ᠰᠢ ᠶᠢᠨ ᠫᠢᠩ ︽ᠪᠦᠬᠦ ᠳᠡᠯᠡᠬᠡᠢ ᠶᠢᠨ ᠲᠡᠷᠢᠭᠦᠨ ᠭᠦᠢᠴᠡᠳᠭᠡᠭᠴᠢ ᠲᠤᠰᠢᠶᠠᠯᠳᠠᠨ ᠤ ᠵᠦᠪᠯᠡᠯ︾ ᠤᠨ ᠪᠦᠷᠢᠯᠳᠦᠭᠦᠨ ᠤ ᠲᠦᠯᠦᠭᠡᠯᠡᠭᠴᠢᠳ ᠲᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2020-07-20
     ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 16 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 15 ᠤ ᠡᠳᠦᠷ ︽ᠪᠦᠬᠦ ᠳᠡᠯᠡᠬᠡᠢ ᠶᠢᠨ ᠲᠡᠷᠢᠭᠦᠨ ᠭᠦᠢᠴᠡᠳᠭᠡᠭᠴᠢ ᠲᠤᠰᠢᠶᠠᠯᠳᠠᠨ ᠤ ᠵᠦᠪᠯᠡᠯ︾ ᠤᠨ ᠪᠦᠷᠢᠯᠳᠦᠭᠦᠨ ᠤ ᠲᠦᠯᠦᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠤ᠂ ᠳᠡᠳᠡᠨ ᠤ ᠳᠤᠮᠳᠠᠳᠤ ᠤᠯᠤᠰ ᠤᠨ ᠡᠩᠬᠡ ᠲᠠᠶᠢᠪᠤᠩ ᠬᠦᠭᠵᠢᠯᠳᠡ᠂ ᠨᠡᠬᠡᠬᠡᠯᠳᠡᠳᠤ ᠬᠦᠭᠵᠢᠯᠳᠡ ᠶᠢᠨ ᠲᠤᠬᠠᠢ ᠪᠠᠳᠤ ᠢᠳᠡᠭᠡᠯ ᠪᠠ ᠦᠷᠭᠦᠯᠵᠢᠯᠡᠨ ᠳᠤᠮᠳᠠᠳᠤ ᠤᠯᠤᠰ ᠲᠤ ᠦᠨᠳᠦᠰᠦᠯᠡᠬᠦ ᠠᠮᠠᠯᠠᠯᠳᠠ ᠵᠢᠴᠢ ᠳᠤᠮᠳᠠᠳᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠲᠤᠬᠠᠢ ᠪᠦᠲᠦᠭᠡᠯᠴᠢ ᠴᠢᠨᠠᠷᠳᠠᠢ ᠰᠠᠨᠠᠭᠤᠯᠭ᠎ᠠ ᠦᠭᠭᠦᠭᠰᠡᠨ ᠢ ᠮᠠᠭᠳᠠᠨ ᠰᠠᠶᠢᠰᠢᠶᠠᠪᠠ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠤᠳᠤᠬᠠᠨ ᠳᠤ᠂ ᠳᠤᠮᠳᠠᠳᠤ ᠤᠯᠤᠰ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠦᠭᠵᠢᠯᠳᠡ ᠶᠢᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠢᠯᠠᠯᠳᠠ ᠶᠢ ᠤᠯᠬᠤ ᠶᠢᠨ ᠲᠦᠯᠦᠭᠡ ᠲᠡᠮᠡᠴᠡᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠳᠠᠶᠢᠯᠠᠯᠳᠤᠭᠠᠨ ᠬᠢᠵᠤ ᠪᠠᠶᠢᠨ᠎ᠠ᠃ ᠳᠤᠮᠳᠠᠳᠤ ᠤᠯᠤᠰ ᠤᠨ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠵᠢᠷᠠᠵᠦ ᠪᠠᠶᠢᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠬᠤᠪᠢᠷᠠᠬᠤ ᠴᠦ ᠦᠭᠡᠢ ᠶᠤᠮ᠃ ᠪᠢᠳᠡ ᠦᠷᠭᠦᠯᠵᠢᠯᠡᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠨᠡᠬᠡᠬᠡᠯᠳᠡ ᠶᠢ ᠦᠷᠭᠡᠳᠭᠡᠨ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾᠂ ︽ᠵᠢᠷᠭᠤᠭ᠎ᠠ ᠶᠢ ᠪᠠᠳᠤᠯᠠᠬᠤ︾ ᠴᠢᠬᠤᠯᠠ ᠶᠡᠭᠡ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠭᠠᠳᠠᠭᠠᠳᠤ ᠶᠢᠨ ᠠᠵᠤ ᠠᠬᠤᠢᠢᠯᠠᠯ ᠤᠨ ᠪᠡᠯᠡ ᠤᠷᠤᠭᠤᠯᠤᠯᠳᠠ ᠬᠦᠭᠵᠢᠯᠳᠡ ᠳᠤ ᠨᠡᠩ ᠪᠦᠷᠢᠨ ᠪᠦᠳᠦᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠬᠠᠩᠭᠠᠨ ᠦᠭᠴᠤ᠂ ᠰᠢᠨ᠎ᠠ ᠳᠤᠬᠢᠶᠠᠯ ᠰᠢᠨ᠎ᠠ ᠢᠷᠡᠭᠡᠳᠦᠢ ᠶᠢ ᠴᠤᠭᠴᠠᠯᠠᠨ᠎ᠠ᠃ ᠲᠠ ᠨᠠᠷ ᠳᠤᠮᠳᠠᠳᠤ ᠤᠯᠤᠰ ᠤᠨ ᠬᠥᠭᠵᠢᠯᠲᠡ ᠳᠤ ᠥᠨᠲᠥᠰᠥᠯᠡᠬᠦ ᠶᠢ ᠪᠠᠲᠤ ᠰᠠᠬᠢᠬᠤ ᠪᠤᠯ ᠵᠦᠪ ᠰᠤᠩᠭᠤᠯᠳᠠ ᠪᠤᠯᠤᠨ᠎ᠠ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠤᠳᠤᠬᠠᠨ ᠤ ᠳᠡᠯᠡᠬᠡᠢ ᠶᠢᠷᠳᠢᠨᠴᠤ ᠳᠤ᠂ ᠡᠯ᠎ᠠ ᠤᠯᠤᠰ ᠤᠨ ᠠᠰᠢᠭ ᠲᠤᠰᠠ ᠳᠡᠭᠡᠳᠤ ᠬᠡᠮᠵᠢᠶ᠎ᠠ ᠪᠠᠷ ᠠᠭᠤᠰᠤᠯᠴᠠᠵᠦ ᠪᠠᠶᠢᠨ᠎ᠠ᠂ ᠬᠦᠮᠦᠨ ᠲᠦᠷᠦᠯᠬᠢᠳᠡᠨ ᠪᠤᠯ ᠵᠢᠷᠭᠠᠯ ᠵᠤᠪᠠᠯᠠᠩ ᠢᠶᠠᠨ ᠬᠠᠮᠳᠤᠳᠬᠠᠭᠰᠠᠨ ᠬᠤᠪᠢ ᠵᠠᠶᠠᠭᠠᠨ ᠤ ᠬᠠᠮᠳᠤ ᠶᠢᠨ ᠴᠤᠭᠴᠠ ᠪᠤᠯᠤᠨ᠎ᠠ᠂ ᠬᠠᠮᠳᠤᠷᠠᠨ ᠠᠵᠢᠯᠯᠠᠵᠤ ᠬᠠᠮᠳᠦ ᠪᠠᠷ ᠠᠰᠢᠭ ᠬᠦᠷᠳᠡᠬᠦ ᠪᠤᠯ ᠶᠡᠭᠡ ᠬᠠᠨᠳᠤᠰᠢ ᠪᠤᠯᠤᠨ᠎ᠠ᠃ ᠲᠤᠮᠲᠠᠲᠤ ᠤᠯᠤᠰ ᠡᠩᠬᠡ ᠲᠠᠶᠢᠪᠤᠩ ᠬᠦᠭᠵᠢᠯᠲᠠ ᠶᠢᠨ ᠵᠠᠮ ᠢ ᠡᠷᠡᠰ ᠭᠤᠶᠢᠪᠢᠰᠢ ᠦᠭᠡᠢ ᠪᠠᠷᠢᠮᠲᠠᠯᠠᠠ ᠬᠦᠭᠵᠢᠭᠦᠯᠵᠦ᠂ ᠠᠵᠦ ᠠᠬᠤᠢ ᠶᠢᠨ ᠲᠡᠯᠡᠭᠡᠶᠢᠵᠢᠯᠲᠠ ᠨᠡᠭᠡᠭᠡᠯᠲᠡᠲᠠᠢ᠂ ᠪᠠᠭᠲᠠᠭᠠᠮᠵᠢᠲᠠᠢ᠂ ᠨᠡᠶᠢᠲᠡᠮ ᠠᠰᠢᠭ ᠬᠦᠷᠲᠡᠭᠡᠬᠦ᠂ ᠲᠡᠩᠴᠡᠬᠦᠷᠢ ᠲᠠᠢ᠂ ᠬᠠᠮᠲᠤ ᠪᠠᠷ ᠠᠰᠢᠭ ᠬᠦᠷᠲᠡᠬᠦ ᠴᠢᠭᠯᠡᠯ ᠲᠡᠶᠢᠰᠢ ᠬᠦᠭᠵᠢᠬᠦ ᠶᠢ ᠠᠬᠢᠭᠤᠯᠵᠦ᠂ ᠨᠡᠭᠡᠭᠡᠯᠲᠡᠲᠦ ᠬᠡᠯᠪᠡᠷᠢ ᠶᠢᠨ ᠲᠡᠯᠡᠭᠡᠢ ᠶᠢᠨ ᠠᠵᠦ ᠠᠬᠤᠢ‌‍ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠋᠎ᠠ᠃ ᠲᠠ ᠨᠠᠷ ᠬᠠᠮᠲᠤᠷᠠᠯᠴᠠᠵᠦ ᠬᠠᠮᠲᠤ ᠪᠠᠷ ᠠᠰᠢᠭ ᠬᠦᠷᠲᠡᠵᠦ᠂ ᠬᠠᠮᠲᠤ ᠪᠠᠷ ᠬᠦᠭᠵᠢᠬᠦ ᠤᠢᠢᠯᠠᠭᠠᠭᠲᠠᠬᠤᠨ ᠢ ᠪᠠᠷᠢᠮᠲᠠᠯᠠᠠ᠂ ᠲᠤᠮᠲᠠᠲᠤ ᠤᠯᠤᠰ ᠤᠨ ᠠᠵᠦ ᠠᠬᠤᠢᠢᠯᠠᠯ ᠯᠤᠭ᠎ᠠ ᠶᠢᠨ ᠰᠤᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠠ᠂ ᠲᠡᠯᠡᠭᠡᠢ ᠶᠢᠨ ᠠᠵᠦ ᠠᠬᠤᠢ ᠶᠢᠨ ᠰᠡᠷᠭᠦᠯᠲᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ︽ᠪᠦᠬᠦ ᠲᠡᠯᠡᠭᠡᠢ ᠶᠢᠨ ᠲᠠᠷᠢᠬᠦᠨ ᠬᠦᠢᠴᠡᠳᠭᠡᠭᠴᠢ ᠲᠤᠰᠢᠶᠠᠯᠳᠠᠨ ᠤ ᠵᠦᠪᠯᠡᠯ︾ ᠨᠢ ᠪᠦᠬᠦ ᠲᠡᠯᠡᠭᠡᠢ ᠶᠢᠨ ᠠᠵᠢᠯ ᠲᠦᠷᠦᠯ ᠤᠨ ᠬᠦᠲᠦᠯᠦᠨ ᠲᠠᠭᠠᠭᠤᠯᠬᠤ ᠴᠢᠨᠠᠷᠲᠠᠢ᠂ ᠲᠦᠯᠦᠭᠡᠯᠡᠬᠦ ᠴᠢᠨᠠᠷᠲᠠᠢ ᠤᠯᠤᠰ ᠠᠯᠤᠰᠯᠠᠭᠰᠠᠠ 39 ᠺᠤᠮᠫᠠᠨᠢ ᠪᠠᠷ ᠪᠦᠷᠢᠯᠲᠦᠵᠠᠢ᠃ ᠤᠢᠢᠷ᠎ᠠ ᠳᠤ᠂ ᠵᠦᠪᠯᠡᠯ ᠤᠨ 18 ᠲᠠᠷᠢᠭᠦᠨ ᠬᠦᠢᠴᠡᠳᠭᠡᠭᠴᠢ ᠲᠤᠰᠢᠶᠠᠯᠳᠡᠨ ᠬᠠᠮᠳᠤ ᠪᠠᠷ ᠲᠡᠷᠢᠭᠦᠯᠡᠭᠴᠢ ᠰᠢ ᠶᠢᠨ ᠫᠢᠩ ᠳᠤ ᠵᠠᠬᠢᠲᠠᠯ ᠪᠢᠴᠢᠵᠦ᠂ ᠲᠤᠮᠲᠠᠲᠤ ᠤᠯᠤᠰ ᠲᠡᠷᠢᠭᠦᠯᠡᠭᠴᠢ ᠰᠢ ᠶᠢᠨ ᠫᠢᠩ ᠤᠨ ᠪᠠᠳᠤ ᠴᠢᠩᠭ᠎ᠠ ᠤᠲᠤᠷᠢᠲᠤᠯᠭ᠎ᠠ ᠲᠤᠤᠷ᠎ᠠ ᠬᠢᠵᠢᠭ ᠤᠨ ᠪᠠᠶᠢᠲᠠᠯ ᠤᠨ ᠦᠷᠪᠢᠰᠦᠨ ᠲᠡᠯᠭᠡᠷᠡᠬᠦ ᠶᠢ ᠦᠳᠲᠡᠷ ᠲᠦᠷᠭᠡᠡ ᠬᠢᠵᠠᠭᠠᠷᠯᠠᠭᠰᠠᠠ ᠪᠦᠭᠡᠳ ᠲᠦᠷᠦᠭᠦᠯᠡᠨ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ᠂ ᠪᠦᠬᠦ ᠲᠡᠯᠡᠭᠡᠢ ᠶᠢᠨ ᠬᠢᠵᠢᠭ ᠲᠠᠢ ᠲᠡᠮᠡᠴᠡᠬᠦ ᠲᠡᠮᠡᠴᠡᠯ ᠢ ᠲᠡᠮᠵᠢᠬᠦ ᠪᠠ ᠲᠡᠯᠡᠭᠡᠢ ᠶᠢᠨ ᠠᠵᠦ ᠠᠬᠤᠢ ᠶᠢᠨ ᠲᠤᠭᠲᠠᠭᠤᠨ ᠪᠠᠶᠢᠲᠠᠯ ᠢ ᠬᠠᠮᠠᠭᠠᠯᠠᠬᠤ ᠳᠤ ᠢᠲᠡᠪᠬᠢᠲᠠᠢ ᠦᠢᠯᠡᠲᠦᠯ ᠦᠵᠡᠭᠦᠯᠦᠭᠰᠡᠡ ᠢ ᠮᠠᠭᠲᠠᠠ ᠰᠠᠶᠢᠰᠢᠶᠠᠪᠠ᠃ ᠲᠡᠳᠡ᠂ ᠲᠡᠷᠢᠭᠦᠯᠡᠭᠴᠢ ᠰᠢ ᠶᠢᠨ ᠫᠢᠩ ᠤᠨ ︽ᠬᠢᠮᠤᠷᠠᠯ ᠤᠨ ᠲᠤᠮᠲᠠ ᠰᠢᠨ᠎ᠠ ᠠᠵᠠ ᠲᠤᠬᠢᠶᠠᠯ ᠢ ᠪᠤᠢ ᠪᠤᠯᠭᠠᠵᠦ᠂ ᠬᠤᠪᠢᠷᠠᠯᠲᠠ ᠶᠢᠨ ᠲᠤᠮᠲᠠ ᠰᠢᠨ᠎ᠠ ᠪᠠᠶᠢᠲᠠᠯ ᠢ ᠡᠭᠦᠳᠬᠦ︾ ᠲᠤᠬᠠᠢ ᠴᠢᠬᠤᠯᠠ ᠦᠭᠦᠯᠡᠯᠳᠡ ᠪᠤᠯᠤᠨ ︽ᠠᠵᠦ ᠠᠬᠤᠢ ᠶᠢᠨ ᠲᠡᠯᠡᠭᠡᠶᠢᠵᠢᠯᠲᠠ ᠨᠡᠭᠡᠭᠡᠯᠲᠠᠲᠠᠢ᠂ ᠪᠠᠭᠲᠠᠭᠠᠮᠵᠢᠲᠠᠢ᠂ ᠨᠡᠶᠢᠲᠡᠮ ᠠᠰᠢᠭ ᠬᠦᠷᠲᠡᠭᠡᠬᠦ᠂ ᠲᠡᠩᠴᠡᠬᠦᠷᠢ ᠲᠠᠢ᠂ ᠬᠠᠮᠲᠤ ᠪᠠᠷ ᠠᠰᠢᠭ ᠬᠦᠷᠲᠡᠬᠦ ᠴᠢᠭᠯᠡᠯ ᠲᠡᠶᠢᠰᠢ ᠬᠦᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠬᠤ︾ ᠲᠦᠷᠦ ᠶᠢᠨ ᠪᠤᠲᠤᠯᠭ᠎ᠠ ᠪᠤᠯᠤᠠ ᠡᠷᠴᠢ ᠵᠤᠷᠢᠭ ᠨᠢ ᠲᠡᠲᠡᠡ ᠤ ᠲᠤᠮᠲᠠᠲᠤ ᠤᠯᠤᠰ ᠤᠨ ᠲᠤᠬᠠᠢ ᠢᠲᠡᠭᠡᠯ ᠪᠠ ᠦᠷᠬᠦᠯᠵᠢᠯᠠᠠ ᠲᠤᠮᠲᠠᠲᠤ ᠤᠯᠤᠰ ᠲᠤ ᠦᠨᠲᠦᠰᠦᠯᠡᠵᠦ᠂ ᠲᠤᠮᠲᠠᠲᠤ ᠤᠯᠤᠰ ᠲᠤ ᠦᠢᠯᠡᠴᠢᠯᠡᠬᠦ ᠠᠮᠠᠯᠠᠯᠲᠠ ᠶᠢ ᠨᠡᠩ ᠪᠠᠲᠤᠳᠬᠠᠬᠰᠠᠨ ᠭᠡᠵᠦ ᠦᠵᠡᠵᠦ ᠪᠤᠢ᠃ ᠲᠡᠲᠡ ᠪᠠᠰᠠ ᠬᠢᠵᠢᠭ ᠤᠨ ᠪᠠᠶᠢᠲᠠᠯ ᠤᠨ ᠰᠡᠭᠦᠯᠴᠢ ᠶᠢᠨ ᠦᠶ᠎ᠠ ᠳᠤ ᠲᠤᠮᠲᠠᠲᠤ ᠤᠯᠤᠰ ᠤᠨ ᠠᠵᠦ ᠠᠬᠤᠢ ᠶᠢᠨ ᠬᠦᠭᠵᠢᠯᠲᠠ ᠵᠢᠴᠢ ᠲᠤᠮᠲᠠᠲᠤ ᠭᠠᠲᠠᠭᠠᠲᠤ ᠶᠢᠨ ᠬᠠᠮᠲᠤᠷᠠᠯᠴᠠᠭ᠎ᠠ ᠳᠤ ᠠᠷᠭ᠎ᠠ ᠤᠬᠠᠭᠠᠠ ᠭᠠᠷᠭᠠᠵᠦ ᠦᠭᠬᠦᠨ᠎ᠠ ᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号