ᠦᠥᠰᠢᠨ ᠬᠤᠰᠢᠭᠤ᠄ ᠲᠦᠷᠢᠮᠵᠢᠬᠦᠨ ᠬᠦᠳᠡᠯᠮᠤᠷᠢ ᠬᠦᠴᠦᠨ ᠤ ᠲᠠᠪᠴᠠᠩ ᠢᠶᠠᠷ ᠠᠵᠢᠯ ᠤᠯᠭᠤᠯᠳᠠ ᠶᠢ  ᠦᠷᠭᠡᠳᠬᠡᠵᠤ ᠪᠤᠢ
ᠨᠡᠶᠢᠲᠡᠯᠡᠭᠰᠡᠨ ᠴᠠᠭ᠄
2020-07-21
   ᠨᠡᠶᠢᠬᠡᠮ ᠬᠦᠭᠵᠢᠨ ᠬᠦᠮᠦᠰ ᠤᠨ ᠠᠮᠢᠳᠤᠷᠠᠯ ᠤᠨ ᠬᠢᠷᠢ ᠲᠦᠪᠰᠢᠨ ᠲᠡᠭᠡᠭᠰᠢᠯᠡᠬᠦ ᠶᠢ ᠲᠠᠭᠠᠯᠳᠤᠨ ᠦᠢᠯᠡᠴᠢᠯᠡᠬᠡᠨ ᠤ ᠠᠵᠢᠯ ᠲᠦᠷᠦᠯ ᠶᠡᠭᠡ ᠪᠠᠷ ᠨᠡᠮᠡᠭᠳᠡᠵᠦ ᠬᠦᠳᠡᠯᠮᠦᠷᠢ ᠭᠦᠴᠦ ᠲᠤᠲᠠᠭᠳᠠᠬᠤ ᠪᠤᠯᠤᠭᠰᠠᠨ ᠪᠠᠶᠢᠨ᠎ᠠ᠃ ᠡᠭᠦᠨ ᠳᠤ ᠦᠥᠰᠢᠨ ᠬᠤᠰᠢᠭᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠲᠤᠪᠴᠢᠶ᠎ᠠ ᠲᠤᠰᠬᠠᠶᠢᠯᠠᠨ ᠬᠦᠳᠡᠯᠮᠦᠷᠢ ᠬᠦᠴᠦᠨ ᠤ ᠵᠠᠬ᠎ᠠ ᠲᠡᠯᠭᠡᠭᠦᠷ ᠭᠠᠷᠭᠠᠵᠤ᠂ ᠬᠥᠳᠡᠯᠮᠦᠷᠢ ᠬᠦᠴᠦᠨ ᠤ ᠵᠠᠬ᠎ᠠ ᠲᠡᠯᠭᠡᠭᠦᠷ ᠤᠨ ᠠᠵᠢᠯᠴᠢᠨ ᠬᠡᠷᠡᠭᠯᠡᠬᠦ ᠲᠠᠯ᠎ᠠ ᠶᠢᠨ ᠲᠦᠷᠢᠮᠵᠢᠬᠦᠨ ᠪᠤᠰᠤ ᠪᠠᠶᠢᠳᠠᠯ ᠢ ᠵᠢᠷᠤᠮᠵᠢᠭᠤᠯᠤᠭᠰᠠᠨ ᠮᠥᠷᠳᠡᠭᠡᠨ ᠬᠦᠯᠦᠰᠦᠨ ᠠᠵᠢᠯᠴᠢᠨ ᠪᠤᠯᠤᠨ ᠡᠯᠰᠡᠨ ᠬᠡᠷᠡᠭᠯᠡᠬᠦ ᠨᠢᠭᠡᠴᠢ ᠳᠤ ᠪᠠᠳᠤᠯᠠᠭ᠎ᠠ ᠬᠠᠩᠭᠠᠵᠤ ᠦᠭᠬᠦᠭᠰᠡᠨ ᠪᠠᠶᠢᠨ᠎ᠠ᠃    ᠰᠤᠷᠪᠤᠯᠵᠢᠯᠠᠭᠴᠢ ᠦᠷᠯᠦᠬᠡ ᠡᠷᠲᠡ ᠦᠥᠰᠢᠨ ᠬᠤᠰᠢᠭᠤᠨ ᠤ ᠬᠦᠳᠡᠯᠮᠤᠷᠢ ᠬᠦᠴᠦᠨ ᠤ ᠵᠠᠬ᠎ᠠ ᠲᠡᠯᠭᠡᠭᠦᠷ ᠲᠤ ᠬᠦᠷᠬᠦ ᠳᠤ ᠡ᠊ᠨᠳᠡ ᠬᠦᠯᠦᠰᠦᠨ ᠠᠵᠢᠯᠴᠢᠳ ᠶᠠᠭ ᠰᠠᠶᠢᠬᠠᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠲᠤᠪᠴᠢᠶᠠᠨ ᠠᠴᠠ ᠦᠨ᠎ᠡ ᠲᠦᠯᠦᠪᠦᠷᠢ ᠦᠬᠡᠢ ᠬᠠᠩᠭᠠᠵᠤ ᠪᠠᠶᠢᠭ᠎ᠠ ᠨᠢᠭᠡᠳᠦᠯᠲᠡᠢ ᠬᠦᠳᠡᠯᠮᠦᠷᠢ ᠶᠢᠨ ᠬᠤᠪᠴᠠᠰᠤ ᠪᠠᠨ ᠮᠦᠷᠯᠠᠨ ᠠᠪᠴᠠᠭᠠᠵᠤ ᠪᠠᠶᠢᠯ᠎ᠠ᠃ ᠰᠤᠶᠤᠯᠴᠡᠴᠡᠭ ᠨᠦᠬᠦᠷ ᠲᠠᠢ ᠪᠠᠨ ᠬᠤᠶᠠᠭᠤᠯᠠ ᠪᠤᠯ ᠦᠢᠯᠡᠴᠢᠯᠡᠬᠡᠨ ᠤ ᠠᠵᠢᠯᠳᠠᠨ᠂ ᠦᠨᠦᠳᠦᠷ ᠲᠡᠲᠡ ᠬᠤᠶᠠᠭᠤᠯᠠ ᠬᠦᠳᠡᠯᠮᠦᠷᠢ ᠶᠢᠨ ᠬᠤᠪᠴᠠᠰᠤ ᠪᠠᠨ ᠲᠤᠰᠴᠤ ᠠᠪᠤᠭᠠᠳ ᠠᠵᠢᠯ ᠳᠠᠭᠠᠨ ᠭᠠᠷᠬᠤ ᠪᠠᠷ ᠪᠡᠯᠡᠳᠬᠡᠵᠤ ᠪᠠᠶᠢᠯ᠎ᠠ᠃ ︽ᠨᠠᠮ ᠵᠠᠰᠠᠭ ᠠᠴᠠ ᠡᠶᠢᠮᠦ ᠲᠠᠪᠴᠡᠩ ᠭᠠᠷᠭᠠᠭᠰᠠᠨ ᠨᠢ ᠪᠢᠳᠠᠨ ᠤ ᠠᠵᠢᠯ ᠤᠯᠬᠤ ᠳᠤ ᠲᠤᠩ ᠶᠡᠭᠡ ᠲᠦᠬᠦᠮ ᠦᠵᠡᠬᠦᠯᠦᠯ᠎ᠠ ︾ ᠬᠡᠵᠦ ᠰᠤᠶᠤᠯᠴᠡᠴᠡᠭ ᠶᠠᠷᠢᠨ᠎ᠠ᠃    ᠰᠤᠶᠤᠯᠴᠡᠴᠡᠭ ᠤᠨ ᠶᠠᠷᠢᠵᠤ ᠪᠠᠶᠢᠭ᠎ᠠ ᠲᠠᠪᠴᠠᠩ ᠪᠣᠯ ᠲᠠᠷᠤᠢ ᠬᠦᠳᠡᠯᠮᠦᠷᠢ ᠬᠦᠴᠦᠨ ᠤ ᠵᠠᠬ᠎ᠠ ᠲᠡᠯᠬᠡᠬᠦᠷ ᠢ ᠵᠢᠭᠠᠵᠤ ᠪᠠᠶᠢᠭ᠎ᠠ ᠶᠤᠮ᠃ ᠦᠩᠬᠡᠷᠡᠭᠰᠡᠨ ᠳᠤ ᠬᠦᠳᠡᠯᠮᠦᠷᠢ ᠬᠦᠴᠦᠨ ᠤ ᠲᠤᠰᠬᠠᠢ ᠵᠠᠬ᠎ᠠ ᠲᠡᠯᠬᠡᠬᠦᠷ ᠪᠠᠶᠢᠭᠰᠠᠨ ᠦᠬᠡᠢ ᠪᠣᠯᠬᠤᠷ ᠠᠵᠢᠯ ᠡᠷᠢᠭᠴᠢ ᠨᠠᠷ ᠵᠡᠭᠡᠯᠢ ᠶᠢᠨ ᠬᠠᠵᠠᠭᠤ ᠪᠠᠷ ᠬᠦᠯᠢᠶᠠᠨ ᠵᠤᠭᠰᠤᠵᠤ᠂ ᠠᠵᠢᠯ ᠪᠤᠯᠢᠶᠠᠯᠳᠤᠬᠤ ᠮᠡᠲᠦ ᠶᠢᠨ ᠡᠮᠬᠢ ᠵᠠᠮᠪᠠᠷᠠᠭ᠎ᠠ ᠦᠭᠡᠢ ᠪᠠᠶᠢᠳᠠᠯ ᠣᠷᠣᠰᠢᠵᠤ ᠪᠠᠶᠢᠵᠠᠢ᠃ ᠲᠤᠰ ᠵᠠᠬ᠎ᠠ ᠲᠡᠯᠬᠡᠬᠦᠷ ᠪᠠᠶᠢᠭᠤᠯᠤᠭᠳᠠᠭᠰᠠᠨ ᠠᠴᠠ ᠬᠦᠯᠦᠰᠦᠨ ᠠᠵᠢᠯᠴᠢᠳ ᠠᠵᠢᠯ ᠤᠯᠬᠤ ᠳᠤ ᠲᠦᠬᠦᠮ ᠪᠤᠯᠤᠭᠰᠠᠨ ᠮᠦᠷᠳᠡᠬᠡᠨ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠬᠦᠯᠦᠰᠦᠨ ᠠᠵᠢᠯᠴᠢᠳ ᠲᠤ ᠲᠠᠭᠠᠳᠬᠠᠯ ᠮᠦᠩᠭᠦ ᠶᠢ ᠨᠢ ᠤᠷᠤᠯᠠᠨ ᠲᠤᠰᠢᠶᠠᠬᠤ ᠪᠤᠯᠤᠭᠰᠠᠨ ᠢᠶᠠᠷ ᠬᠦᠳᠡᠯᠮᠦᠷᠢ ᠦᠢᠯᠡᠴᠢᠯᠡᠬᠡᠨ ᠤ ᠲᠤᠮᠳᠠ ᠠᠶᠤᠯ ᠬᠡᠨᠡᠳᠡᠯ ᠭᠠᠷᠤᠭᠰᠠᠨ ᠴᠤ ᠪᠠᠳᠤᠯᠠᠭ᠎ᠠ ᠲᠠᠢ ᠪᠣᠯᠵᠠᠢ᠃ ᠲᠤᠰ ᠬᠦᠳᠡᠯᠮᠦᠷᠢ ᠬᠦᠴᠦᠨ ᠤ ᠵᠠᠬ᠎ᠠ ᠲᠡᠯᠬᠡᠬᠦᠷ ᠨᠢ ᠬᠦᠯᠦᠰᠦᠨ ᠠᠵᠢᠯᠴᠢᠳ ᠲᠤ ᠪᠠᠰᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠬᠠᠥᠯᠢ ᠲᠦᠷᠢᠮ ᠢ ᠲᠦᠪᠯᠡᠷᠡᠬᠦᠯᠦᠨ ᠤᠬᠠᠭᠤᠯᠬᠤ ᠲᠦᠯᠦᠪᠦᠷᠢ ᠦᠬᠡᠢ ᠦᠢᠯᠡᠴᠢᠯᠡᠭᠡ ᠶᠢ ᠬᠠᠩᠭᠠᠬᠤ ᠪᠣᠯᠵᠠᠢ᠃    ᠦᠥᠰᠢᠨ ᠬᠤᠰᠢᠭᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠲᠤᠪᠴᠢᠶᠠᠨ ᠤ ᠲᠡᠳ᠋ ᠲᠠᠷᠤᠭ᠎ᠠ ᠪᠢᠯᠢᠭ᠄ ︽ᠡᠨᠡ ᠲᠠᠪᠴᠠᠩ ᠪᠤᠯ ᠬᠦᠮᠦᠰ ᠤᠨ ᠠᠵᠢᠯ ᠮᠡᠷᠬᠡᠵᠢᠯ ᠤᠨ ᠴᠢᠳᠠᠪᠤᠷᠢ ᠳᠤᠨᠢ ᠲᠤᠬᠢᠷᠠᠭᠤᠯᠤᠭᠰᠠᠨ ᠲᠠᠪᠴᠡᠩ ᠪᠠᠶᠢᠵᠤ᠂ ᠠᠵᠢᠯ ᠡᠷᠢᠭᠴᠢ ᠳᠤ ᠲᠦᠬᠦᠮ ᠦᠵᠡᠬᠦᠯᠦᠭᠰᠡᠨ ᠮᠦ᠋ᠷᠳᠡᠬᠡᠨ ᠪᠢᠳᠠᠨ ᠤ ᠪᠠᠲᠤᠯᠠᠬᠤ ᠨᠢᠭᠡᠴᠢ ᠠᠴᠠ ᠬᠦᠮᠦᠰ ᠤᠨ ᠠᠵᠢᠯ ᠬᠦᠳᠡᠯᠮᠦᠷᠢ ᠬᠢᠬᠦ ᠳᠤ ᠬᠦᠯᠦᠰᠦ ᠮᠦᠩᠭᠦ ᠶᠢ ᠨᠢ ᠴᠠᠭ ᠲᠤᠬᠠᠢ ᠳᠤᠨᠢ ᠦᠭᠬᠦ ᠶᠢ ᠪᠠᠲᠤᠯᠠᠵᠤ ᠪᠠᠶᠢᠭ᠎ᠠ ᠶᠤᠮ︾ ᠬᠡᠵᠦ ᠲᠠᠨᠢᠯᠴᠠᠭᠤᠯᠵᠤ ᠪᠠᠶᠢᠯ᠎ᠠ᠃    ᠣᠳᠣᠬᠠᠨ ᠳᠤ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠤ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠶᠡᠭᠡ ᠠᠩᠭᠢ ᠪᠣᠯᠤᠨ ᠠᠵᠢᠯᠴᠢᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠵᠦᠪᠯᠠᠯ ᠤᠨ ᠲᠦᠷ ᠴᠠᠭ ᠤᠨ ᠠᠵᠢᠯᠯᠠᠬᠤ ᠲᠣᠭᠤᠷᠢᠭ᠂ ᠬᠦᠯᠦᠰᠦᠨ ᠠᠵᠢᠯᠴᠢᠨ ᠤ ᠠᠮᠠᠷᠠᠬᠤ ᠲᠣᠭᠤᠷᠢᠭ᠂ ᠪᠤᠯᠪᠠᠰᠤᠷᠠᠯ ᠤᠨ ᠲᠣᠭᠤᠷᠢᠭ᠂ ᠠᠵᠢᠯᠴᠢᠨ ᠡᠯᠰᠡᠭᠦ ᠮᠡᠳᠡᠭᠡ ᠵᠠᠩᠭᠢ ᠨᠡᠶᠢᠲᠡᠯᠡᠬᠦ ᠲᠣᠭᠤᠷᠢᠭ ᠵᠡᠷᠭᠡ ᠶᠢ ᠪᠦᠲᠦᠭᠡᠨ ᠪᠠᠶᠢᠭᠤᠯᠵᠠᠢ᠃ ᠡᠭᠦᠨ ᠤ ᠲᠠᠭᠠᠥ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠬᠦ᠂ ᠠᠵᠢᠯ ᠬᠦᠯᠢᠶᠡᠵᠦ ᠪᠠᠶᠢᠭ᠎ᠠ ᠬᠦᠯᠦᠰᠦᠨ ᠠᠵᠢᠯᠴᠢᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ ᠠᠵᠤ ᠠᠬᠤᠶᠢᠯᠠᠯ ᠳᠤ ᠬᠠᠩᠭᠠᠵᠤ ᠦᠭᠬᠦ ᠵᠡᠷᠭᠡ ᠤᠯᠠᠨ ᠲᠠᠯ᠎ᠠ ᠶᠢᠨ ᠠᠷᠭ᠎ᠠ ᠬᠡᠮᠵᠢᠶ᠎ᠡ ᠠᠪᠴᠤ᠂ ᠬᠦᠯᠦᠰᠦᠨ ᠠᠵᠢᠯᠴᠢᠨ ᠨᠠᠷ ᠤᠨ ᠠᠵᠢᠯ ᠣᠯᠬᠤ ᠤᠷᠤᠨ ᠵᠠᠢ ᠶᠢ ᠥᠷᠭᠡᠳᠬᠡᠵᠤ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号