ᠪᠣᠯᠪᠠᠰᠤᠨ ᠬᠤᠲᠠ ᠪᠣᠯ ᠬᠤᠲᠠ ᠶᠢᠨ ᠨᠡᠷ᠎ᠡ ᠶᠢᠨ ᠬᠠᠭᠤᠳᠠᠰᠤ ᠪᠣᠯᠤᠨ᠎ᠠ᠃ ᠪᠦᠬᠦ ᠬᠤᠰᠢᠭᠤᠨ ᠤ ᠠᠷᠠᠳ | ᠲᠦᠮᠡᠨ ᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃ | ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠵᠢᠯᠯᠠᠭ᠎ᠠ ᠪᠣᠯ ᠨᠡᠶᠢᠭᠡᠮ ᠤᠨ ᠬᠡᠪ ᠰᠤᠷᠲᠠᠯ ᠢ ᠬᠥᠲᠥᠯᠥᠨ | ᠳᠠᠭᠠᠭᠤᠯᠬᠤ ᠲᠤᠭ ᠮᠥᠨ᠂ ᠲᠡᠷᠡ ᠨᠢ ᠬᠤᠳᠠ ᠶᠢᠨ ᠪᠣᠯᠪᠠᠰᠤᠨ ᠪᠠ ᠲᠠᠪᠰᠢᠯᠳᠠ ᠶᠢ ᠢᠯᠡᠷᠡᠭᠦᠯᠵᠦ ᠪᠠᠶᠢᠳᠠᠭ᠃ | 2020 ᠣᠨ ᠳᠤ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ | ᠰᠢᠪᠲᠤᠯᠤᠯᠲᠠ ᠶᠢᠨ ᠱᠠᠲᠤᠨ ᠳᠤ ᠣᠷᠣᠵᠤ᠂ ᠦᠦᠰᠢᠨ ᠬᠥᠮᠦᠨ ᠨᠢᠭᠡᠪᠦᠷᠢ ᠴᠥᠮ ᠮᠠᠰᠢ ᠠᠩᠬᠠᠷᠴᠤ᠂ ᠥᠪᠡᠷ ᠤᠨ | ᠪᠣᠳᠠᠲᠤ ᠠᠵᠢᠯᠯᠠᠭ᠎ᠠ ᠪᠠᠷ ᠢᠶᠠᠨ ᠡᠭᠦᠳᠦᠨ ᠪᠠᠶᠢᠭᠤᠯᠬᠤ ᠠᠵᠢᠯ ᠳᠤ ᠤᠷᠤᠯᠴᠠᠭᠰᠠᠨ ᠪᠠᠶᠢᠨ᠎ᠠ᠃ ᠦᠤᠰᠢᠨ | ᠬᠤᠰᠢᠭᠤᠨ ᠤ ᠡᠪᠯᠡᠯ ᠤᠨ ᠬᠤᠷᠢᠶ᠎ᠠ ᠨᠢ ︽ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ︾ ᠪᠦᠷᠢᠶ᠎ᠡ ᠦᠯᠢᠶᠡᠵᠦ᠂ | ᠥᠷᠭᠡᠨ ᠣᠯᠠᠨ ᠵᠠᠯᠠᠭᠤᠴᠤᠳ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠤᠰᠢᠭᠤᠴᠢ ᠪᠣᠯᠬᠤ ᠪᠠᠷ ᠴᠢᠷᠮᠠᠶᠢᠵᠤ | ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠤᠬᠠᠭᠤᠯᠤᠭᠴᠢ᠂ ᠦᠢᠯᠡᠳᠦᠯᠭᠡᠵᠢᠬᠦᠯᠦᠭᠴᠢ ᠪᠠ ᠰᠠᠨᠠᠭᠠᠴᠢᠯᠠᠭᠴᠢ | ᠪᠣᠯᠬᠤ ᠪᠠᠷ ᠴᠢᠷᠮᠠᠶᠢᠵᠠᠶ᠃ ᠥᠷᠭᠡᠨ ᠣᠯᠠᠨ ᠰᠠᠭᠤᠭᠠᠯᠢ ᠠᠷᠠᠳ ᠢ ᠢᠳᠡᠪᠬᠢᠲᠡᠶ ᠪᠠᠷ ᠳᠠᠶᠢᠴᠢᠯᠠᠨ ᠪᠤᠯᠪᠠᠰᠤᠨ | ᠬᠤᠳᠠ ᠶᠢ ᠡᠭᠦᠳᠦᠨ ᠪᠠᠶᠢᠭᠤᠯᠬᠤ ᠬᠠᠯᠠᠭᠤᠨ ᠥᠷᠨᠢᠯᠲᠡ ᠳᠤ ᠣᠷᠣᠯᠴᠠᠭᠤᠯᠤᠨ᠂ ᠪᠦᠬᠦ ᠤᠯᠤᠰ ᠤᠨ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠪᠠ ᠦᠵᠡᠰᠬᠦᠯᠡᠩᠳᠤ ᠰᠠᠶᠢᠬᠠᠨ ᠦᠤᠰᠢᠨ ᠢ ᠪᠦᠲᠦᠭᠡᠨ ᠪᠠᠶᠢᠭᠤᠯᠬᠤ ᠳᠤ ᠬᠤᠪᠢ | ᠨᠡᠮᠡᠷᠢ ᠦᠵᠡᠭᠦᠯᠪᠡ᠃ | ᠪᠦᠬᠦ ᠬᠤᠰᠢᠭᠤᠨ ᠤ ᠡᠯ᠎ᠡ ᠠᠵᠢᠯ ᠲᠥᠷᠥᠯ ᠤᠨ 100 ᠭᠠᠷᠤᠶ ᠰᠠᠶᠢᠨ ᠳᠤᠷᠠᠴᠤᠳ ᠪᠤᠯᠪᠠᠰᠤᠨ ᠬᠤᠲᠠ ᠶᠢ | ᠡᠭᠦᠳᠦᠨ ᠪᠠᠶᠢᠭᠤᠯᠬᠤ ᠠᠵᠢᠯᠯᠠᠭ᠎ᠠ ᠳᠤ ᠣᠷᠣᠯᠴᠠᠵᠤ᠂ ᠲᠡᠳᠡ ᠬᠤᠲᠠ ᠶᠢᠨ ᠡᠮᠬᠢ ᠳᠢᠭᠯᠢᠮ ᠢ ᠬᠠᠮᠠᠭᠠᠯᠠᠵᠤ᠂ | ᠪᠣᠯᠪᠠᠰᠤᠨ ᠢᠶᠠᠷ ᠶᠠᠪᠤᠵᠤ ᠰᠠᠭᠤᠬᠤ ᠶᠢ ᠢᠳᠬᠠᠨ᠂ ᠲᠡᠷᠭᠡ ᠬᠥᠰᠬᠡ ᠪᠠᠨ ᠳᠤᠷ᠎ᠠ ᠪᠠᠷ ᠵᠣᠭᠰᠣᠭᠠᠵᠤ ᠳᠤᠷ᠎ᠠ ᠪᠠᠷ | ᠲᠠᠯᠪᠢᠬᠤ ᠶᠢ ᠴᠡᠭᠴᠡᠯᠡᠨ ᠵᠠᠰᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠭᠰᠠᠨ ᠪᠠᠶᠢᠨ᠎ᠠ᠃ ᠰᠠᠶᠢᠨ | ᠳᠤᠷᠠᠴᠤᠳ ᠮᠠᠨᠢ ᠯᠠᠪᠳᠠᠢ ᠪᠣᠯᠪᠠᠰᠤᠨ ᠤ ᠬᠦᠴᠦᠨ ᠢ ᠲᠠᠮᠵᠢᠭᠤᠯᠤᠨ ᠲᠡᠯᠭᠡᠷᠡᠬᠦᠯᠦᠨ᠎ᠡ ᠭᠡᠳᠡᠭ ᠲᠤ ᠪᠢᠳᠡ ᠢᠲᠡᠭᠡᠵᠦ | ᠪᠠᠶᠢᠨ᠎ᠠ᠃ | ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠠᠶᠢᠨ ᠳᠤᠷᠠᠴᠤᠳ ᠤᠨ ᠬᠤᠪᠴᠠᠰᠤ ᠨᠢ ᠤᠯᠠᠭᠠᠨ᠂ | ᠮᠠᠯᠠᠭᠠᠶ ᠨᠢ ᠤᠯᠠᠭᠠᠨ᠂ ᠴᠤᠬᠢᠯᠠᠵᠤ ᠪᠠᠶᠢᠭ᠎ᠠ ᠭᠠᠯ ᠬᠠᠯᠠᠭᠤᠨ ᠵᠢᠷᠦᠭᠡ ᠰᠡᠳᠬᠢᠯ ᠨᠢ ᠴᠤ ᠤᠯᠠᠭᠠᠨ᠃ ᠲᠡᠳᠡ | ᠨᠠᠷ ᠤᠨ ᠴᠢᠷᠮᠠᠶᠢᠯᠭ᠎ᠠ ᠪᠠᠷ ᠤᠷᠤᠰᠢᠨ ᠰᠠᠭᠤᠷᠢᠰᠢᠵᠤ ᠪᠠᠶᠢᠭ᠎ᠠ ᠬᠤᠳᠠ ᠮᠠᠨᠢ ᠨᠠᠩ ᠠᠮᠢᠵᠢᠷᠠᠯ ᠤᠨ ᠬᠦᠴᠦᠨ ᠲᠠᠢ | ᠪᠣᠯᠪᠠ᠃ ᠪᠠᠶᠠᠷᠯᠠᠯ᠎ᠠ᠂ ᠰᠠᠶᠢᠨ ᠳᠤᠷᠠᠴᠤᠳ ᠡ︕ | | | |