᠭᠡᠷ᠂ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠪᠠᠷᠠᠭᠠᠳᠠᠨ ᠪᠠᠶᠢᠴᠠᠭᠠᠪᠠ᠃
     ᠪᠠᠶᠢᠴᠠᠭᠠᠨ ᠰᠣᠳᠣᠯᠬᠤ ᠳᠣᠭᠤᠶᠢᠯᠠᠩ ᠤᠨ ᠬᠢᠨ ᠣᠷᠢᠳ ᠬᠤᠵᠢᠳ ᠳᠤᠭ ᠪᠠᠯᠭᠠᠰᠣᠨ ᠤ ᠮᠠᠯᠴᠢᠨ ᠢᠳᠡᠬᠡᠨ  ᠤ ᠬᠢᠵᠠᠭᠠᠷᠲᠣ ᠬᠠᠷᠢᠭᠤᠴᠠᠯᠭᠠᠲᠣ ᠺᠣᠮᠫᠠᠨᠢ᠂ ᠣᠷᠳᠣᠰ ᠬᠤᠳᠠ ᠶᠢᠨ ᠮᠧᠩ ᠡ ᠡᠯᠵᠢᠬᠡᠨ ᠠᠷᠠᠰᠣᠨ ᠴᠠᠪᠠᠣ ᠶᠢᠨ ᠬᠢᠵᠠᠭᠠᠷᠲᠣ ᠬᠠᠷᠢᠭᠤᠴᠠᠯᠭᠠᠲᠣ ᠺᠣᠮᠫᠠᠨᠢ᠂ ᠬᠤᠰᠢᠭᠤ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠳᠦᠪ᠂ ᠣᠷᠳᠣᠰ ᠰᠢᠩ ᠰᠢᠩ ᠡᠨᠧᠷᠬᠢ ᠶᠢᠨ ᠰᠣᠷᠪᠣᠯᠵᠢ ᠶᠢᠨ ᠬᠢᠵᠠᠭᠠᠷᠲᠣ ᠺᠣᠮᠫᠠᠨᠢ ᠪᠠ ᠦᠪᠦᠷ ᠮᠣᠩᠭᠤᠯ ᠤᠨ ᠪᠥᠸᠧ ᠳ᠋ᠠ ᠱᠢ ᠳ᠋ᠢ ᠬᠢᠮᠢ ᠶᠢᠨ ᠬᠢᠵᠠᠭᠠᠷᠲᠣ ᠺᠣᠮᠫᠠᠨᠢ ᠵᠡᠷᠭᠡ ᠠᠵᠣ ᠠᠬᠤᠶᠢᠯᠠᠯ ᠳᠤ ᠬᠦᠨᠵᠡᠬᠡᠶᠢᠷᠡᠵᠦ ᠠᠵᠣ ᠠᠬᠤᠶᠢᠯᠠᠯ ᠤᠨ ᠦᠢᠯᠡᠳᠪᠦᠷᠢᠯᠡᠯ ᠡᠷᠬᠢᠯᠳᠡ ᠶᠢᠨ ᠪᠠᠶᠢᠳᠠᠯ ᠢ ᠪᠠᠶᠢᠴᠠᠭᠠᠨ ᠦᠵᠡᠵᠦ ᠣᠷᠣᠰᠢᠵᠦ ᠪᠠᠶᠢᠭ᠎ᠠ ᠠᠰᠠᠭᠤᠳᠠᠯ ᠤᠨ ᠳᠣᠬᠠᠢ ᠨᠠᠷᠢᠨ ᠣᠶᠢᠯᠠᠭᠠᠨ ᠠᠵᠣ ᠠᠬᠤᠶᠢᠯᠠᠯ ᠤᠨ ᠬᠠᠷᠢᠭᠤᠴᠠᠯᠭᠠᠳᠠᠨ ᠲᠠᠢ ᠰᠠᠨᠠᠯ ᠵᠦᠪᠯᠡᠯᠬᠡ ᠪᠠᠨ ᠰᠣᠯᠢᠯᠴᠠᠭᠰᠠᠨ ᠪᠠᠶᠢᠨ᠎ᠠ᠃
     ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ ᠵᠢᠷᠭᠠᠯᠲᠣ ᠵᠢᠭᠠᠵᠤ ᠭᠠᠷᠭᠠᠭᠰᠠᠨ ᠨᠢ᠂ ᠨᠤᠮᠢᠨ ᠲᠠᠩᠰᠤᠭ ᠦᠦᠰᠢᠨ ᠡᠯᠪᠡᠭ ᠪᠠᠶᠠᠯᠢᠭ ᠭᠠᠷᠤᠯᠲᠠ ᠲᠠᠢ ᠪᠠᠶᠢᠵᠤ ᠣᠨᠴᠠᠯᠢᠭᠲᠤ ᠮᠠᠯ ᠠᠵᠤ ᠠᠬᠤᠢ ᠶᠢᠨ ᠠᠵᠤ ᠦᠢᠯᠡᠰ ᠦᠳᠲᠡᠷ ᠲᠦᠷᠭᠡᠨ ᠬᠥᠭᠵᠢᠵᠦ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯᠲᠡ ᠪᠠᠨ ᠬᠤᠪᠢᠷᠠᠭᠤᠯᠵᠤ᠂ ᠦᠢᠯᠡᠴᠢᠯᠡᠬᠡᠨ ᠤ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠶᠢᠭᠤᠯᠵᠤ ᠠᠵᠤ ᠠᠬᠤᠶᠢᠯᠠᠯ ᠲᠤ ᠵᠣᠬᠢᠬᠤ ᠬᠡᠮᠵᠢᠶᠡᠨ ᠤ ᠠᠭᠤᠵᠢᠭᠤ ᠲᠠᠯᠪᠢᠭᠤ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠠᠢ︔ ᠡᠯ᠎ᠡ ᠠᠵᠤ ᠠᠬᠤᠶᠢᠯᠠᠯ ᠰᠠᠭᠤᠷᠢ ᠲᠥᠬᠦᠭᠡᠷᠦᠮᠵᠢ ᠪᠠ ᠲᠥᠬᠦᠭᠡᠷᠦᠮᠵᠢ ᠶᠢᠨ ᠣᠷᠣᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠵᠦ ᠰᠤᠳᠤᠯᠤᠨ ᠨᠡᠭᠡᠭᠡᠬᠦ ᠴᠢᠳᠠᠪᠤᠷᠢᠲᠠᠨ ᠤ ᠪᠦᠯᠬᠦᠮ ᠢ ᠰᠠᠨᠠᠭᠠᠴᠢᠯᠠᠭ᠎ᠠ ᠠᠴᠠ ᠪᠠᠨ ᠣᠷᠣᠭᠤᠯᠤᠨ ᠠᠪᠴᠢᠷᠠᠵᠤ ᠦᠢᠯᠡᠳᠬᠦᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ ︽ᠰᠦᠯᠵᠢᠶᠡᠨ ᠳᠡᠭᠡᠷ᠎ᠡ ᠪᠠ ᠳᠡᠯᠭᠡᠭᠦᠷ︾ ᠲᠤ ᠡᠵᠡᠩᠨᠡᠨ ᠪᠣᠷᠣᠯᠠᠭᠤᠯᠬᠤ ᠲᠠᠪᠴᠠᠩ  ᠢ ᠭᠦᠢᠴᠡᠳ ᠰᠠᠶᠢᠲᠤᠷ ᠬᠡᠷᠡᠭᠯᠡᠵᠦ ᠡᠵᠡᠩᠨᠡᠨ ᠪᠣᠷᠣᠯᠠᠭᠤᠯᠬᠤ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ ᠬᠥᠭᠵᠢᠭᠦᠯᠵᠦ ︽ᠦᠦᠰᠢᠨ ᠤ ᠭᠠᠷᠤᠯᠲᠠ︾ ᠶᠢ ᠭᠠᠳᠠᠭᠰᠢ ᠭᠠᠷᠭᠠᠵᠤ ᠰᠠᠶᠢᠲᠤᠷ ᠬᠤᠳᠠᠯᠳᠤᠬᠤ ᠪᠠᠷ ᠴᠢᠷᠮᠠᠶᠢᠨ᠎ᠠ᠃ ᠡᠭᠦᠨ ᠤ ᠬᠠᠮᠲᠤ ᠡᠯ᠎ᠡ ᠰᠤᠮᠤ ᠪᠠᠯᠭᠠᠰᠤ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠰᠤᠷᠤᠯᠴᠠᠯᠭ᠎ᠠ ᠰᠤᠯᠢᠯᠴᠠᠭ᠎ᠠ ᠪᠠᠨ ᠴᠢᠩᠭᠠᠳᠬᠠᠵᠤ ᠲᠡᠷᠢᠭᠦᠨ ᠤ ᠭᠠᠵᠠᠷ ᠣᠷᠣᠨ ᠠᠴᠠ ᠲᠤᠷᠰᠢᠯᠭ᠎ᠠ ᠰᠤᠷᠤᠯᠴᠠᠨ ᠬᠥᠭᠵᠢᠯᠲᠡ ᠶᠢᠨ ᠠᠷᠭ᠎ᠠ ᠵᠠᠮ ᠪᠠ ᠬᠥᠭᠵᠢᠯᠲᠡ ᠶᠢᠨ ᠰᠡᠳᠬᠢᠴᠡ ᠪᠠᠨ ᠬᠤᠪᠢᠷᠠᠭᠤᠯᠵᠤ ᠲᠡᠷᠢᠭᠦᠨ ᠤ ᠭᠠᠵᠠᠷ ᠣᠷᠣᠨ ᠤ ᠠᠳᠠᠯ ᠦᠢᠯᠡᠰ ᠴᠣᠭᠴᠠᠯᠠᠬᠤ ᠦᠢᠯᠡᠴᠢᠯᠡᠬᠡᠨ ᠤ ᠪᠣᠯᠪᠠᠰᠤᠷᠠᠭᠤᠯᠤᠯ ᠤᠨ ᠰᠢᠨ᠎ᠡ ᠣᠶᠢᠯᠠᠭᠠᠭᠳᠠᠬᠤᠨ ᠪᠠ ᠵᠠᠭᠪᠤᠷ ᠢᠶᠠᠷ ᠲᠣᠯᠢ ᠪᠣᠯᠭᠠᠵᠤ ᠠᠵᠤ ᠠᠬᠤᠶᠢᠯᠠᠯ ᠳᠤ ᠰᠢᠨ᠎ᠡ ᠶᠢ ᠡᠭᠦᠳᠬᠦ ᠦᠢᠯᠡᠴᠢᠯᠡᠭᠡ ᠶᠢᠨ ᠵᠢᠯᠣᠭᠤᠳᠣᠯᠭ᠎ᠠ ᠬᠠᠩᠭᠠᠨ ᠭᠠᠵᠠᠷ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠠᠢ ᠬᠡᠪᠡ᠃
     ᠪᠠᠶᠢᠴᠠᠭᠠᠨ ᠰᠣᠳᠣᠯᠬᠤ ᠳᠣᠭᠤᠶᠢᠯᠠᠩ ᠤᠨ ᠬᠢᠨ ᠮᠠᠨ ᠤ ᠬᠤᠰᠢᠭᠤᠨ ᠤ ᠬᠠᠮᠢᠶ᠎ᠠ  ᠪᠦᠬᠦᠢ ᠰᠠᠯᠠᠭ᠎ᠠ ᠮᠦᠴᠢᠷ  ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠬᠦᠯᠬᠦ ᠳᠠᠯ᠎ᠠ ᠪᠠᠷ ᠬᠢ ᠠᠮᠵᠢᠯᠳᠠ ᠪᠦᠲᠦᠮᠵᠢ ᠶᠢ ᠬᠦᠢᠴᠡᠳ ᠦᠨᠡᠯᠡᠬᠦ ᠶᠢᠨ ᠬᠠᠮᠲᠣ ᠣᠬᠢ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠪᠣᠯ ᠠᠵᠣ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢᠨ ᠴᠢᠬᠤᠯᠠ ᠪᠠᠳᠣᠯᠠᠭ᠎ᠠ ᠮᠦᠨ᠂ ᠣᠯᠣᠰ ᠳᠦᠷᠦ  ᠶᠢᠨ ᠵᠣᠭᠰᠣᠴᠠ ᠪᠠᠨ ᠳᠡᠭᠡᠭᠰᠢᠯᠡᠬᠦᠯᠵᠦ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠦ ᠬᠠᠮᠳᠣᠷᠠᠨ ᠬᠦᠳᠡᠯᠦᠯᠴᠡᠵᠦ᠂ ᠬᠠᠮᠵᠢᠯᠴᠠᠵᠦ ᠬᠤᠯᠪᠣᠭᠠᠯᠠᠬᠤ ᠪᠠᠨ ᠴᠢᠩᠭᠠᠳᠬᠠᠨ ᠨᠡᠩ ᠠᠷᠪᠢᠨ ᠰᠢᠨ᠎ᠡ ᠠᠷᠭ᠎ᠠ ᠪᠠᠷᠢᠯ ᠢᠶᠠᠷ ᠴᠢᠮᠡᠭᠡ ᠵᠠᠩᠬᠢᠴᠢᠯᠠᠯᠳᠠ ᠶᠢᠨ ᠦᠢᠯᠡᠴᠢᠯᠡᠭᠡ ᠪᠠᠨ ᠳᠡᠬᠦᠯᠳᠡᠷᠵᠢᠬᠦᠯᠵᠦ ᠠᠵᠣ ᠠᠬᠤᠶᠢᠯᠠᠯ ᠪᠠ ᠣᠯᠠᠨ ᠲᠦᠮᠡᠨ ᠤ ᠠᠰᠢᠭ ᠬᠦᠷᠲᠡᠭᠰᠡᠨ ᠳᠦᠷᠦᠭᠳᠡᠯ ᠢ ᠳᠠᠰᠣᠷᠠᠯᠳᠠ ᠦᠬᠡᠢ ᠨᠡᠮᠡᠭᠳᠡᠬᠦᠯᠬᠦ ᠬᠡᠷᠡᠭᠲᠡᠢ᠃ ᠠᠵᠣ ᠠᠬᠤᠶᠢᠯᠠᠯ ᠤᠨ ᠪᠤᠳᠠᠳᠤ ᠬᠦᠴᠢᠷᠳᠡᠯ ᠢ ᠰᠢᠢᠳᠪᠦᠷᠢᠯᠡᠵᠤ ᠡᠯ᠎ᠡ ᠳᠠᠯ᠎ᠠ ᠶᠢᠨ ᠬᠦᠴᠦᠨ ᠢ ᠬᠠᠮᠳᠣᠳᠬᠠᠵᠦ ᠣᠬᠢ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠬᠠᠮᠳᠣ ᠪᠠᠷ ᠡᠬᠦᠳᠴᠦ᠂ ᠦᠦᠰᠢᠨ ᠬᠤᠰᠢᠭᠤᠨ ᠤ ᠠᠵᠣ ᠠᠬᠤᠢ ᠶᠢᠨ ᠬᠦᠭᠵᠢᠯᠳᠡ ᠶᠢ ᠠᠬᠢᠭᠤᠯᠬᠤ ᠬᠡᠷᠡᠭᠲᠡᠢ ᠬᠡᠪᠡ᠃
   
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号