ᠦᠤᠰᠢᠨ ᠬᠤᠰᠢᠭᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠳᠡᠮᠡᠴᠡᠬᠦ ᠳᠤᠮᠳᠠ  ᠰᠢᠷᠭᠠᠭᠤ ᠠᠵᠢᠯᠯᠠᠬᠰᠠᠨ ᠴᠡᠷᠢᠭ ᠠᠴᠠ ᠬᠠᠯᠠᠬᠳᠠᠬᠰᠠᠳ ᠤᠨ ᠰᠠᠶᠢᠨ ᠳᠤᠷᠠᠴᠤᠤᠯ ᠢ ᠱᠠᠩᠨᠠᠨ ᠬᠦᠬᠢᠬᠦᠯᠵᠠᠢ
ᠨᠡᠶᠢᠲᠡᠯᠡᠭᠰᠡᠨ ᠴᠠᠭ᠄
2020-07-21
    ᠳᠦᠷᠦᠬᠦᠭᠡᠨ ᠦᠤᠰᠢᠨ ᠬᠤᠰᠢᠭᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠲᠠᠢ ᠳᠡᠮᠡᠴᠡᠭᠰᠡᠨ ᠴᠡᠷᠢᠭ ᠠᠴᠠ ᠬᠠᠯᠠᠬᠳᠠᠬᠰᠠᠳ ᠤᠨ ᠰᠠᠶᠢᠨ ᠳᠤᠷᠠᠴᠤᠤᠯ ᠢ ᠰᠠᠶᠢᠰᠢᠶᠠᠨ ᠬᠦᠬᠢᠬᠦᠯᠬᠦ ᠬᠤᠷᠠᠯ ᠬᠢᠵᠤ᠂ ᠬᠢᠵᠢᠭ ᠲᠠᠢ ᠳᠡᠮᠡᠴᠡᠬᠦ ᠳᠤᠮᠳᠠ ᠰᠢᠷᠭᠠᠭᠤ ᠠᠵᠢᠯᠯᠠᠬᠰᠠᠨ ᠴᠡᠷᠢᠭ ᠠᠴᠠ ᠬᠠᠯᠠᠬᠳᠠᠬᠰᠠᠳ ᠤᠨ ᠰᠠᠶᠢᠨ ᠳᠤᠷᠠᠴᠤᠤᠯ ᠢ ᠤᠷᠮᠠᠰᠢᠭᠤᠯᠤᠨ ᠵᠤᠷᠢᠬᠵᠢᠭᠤᠯᠤᠬᠰᠠᠨ ᠪᠠᠶᠢᠨ᠎ᠠ᠃     ᠳᠤᠰ ᠰᠠᠶᠢᠰᠢᠶᠠᠨ ᠬᠦᠬᠢᠬᠦᠯᠬᠦ ᠶᠡᠭᠡ ᠬᠤᠷᠠᠯ ᠳᠤ ᠬᠤᠰᠢᠭᠤᠨ ᠤ ᠴᠡᠷᠢᠭ ᠠᠴᠠ ᠬᠠᠯᠠᠬᠳᠠᠬᠰᠠᠳ ᠤᠨ ᠶᠠᠪᠤᠳᠠᠯ ᠤᠨ ᠳᠤᠪᠴᠢᠶ᠎ᠠ᠂ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ᠂ ᠬᠤᠰᠢᠭᠤᠨ ᠤ ᠡᠪᠯᠡᠯ ᠤᠨ ᠬᠤᠷᠢᠶᠠᠨ ᠤ ᠭᠤᠤᠯ ᠬᠠᠷᠢᠭᠤᠴᠠᠯᠭᠠᠳᠠᠨ᠂ ᠡᠯ᠎ᠠ ᠰᠤᠮᠤ ᠰᠢᠶᠠᠩ ᠪᠠᠯᠭᠠᠰᠤᠨ ᠤ ᠴᠡᠷᠢᠭ ᠠᠴᠠ ᠬᠠᠯᠠᠬᠳᠠᠬᠰᠠᠳ ᠤᠨ ᠰᠠᠶᠢᠨ ᠳᠤᠷᠠᠴᠤᠤᠯ ᠤᠨ ᠤᠢᠢᠯᠡᠴᠢᠯᠡᠭᠡᠨ ᠤ ᠠᠩᠬᠢ ᠶᠢᠨ ᠳᠠᠷᠤᠭ᠎ᠠ ᠪᠠ ᠴᠡᠷᠢᠭ ᠠᠴᠠ ᠬᠠᠯᠠᠬᠳᠠᠬᠰᠠᠳ ᠤᠨ ᠰᠠᠶᠢᠨ ᠳᠤᠷᠠᠴᠤᠤᠯ ᠤᠨ ᠤᠢᠢᠯᠡᠴᠢᠯᠡᠭᠡᠨ ᠤ ᠠᠩᠬᠢ ᠶᠢᠨ ᠠᠵᠢᠯᠳᠠᠳ ᠬᠤᠷᠠᠯ ᠳᠤ ᠤᠷᠤᠯᠴᠠᠵᠤ ᠂ ᠬᠢᠵᠢᠭ ᠤᠨ ᠬᠤᠭᠤᠴᠠᠭᠠᠨ ᠳᠤ ᠰᠢᠷᠭᠠᠭᠤ ᠠᠵᠢᠯᠯᠠᠬᠰᠠᠨ ᠰᠠᠶᠢᠨ ᠳᠤᠷᠠᠴᠤᠤᠯ ᠤᠨ ᠤᠢᠢᠯᠡᠴᠢᠯᠡᠭᠡᠨ ᠤ ᠠᠩᠬᠢ ᠶᠢᠨ 224 ᠴᠡᠷᠢᠭ ᠠᠴᠠ ᠬᠠᠯᠠᠬᠳᠠᠬᠰᠠᠳ ᠤᠨ ᠰᠠᠶᠢᠨ ᠳᠤᠷᠠᠴᠤᠤᠯ ᠢ ᠰᠠᠶᠢᠰᠢᠶᠠᠨ ᠬᠦᠬᠢᠬᠦᠯᠦᠭᠰᠡᠨ ᠪᠠᠶᠢᠨ᠎ᠠ᠃     ᠤᠯᠠᠭᠠᠨᠳᠤᠯᠤᠭᠠᠢ ᠪᠠᠯᠭᠠᠰᠤᠨ ᠤ ᠴᠡᠷᠢᠭ ᠠᠴᠠ ᠬᠠᠯᠠᠬᠳᠠᠬᠰᠠᠳ ᠤᠨ ᠰᠠᠶᠢᠨ ᠳᠤᠷᠠᠴᠤᠤᠯ ᠤᠨ ᠤᠢᠢᠯᠡᠴᠢᠯᠡᠭᠡᠨ ᠤ ᠠᠩᠬᠢ ᠶᠢᠨ ᠳᠠᠷᠤᠭ᠎ᠠ ᠰᠡᠴᠡᠨᠰᠦ᠋ᠯᠳᠠ᠄ ︽ᠰᠢᠨ᠎ᠠ ᠴᠠᠭ ᠦᠶ᠎ᠠ ᠶᠢᠨ ᠴᠡᠷᠢᠭ ᠠᠴᠠ ᠬᠠᠯᠠᠬᠳᠠᠬᠰᠠᠳ ᠪᠤᠯᠤᠬᠰᠠᠨ ᠤ ᠬᠤᠪᠢ ᠳᠤ᠂ ᠪᠢᠳᠠ ᠬᠤᠶᠢᠰᠢᠳᠠ ᠰᠢᠨ᠎ᠠ ᠴᠠᠭ ᠦᠶ᠎ᠠ ᠶᠢᠨ ᠪᠤᠯᠪᠠᠰᠤᠨ ᠢ ᠤᠢᠢᠯᠡᠳᠤᠯᠭᠡᠵᠢᠬᠦᠯᠬᠦ ᠠᠵᠢᠯᠯᠠᠭ᠎ᠠ ᠳᠤ ᠦᠷᠬᠦᠯᠵᠢᠯᠡᠨ ᠢᠳᠡᠪᠬᠢᠳᠡᠢ ᠤᠷᠤᠯᠴᠠᠵᠤ᠂ ᠮᠠᠨ ᠤ ᠴᠡᠷᠢᠭ ᠠᠴᠠ ᠬᠠᠯᠠᠬᠳᠠᠬᠰᠠᠳ ᠤᠨ ᠴᠡᠷᠢᠭ ᠠᠴᠠ ᠬᠠᠯᠠᠬᠳᠠᠬᠰᠠᠨ ᠪᠤᠯᠪᠠᠴᠤ ᠴᠡᠷᠢᠭ ᠬᠦᠮᠤᠨ ᠤ ᠴᠤᠭ ᠵᠢᠪᠬᠤᠭ᠎ᠠ ᠪᠠᠨ ᠬᠠᠶᠠᠬᠤ ᠦᠭᠡᠢ ᠵᠤᠷᠢᠭ ᠰᠠᠨᠠᠭ᠎ᠠ ᠶᠢ ᠢᠯᠡᠷᠡᠬᠦᠯᠤᠨ᠂ ᠨᠤᠮᠢᠨ ᠳᠠᠩᠰᠤᠭ ᠦᠤᠰᠢᠨ ᠬᠤᠰᠢᠭᠤᠨ ᠤ ᠪᠦᠳᠤᠭᠡᠨ ᠪᠠᠶᠢᠭᠤᠯᠤᠯᠳᠠ ᠳᠤ ᠦᠪᠡᠷ ᠤᠨ ᠬᠤᠪᠢ ᠨᠡᠮᠡᠷᠢ ᠪᠠᠨ ᠦᠵᠡᠬᠦᠯᠤᠨ᠎ᠠ︾ ᠭᠡᠵᠤ ᠵᠤᠷᠢᠬᠳᠠᠢ ᠶᠠᠷᠢᠵᠤ ᠪᠠᠶᠢᠪᠠ᠃     ᠡᠨᠡ ᠬᠦ ᠰᠠᠶᠢᠰᠢᠶᠠᠨ ᠬᠦᠬᠢᠬᠦᠯᠬᠦ ᠠᠵᠢᠯᠯᠠᠭ᠎ᠠ ᠪᠠᠷ ᠳᠠᠮᠵᠢᠭᠤᠯᠤᠨ᠂ ᠦᠷᠭᠡᠨ ᠤᠯᠠᠨ ᠴᠡᠷᠢᠭ ᠠᠴᠠ ᠬᠠᠯᠠᠬᠳᠠᠬᠰᠠᠳ ᠤᠨ ᠰᠠᠶᠢᠨ ᠳᠤᠷᠠᠴᠤᠤᠯ ᠤᠨ ᠰᠠᠶᠢᠨ ᠳᠤᠷ᠎ᠠ ᠠᠴᠠ ᠪᠠᠨ ᠤᠢᠢᠯᠡᠴᠢᠯᠡᠬᠦ ᠤᠷᠬᠢᠯᠤᠮ᠎ᠠ ᠬᠠᠯᠠᠭᠤᠨ ᠰᠡᠳᠬᠢᠯᠭᠡ ᠪᠠ ᠬᠤᠰᠢᠭᠤᠴᠢ ᠵᠢᠱᠢᠶᠡᠴᠢ ᠤᠢᠢᠯᠡᠳᠤᠯ ᠢ ᠴᠢᠨᠠᠬᠰᠢᠳᠠ ᠪᠠᠳᠠᠷᠠᠭᠤᠯᠵᠤ᠂ ᠰᠢᠨ᠎ᠠ ᠴᠠᠭ ᠦᠶ᠎ᠠ ᠶᠢᠨ ᠪᠤᠯᠪᠠᠰᠤᠨ ᠢ ᠤᠢᠢᠯᠡᠳᠤᠯᠭᠡᠵᠢᠬᠦᠯᠬᠦ ᠠᠵᠢᠯᠯᠠᠭ᠎ᠠ ᠳᠤᠮᠳᠠ ᠳᠡᠳᠡᠨ ᠤ ᠬᠤᠰᠢᠭᠤᠴᠢ ᠵᠢᠱᠢᠶᠡᠴᠢ ᠤᠢᠢᠯᠡᠳᠤᠯ ᠢ ᠤᠯᠠᠮ ᠢᠯᠡᠬᠦᠤ ᠪᠠᠳᠠᠷᠠᠭᠤᠯᠤᠨ᠂ ︽ᠬᠦᠮᠤᠨ ᠪᠤᠯᠭᠠᠨ ᠰᠠᠶᠢᠨ ᠳᠤᠷᠠᠴᠤᠤᠯ ᠪᠤᠯᠵᠤ᠂ ᠬᠦᠮᠤᠨ ᠪᠤᠯᠭᠠᠨ ᠰᠠᠶᠢᠨ ᠳᠤᠷ᠎ᠠ ᠠᠴᠠ ᠪᠠᠨ ᠤᠢᠢᠯᠡᠴᠢᠯᠡᠬᠦ ᠠᠵᠢᠯᠯᠠᠭ᠎ᠠ ᠳᠤ ᠤᠷᠤᠯᠴᠠᠬᠤ︾ ᠤᠬᠢ ᠰᠠᠶᠢᠨ ᠠᠭᠤᠷ ᠠᠮᠢᠰᠬᠤᠯ ᠢ ᠪᠦᠷᠢᠯᠳᠦᠬᠦᠯᠵᠤ ᠪᠤᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号