ᠮᠠᠯᠴᠢᠨ ᠪᠠᠳᠣᠳᠠᠯᠠᠢ ᠱᠠᠩᠨᠠᠯ ᠤᠨ ᠮᠦᠩᠬᠦ ᠬᠠᠨᠳᠢᠪᠯᠠᠯ᠎ᠡ
ᠨᠡᠶᠢᠲᠡᠯᠡᠭᠰᠡᠨ ᠴᠠᠭ᠄
2020-07-21
    ᠣᠶᠢᠷ᠎ᠠ ᠶᠢᠨ ᠡᠳᠦᠷ᠂ ᠣᠯᠠᠭᠠᠨᠲᠤᠯᠣᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠮᠠᠯᠴᠢᠨ ᠪᠠᠲᠤᠳᠠᠯᠠᠢ ᠪᠦᠰᠡᠬᠦᠢ ᠲᠣᠶᠠᠭ᠎ᠠ ᠲᠠᠢ ᠪᠠᠨ ᠬᠤᠰᠢᠭᠤ ᠮᠣᠩᠭᠤᠯ ᠦᠨᠳᠦᠰᠦᠲᠡᠨ ᠤ ᠳᠣᠷᠰᠢᠯᠲᠠ ᠶᠢᠨ ᠪᠠᠭ᠎ᠠ ᠰᠤᠷᠭᠠᠭᠤᠯᠢ ᠳᠤ ᠱᠠᠩᠨᠠᠯ ᠤᠨ ᠮᠦᠡᠭᠬᠦ ᠬᠠᠨᠳᠢᠪᠯᠠᠵᠦ ᠬᠢᠴᠢᠶᠡᠯ ᠰᠤᠷᠤᠯᠭ᠎ᠠ ᠳᠤ ᠪᠠᠨ ᠴᠢᠷᠮᠠᠶᠢᠯᠳᠠ ᠲᠠᠢ ᠠᠷᠪᠠᠨ ᠰᠣᠷᠣᠭᠴᠢᠳ ᠢ ᠳᠣᠰᠪᠣᠷᠢ 500 ᠲᠦᠭᠦᠷᠢᠭ‌‍ᠢᠶ᠋ᠡᠷ ᠭᠦᠭᠢᠭᠦᠯᠣᠨ ᠱᠠᠩᠨᠠᠵᠣ ᠣᠷᠮᠠᠰᠢᠭᠤᠯᠤᠨ ᠵᠣᠷᠢᠭᠵᠢᠭᠤᠯᠣᠯ᠎ᠠ᠃     ᠮᠠᠯᠴᠢᠨ ᠪᠠᠳᠤᠳᠠᠯᠠᠢ᠄ ︽ᠮᠠᠯᠴᠢᠨ ᠬᠦᠮᠦᠨ ᠤ ᠵᠢᠭᠠᠬᠠᠨ ᠰᠡᠳᠬᠢᠯ ᠪᠤᠯᠪᠠᠴᠤ ᠮᠠᠨ ᠤ ᠬᠤᠶᠢᠴᠢᠰ ᠦᠶ᠎ᠡ ᠶᠢᠨ ᠬᠢᠨ  ᠰᠤᠷᠭᠠᠨ ᠬᠦᠮᠦᠵᠢᠯ ᠰᠠᠶᠢᠨ ᠬᠦᠷᠳᠡᠵᠦ ᠤᠯᠤᠰ ᠦᠨᠳᠦᠰᠦᠲᠡᠨ ᠳᠤ ᠪᠠᠨ ᠠᠰᠢᠭ ᠲᠤᠰᠠ ᠲᠠᠢ ᠬᠦᠮᠦᠨ ᠪᠤᠯᠳᠤᠭᠠᠢ ᠬᠡᠵᠦ ᠪᠠᠭ᠎ᠠ ᠪᠤᠯᠪᠠᠴᠤ ᠮᠦᠩᠭᠦ ᠬᠠᠨᠳᠢᠪᠯᠠᠵᠦ ᠵᠤᠷᠢᠭᠵᠢᠭᠤᠯᠳᠠᠭ ᠨᠢ ᠲᠡᠳᠡᠨ ᠢ ᠤᠷᠮᠠᠰᠢᠭᠤᠯᠬᠤ ᠶᠢᠨ ᠲᠦᠯᠦᠬᠡ ᠶᠤᠮ︾ ᠭᠡᠪᠡ᠃
    ᠮᠠᠯᠴᠢᠨ ᠪᠠᠲᠤᠳᠠᠯᠠᠢ ᠤᠨ ᠬᠢᠨ 2016 ᠤᠨ ᠠᠴᠠ ᠡᠬᠢᠯᠡᠨ ᠪᠤᠰᠤᠳ ᠲᠤ ᠪᠤᠶᠠᠨ ᠦᠢᠯᠡᠳᠬᠦ ᠶᠢ ᠰᠠᠨᠠᠭᠠᠴᠢᠯᠠᠨ ᠬᠦᠴᠦ ᠬᠦᠯᠦᠰᠦ ᠪᠠᠨ ᠣᠷᠣᠰᠬᠠᠨ ᠤᠯᠤᠭᠰᠠᠨ ᠮᠦᠩᠬᠦ ᠵᠤᠭᠤᠰ᠂ ᠮᠠᠯ ᠰᠦᠷᠦᠭ ᠢᠶᠠᠨ ᠦᠷᠬᠦᠯᠵᠢ ᠭᠠᠴᠠᠭᠠᠨ ᠤ ᠬᠦᠴᠢᠷᠳᠡᠯᠳᠡᠢ ᠬᠦᠮᠦᠰ᠂ ᠰᠤᠷᠭᠠᠭᠤᠯᠢ ᠵᠡᠷᠭᠡ ᠳᠤ ᠬᠠᠨᠳᠢᠪᠯᠠᠨ ᠦᠭᠴᠦ ᠤᠯᠠᠨ ᠨᠡᠶᠢᠲᠡ ᠶᠢᠨ ᠬᠦᠷᠢᠶᠡᠯᠡᠯ ᠢ ᠣᠯᠵᠣ ᠤᠯᠤᠰ ᠦᠨᠳᠦᠰᠦᠲᠡᠨ ᠤ ᠭᠦᠭᠵᠢᠡ ᠮᠠᠨᠳᠤᠯᠳᠠ ᠳᠤ ᠦᠪᠡᠷ ᠤᠨ ᠭᠡᠰᠡᠨ ᠬᠤᠪᠢ ᠨᠡᠮᠡᠷᠢ ᠪᠠᠨ ᠡᠷᠭᠦᠭᠰᠡᠭᠡᠷ ᠢᠷᠡᠭᠰᠡᠨ ᠪᠠᠶᠢᠨ᠎ᠠ᠃     ᠮᠠᠨ ᠤ ᠬᠤᠰᠢᠭᠤᠨ ᠤ ᠮᠣᠩᠭᠤᠯ ᠦᠨᠳᠣᠰᠣᠳᠡᠨ ᠤ ᠳᠣᠷᠰᠢᠯᠳᠡ ᠶᠢᠨ ᠪᠠᠭ᠎ᠠ ᠰᠣᠷᠭᠠᠭᠤᠯᠢ ᠨᠢ ᠶᠠᠳᠠᠭᠤ ᠬᠦᠴᠢᠷᠳᠡᠯᠳᠡᠢ ᠰᠤᠷᠤᠭᠴᠢ᠂ ᠰᠢᠯᠢᠳᠡᠭ ᠰᠣᠷᠣᠯᠭᠠᠳᠠᠨ ᠵᠡᠷᠭᠡ ᠰᠣᠷᠣᠭᠴᠢᠳ ᠤᠨ ᠠᠮᠢᠳᠤᠷᠠᠯ ᠰᠤᠷᠤᠯᠭ᠎ᠠ ᠶᠢ ᠴᠠᠭ ᠢᠮᠠᠭᠲᠠ ᠬᠠᠶᠢᠷᠠᠯᠠᠨ ᠬᠠᠯᠠᠮᠵᠢᠯᠠᠵᠣ ᠣᠯᠠᠨ ᠲᠠᠯ᠎ᠠ ᠶᠢᠨ ᠠᠷᠭ᠎ᠠ ᠵᠠᠮ ᠢ ᠰᠦᠪᠡᠭᠴᠢᠯᠡᠨ ᠲᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠂ ᠨᠡᠶᠢᠬᠡᠮ ᠨᠠᠶᠢᠲᠡ ᠶᠢᠨ ᠨᠡᠮᠡᠷᠢ ᠬᠠᠨᠳᠢᠪ ᠢ ᠬᠦᠷᠳᠡᠭᠡᠵᠣ ᠪᠠᠶᠢᠨ᠎ᠠ᠃     ᠦᠤᠰᠢᠨ ᠬᠤᠰᠢᠭᠤᠨ ᠤ ᠮᠤᠩᠭᠤᠯ ᠦᠨᠳᠦᠰᠦᠲᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠠᠯᠳᠠᠠᠳᠠᠯᠠᠢ᠄ ︽ᠮᠠᠨ ᠤ ᠮᠤᠩᠭᠤᠯ ᠬᠦᠮᠦᠨ ᠤ ᠬᠤᠪᠢ ᠳᠤ ᠠᠪᠴᠤ ᠬᠡᠯᠡᠪᠡᠯ ᠢᠩᠬᠢᠵᠦ ᠦᠷ᠎ᠡ ᠬᠤᠶᠢᠴᠢᠰ ᠢᠶᠠᠨ ᠰᠠᠶᠢᠬᠠᠨ ᠲᠡᠮᠵᠢᠵᠤ ᠶᠠᠪᠤᠵᠤ ᠪᠠᠶᠢᠭ᠎ᠠ ᠪᠤᠶᠠᠠᠰᠠᠭ ᠠᠵᠢᠯᠯᠠᠭ᠎ᠠ ᠪᠤᠯ ᠬᠦᠮᠦᠨ ᠪᠤᠯᠭᠠᠨ ᠤ ᠬᠠᠷᠢᠭᠤᠴᠠᠯᠭ᠎ᠠ ᠬᠡᠵᠦ ᠪᠤᠳᠤᠵᠤ ᠪᠠᠶᠢᠨ᠎ᠠ᠃  ᠬᠤᠵᠢᠮ ᠮᠠᠨ ᠤ ᠮᠠᠯᠴᠢᠨ ᠠᠷᠠᠳ ᠲᠦᠮᠡᠨ᠂ ᠮᠤᠩᠭᠤᠯᠴᠤᠳ ᠮᠠᠨᠢ ᠦᠷ᠎ᠡ ᠬᠡᠤᠭᠡᠳ ᠢᠶᠠᠨ ᠢᠩᠬᠢᠵᠦ ᠰᠠᠶᠢᠬᠠᠨ ᠬᠠᠶᠢᠷᠠᠯᠠᠵᠤ ᠲᠡᠳᠬᠦᠵᠦ ᠵᠤᠷᠢᠭᠵᠢᠭᠤᠯᠵᠤ ᠶᠠᠪᠤᠬᠤ ᠶᠢ ᠬᠦᠰᠡᠵᠦ ᠪᠠᠶᠢᠨ᠎ᠠ︾ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号