ᠪᠦᠬᠦ ᠬᠤᠳᠡ ᠶᠢᠨ ᠳᠡᠭᠡᠷ᠎ᠡ ᠬᠠᠭᠠᠰ ᠵᠢᠯ ᠤᠨ ᠠᠵᠣ ᠠᠬᠤᠢ ᠶᠢᠨ ᠡᠷᠬᠢᠯᠲᠡ ᠶᠢᠨ ᠲᠤᠬᠢᠷᠠᠭᠤᠯᠤᠯᠲᠠ ᠶᠢᠨ ᠬᠤᠷᠡᠯ ᠬᠤᠷᠠᠯᠳᠤᠪᠠ
ᠨᠡᠶᠢᠲᠡᠯᠡᠭᠰᠡᠨ ᠴᠠᠭ᠄
2020-07-21
     7 ᠰᠠᠷ᠎ᠠ ᠶᠢᠨ 15 ᠤ ᠡᠳᠣᠷ᠂ ᠬᠤᠳᠡ ᠶᠢᠨ ᠨᠠᠮ ᠤᠨ ᠬᠤᠷᠢᠶᠡᠨ ᠤ ᠳᠡᠳ᠋ ᠱᠦᠵᠢ ᠬᠤᠳᠡ ᠶᠢᠨ ᠳᠠᠷᠤᠭ᠎ᠠ ᠰᠡᠴᠡᠨᠪᠢᠯᠢᠭ ᠪᠦᠬᠦ ᠬᠤᠳᠡ ᠶᠢᠨ ᠳᠡᠭᠡᠷ᠎ᠡ ᠬᠠᠭᠠᠰ ᠵᠢᠯ ᠤᠨ ᠠᠵᠣ ᠠᠬᠤᠢ ᠶᠢᠨ ᠡᠷᠬᠢᠯᠲᠡ ᠶᠢᠨ ᠲᠤᠬᠢᠷᠠᠭᠤᠯᠤᠯᠲᠠ  ᠶᠢᠨ ᠬᠤᠷᠡᠯ ᠢ ᠡᠷᠬᠢᠯᠡᠨ ᠬᠤᠷᠡᠯᠳᠣᠭᠤᠯᠵᠤ ᠪᠦᠬᠦ ᠬᠤᠳᠡ ᠶᠢᠨ ᠳᠡᠭᠡᠷ᠎ᠠ ᠬᠠᠭᠠᠰ ᠵᠢᠯ ᠤᠨ ᠠᠵᠣ ᠠᠬᠤᠢ ᠶᠢᠨ ᠡᠷᠬᠢᠯᠲᠡ ᠪᠣᠯᠣᠨ ᠭᠤᠣᠯᠳᠡᠯᠭ᠎ᠠ ᠲᠠᠢ ᠠᠵᠢᠯ ᠤᠨ ᠠᠬᠢᠯᠲᠠ ᠶᠢᠨ ᠪᠠᠶᠢᠳᠡᠯ ᠤᠨ ᠲᠣᠬᠠᠢ ᠮᠡᠳᠡᠬᠦᠯᠣᠯᠳᠡ ᠶᠢ ᠰᠣᠨᠣᠰᠴᠦ ᠣᠳᠣᠬᠠᠨ ᠤ ᠪᠠᠶᠢᠳᠡᠯ ᠳᠤ ᠵᠠᠳᠠᠯᠣᠯᠳᠡ ᠬᠢᠬᠦ ᠶᠢᠨ ᠬᠠᠮᠲᠤ ᠳᠣᠣᠷ᠎ᠠ ᠬᠠᠭᠠᠰ ᠵᠢᠯ ᠤᠨ ᠠᠵᠢᠯ ᠳᠤ ᠪᠠᠶᠢᠷᠢᠯᠠᠭᠤᠯᠣᠯᠲᠠ ᠲᠣᠬᠢᠷᠡᠭᠤᠯᠣᠯᠳᠡ ᠬᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠠᠭᠤᠯᠠ᠂ ᠬᠤᠰᠢᠭᠤ ᠤᠳᠤᠷᠢᠳᠤᠯᠭ᠎ᠠ ᠵᠸᠤ ᠱᠤᠸᠠᠢ ᠪᠤᠯᠤᠨ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠡᠯ ᠳᠤ ᠤᠷᠤᠯᠴᠠᠪᠠ᠃      ᠰᠡᠴᠡᠨᠪᠢᠯᠢᠭ ᠵᠢᠭᠠᠬᠤ ᠳᠤ ᠪᠠᠨ᠂ ᠡᠨᠡ ᠵᠢᠯ ᠠᠴᠠ ᠨᠠᠰᠢ ᠪᠦᠬᠦ ᠬᠤᠳᠡ ᠪᠠᠷ ᠢᠶᠠᠨ ᠲᠦᠪ ᠤᠨ ︽ᠵᠢᠷᠭᠤᠭ᠎ᠠ ᠶᠢ ᠲᠣᠭᠲᠠᠪᠣᠷᠢᠵᠢᠭᠤᠯᠬᠤ︾ ᠪᠠ ︽ᠵᠢᠷᠭᠤᠭ᠎ᠠ ᠶᠢ ᠪᠠᠳᠣᠯᠠᠬᠤ︾ ᠰᠢᠢᠳᠪᠣᠷᠢᠲᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠬᠦᠨᠵᠡᠭᠡᠢ ᠨᠠᠶᠢᠳᠡᠪᠣᠷᠢᠵᠢᠭᠤᠯᠣᠨ ᠲᠤᠭᠤᠰᠢᠯᠠᠭᠤᠯᠵᠤ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠣ ᠠᠬᠤᠢ ᠨᠡᠶᠢᠬᠡᠮ ᠤᠨ ᠬᠦᠭᠵᠢᠯᠳᠡ ᠶᠢ ᠨᠢᠭᠡᠳᠣᠯᠳᠡᠢ ᠲᠦᠯᠣᠪᠵᠢᠬᠦᠯᠣᠨ ᠠᠬᠢᠭᠤᠯᠣᠭᠰᠠᠨ ᠢᠶᠠᠷ ᠪᠦᠬᠦ ᠬᠤᠳᠡ ᠶᠢᠨ ᠠᠵᠣ ᠠᠬᠤᠢ ᠶᠢᠨ ᠡᠷᠬᠢᠯᠲᠡ ᠲᠣᠭᠲᠠᠭᠤᠨ ᠪᠠᠶᠢᠳᠡᠯ ᠲᠠᠢ ᠪᠠᠷ ᠠᠬᠢᠭᠰᠠᠨ ᠪᠣᠯᠪᠠᠴᠦ ᠣᠷᠣᠭᠤᠳᠠᠨ ᠮᠠᠭᠤᠳᠠᠬᠤ ᠳᠠᠷᠣᠯᠲᠠ ᠪᠠᠰᠠ ᠬᠦᠨᠳᠦ ᠬᠡᠴᠡᠬᠦᠣ ᠣᠷᠣᠰᠢᠵᠤ ᠪᠠᠶᠢᠨ᠎ᠠ᠃ ᠡᠯ᠎ᠠ ᠱᠠᠲᠦ ᠡᠯ᠎ᠠ ᠰᠠᠯᠠᠭ᠎ᠠ ᠮᠦᠴᠢᠷ ᠤᠨ  ᠬᠢᠨ ᠦᠵᠠᠯ ᠰᠠᠨᠠᠭ᠎ᠠ ᠪᠠᠨ ᠨᠢᠭᠡᠳᠣᠬᠦᠯᠬᠦ᠂ ᠣᠳᠣᠬᠠᠨ ᠤ ᠪᠠᠶᠢᠳᠡᠯ ᠢᠶᠠᠨ ᠬᠦᠢᠴᠠᠳ ᠲᠠᠨᠢᠬᠤ ᠪᠠ ᠵᠦᠪ ᠰᠡᠳᠬᠢᠵᠤ ᠪᠤᠳᠤᠯᠬᠢᠯᠠᠬᠤ ᠲᠠᠯ᠎ᠠ ᠪᠠᠷ ᠬᠢ ᠦᠵᠠᠯ ᠣᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠬᠦᠯᠵᠦ ᠣᠳᠣᠬᠠᠨ ᠤ ᠠᠵᠣ ᠠᠬᠤᠢ ᠶᠢ ᠬᠦᠭᠵᠢᠬᠦᠯᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠ ᠪᠠᠴᠢᠮ ᠲᠣᠯᠭᠠᠮ ᠴᠢᠨᠡᠷ ᠢ ᠦᠨᠡᠨ ᠬᠦ ᠰᠠᠶᠢᠨ ᠠᠳᠬᠤᠵᠣ ᠪᠦᠬᠦ ᠬᠤᠳᠡ ᠶᠢᠨ ᠠᠵᠣ ᠠᠬᠤᠢ ᠶᠢᠨ ᠴᠢᠨᠡᠷᠵᠢᠭᠤᠨ ᠬᠦᠭᠵᠢᠯᠲᠡ ᠶᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃      ᠰᠠᠴᠡᠨᠪᠢᠯᠢᠭ ᠴᠢᠬᠤᠯᠠᠴᠢᠯᠠᠬᠤ ᠳᠤ ᠪᠠᠨ᠂ ᠠᠰᠠᠭᠤᠳᠡᠯ ᠢᠶᠠᠷ ᠣᠳᠣᠷᠢᠳᠣᠮᠵᠢ ᠪᠣᠯᠭᠠᠬᠤ᠂ ᠬᠠᠷᠠᠯᠳᠡ ᠵᠣᠷᠢᠯᠲᠠ  ᠪᠠᠷ ᠤᠳᠣᠷᠢᠳᠣᠮᠵᠢ ᠪᠣᠯᠭᠠᠬᠤ᠂ ᠦᠷ᠎ᠡ ᠪᠦᠳᠣᠮᠵᠢ ᠪᠠᠷ ᠤᠳᠣᠷᠢᠳᠣᠮᠵᠢ ᠪᠣᠯᠭᠠᠬᠤ ᠶᠢ ᠴᠢᠩᠭ᠎ᠠ ᠪᠠᠷᠢᠮᠳᠡᠯᠠᠨ ᠳᠣᠣᠷ᠎ᠠ ᠬᠠᠭᠠᠰ ᠵᠢᠯ ᠤᠨ ᠡᠯ᠎ᠠ ᠲᠦᠷᠣᠯ ᠤᠨ ᠭᠤᠣᠯᠳᠡᠯᠭ᠎ᠠ ᠲᠠᠢ ᠠᠵᠢᠯ ᠢᠶᠠᠨ ᠯᠠᠪᠳᠠᠭᠤᠨ ᠪᠠᠲᠤᠳᠠᠢ ᠠᠬᠢᠭᠤᠯᠬᠤ ᠬᠡᠷᠡᠭᠲᠡᠢ᠃ ᠠᠵᠣ ᠠᠬᠤᠢ ᠶᠢᠨ ᠡᠷᠬᠢᠯᠲᠡ ᠶᠢ ᠵᠣᠬᠢᠴᠠᠭᠤᠯᠬᠤ ᠠᠵᠢᠯ ᠢᠶᠠᠨ ᠴᠢᠩᠭᠠᠳᠬᠠᠨ ᠴᠠᠭ ᠤᠨ ᠪᠠᠶᠢᠳᠡᠯ ᠢ ᠡᠵᠡᠮᠰᠢᠨ ᠵᠣᠬᠢᠴᠠᠭᠤᠯᠭ᠎ᠠ ᠬᠢᠵᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠡᠯ ᠢ ᠰᠢᠢᠳᠪᠣᠷᠢᠯᠡᠨ ᠨᠡᠭᠦᠷᠡᠰᠦ᠂ ᠴᠠᠬᠢᠯᠭᠠᠨ ᠬᠦᠴᠣᠨ᠂ ᠬᠢᠮᠢ ᠶᠢᠨ ᠦᠢᠯᠠᠳᠪᠣᠷᠢ ᠵᠡᠷᠬᠡ ᠭᠤᠣᠯᠳᠡᠯᠭ᠎ᠠ ᠲᠠᠢ ᠠᠵᠢᠯ ᠲᠦᠷᠣᠯ ᠤᠨ ᠲᠣᠭᠲᠠᠭᠤᠨ ᠡᠷᠬᠢᠯᠲᠡ ᠶᠢ ᠪᠠᠳᠣᠯᠠᠬᠤ ᠬᠡᠷᠡᠭᠲᠡᠢ᠃ ᠣᠳᠣᠬᠠᠨ ᠤ ᠡᠳ᠋ ᠤᠨ ᠵᠠᠰᠠᠭ‌‍ᠤᠨ ᠣᠷᠣᠯᠭ᠎ᠠ ᠵᠠᠷᠣᠯᠭ᠎ᠠ ᠶᠢᠨ ᠪᠠᠶᠢᠳᠡᠯ ᠢ ᠨᠠᠷᠢᠨ ᠬᠢᠨᠠᠮᠠᠭᠠᠢ ᠵᠠᠳᠠᠯᠣᠨ ᠰᠢᠨᠵᠢᠯᠠᠵᠣ ᠰᠣᠳᠣᠯᠣᠨ ᠮᠠᠭᠠᠳᠯᠠᠵᠣ ᠣᠷᠣᠯᠭ᠎ᠠ ᠶᠢ ᠨᠡᠮᠡᠭᠳᠡᠬᠦᠯᠦᠨ ᠵᠠᠷᠣᠯᠭ᠎ᠠ ᠶᠢ ᠪᠠᠭᠠᠰᠬᠠᠬᠤ ᠠᠵᠢᠯ ᠢ ᠴᠢᠩᠭ᠎ᠠ ᠡᠵᠡᠮᠳᠡᠨ ᠵᠢᠭᠡᠯᠡᠯᠭᠡ ᠶᠢᠨ ᠲᠣᠰᠬᠠᠢ ᠲᠡᠮᠲᠡᠭᠳᠦ ᠶᠢᠨ ᠪᠡᠯᠡ ᠮᠦᠩᠬᠦ ᠶᠢ ᠢᠳᠡᠪᠬᠢᠳᠡᠢ ᠲᠡᠮᠡᠴᠠᠨ ᠤᠯᠵᠤ ᠭᠤᠣᠯᠳᠡᠯᠭ᠎ᠠ ᠲᠠᠢ ᠠᠵᠢᠯ᠂ ᠭᠤᠣᠯᠳᠡᠯᠭ᠎ᠠ ᠲᠠᠢ ᠲᠦᠷᠣᠯ  ᠵᠦᠢᠯ ᠤᠨ ᠪᠡᠯᠡ ᠮᠦᠩᠬᠦᠨ ᠤ ᠱᠠᠭᠠᠷᠳᠡᠯᠭ᠎ᠠ ᠬᠡᠷᠡᠭᠴᠡᠭᠡ ᠶᠢ ᠪᠦᠳᠣᠮᠵᠢᠳᠡᠢ ᠪᠠᠳᠣᠯᠠᠬᠤ ᠬᠡᠷᠡᠭᠲᠡᠢ᠃ ᠭᠤᠣᠯᠳᠡᠯᠭ᠎ᠠ ᠲᠠᠢ ᠲᠦᠷᠣᠯ ᠵᠦᠢᠯ ᠢ ᠨᠢᠭᠡᠳᠣᠯᠳᠡᠢ ᠲᠦᠯᠣᠪᠵᠢᠬᠦᠯᠣᠨ ᠠᠬᠢᠭᠤᠯᠬᠤ ᠬᠤᠯᠪᠣᠭᠠᠯᠠᠬᠰᠠᠨ ᠪᠠᠶᠢᠭᠤᠯᠣᠮᠵᠢ ᠪᠠᠨ ᠴᠢᠩᠭᠠᠳᠬᠠᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ ᠴᠢᠷᠮᠠᠶᠢᠨ ᠲᠣᠭᠲᠠᠪᠣᠷᠢᠵᠢᠭᠤᠯᠬᠤ ᠬᠡᠷᠡᠭᠲᠡᠢ᠃ ᠲᠣᠮᠳᠡ ᠪᠠᠭ᠎ᠠ ᠵᠢᠵᠢᠭ ᠠᠵᠣ ᠠᠬᠤᠶᠢᠯᠠᠯ᠂ ᠬᠤᠪᠢ‌‍ᠶᠢᠨ ᠠᠵᠤ ᠦᠢᠯᠡᠳᠪᠣᠷᠢ ᠬᠤᠳᠡᠯᠳᠣᠭᠠᠨ ᠤ ᠡᠷᠣᠭᠡ ᠶᠢᠨ ᠡᠷᠡᠬᠦᠯ ᠬᠦᠭᠵᠢᠯᠲᠡ ᠶᠢ ᠴᠢᠷᠮᠠᠶᠢᠨ ᠠᠬᠢᠭᠤᠯᠵᠤ ᠵᠠᠬ᠎ᠠ ᠳᠡᠯᠭᠡᠬᠦᠷ‌‍ᠦᠨ ᠭᠤᠣᠯ ᠴᠣᠭᠴᠠ ᠪᠣᠯᠣᠨ ᠬᠡᠷᠡᠭᠯᠡᠭᠡ ᠶᠢᠨ ᠠᠮᠢᠵᠢᠷᠠᠯ ᠤᠨ ᠬᠦᠴᠣᠨ ᠢ ᠲᠠᠰᠣᠷᠡᠯᠳᠡ ᠦᠭᠡᠢ ᠬᠦᠭᠵᠢᠭᠡᠬᠦ ᠬᠡᠷᠡᠭᠲᠡᠢ᠃ ᠠᠵᠢᠯ ᠣᠯᠭᠤᠯᠲᠠ ᠶᠢᠨ ᠦᠢᠯᠡᠴᠢᠯᠡᠭᠡ ᠪᠠᠨ ᠴᠢᠷᠮᠠᠶᠢᠨ ᠰᠢᠯᠢᠳᠡᠭᠵᠢᠬᠦᠯᠵᠦ ᠬᠠᠩᠭᠠᠯᠭ᠎ᠠ ᠬᠡᠷᠡᠭᠴᠡᠭᠡ ᠶᠢ ᠠᠵᠢᠯ ᠲᠦᠷᠣᠯ ᠳᠤ ᠨᠢ ᠵᠣᠬᠢᠴᠠᠭᠤᠯᠣᠨ ᠴᠢᠩᠭ᠎ᠠ ᠠᠪᠴᠠᠯᠳᠤᠭᠤᠯᠵᠤ ᠶᠡᠭᠡ ᠳᠡᠭᠡᠳᠦ ᠰᠣᠷᠭᠠᠭᠤᠯᠢ ᠲᠡᠭᠦᠰᠦᠭᠰᠡᠨ ᠤᠶᠤᠲᠠᠳ ᠪᠣᠯᠣᠨ ᠮᠠᠯᠴᠢᠨ ᠲᠠᠷᠢᠶᠠᠴᠢᠨ ᠵᠡᠷᠬᠡ ᠭᠤᠣᠯᠳᠠᠯᠭ᠎ᠠ ᠲᠠᠢ ᠣᠯᠠᠨ ᠲᠦᠮᠡᠨ ᠳᠤ ᠠᠵᠢᠯ ᠣᠯᠭᠤᠬᠤ ᠶᠢ ᠴᠢᠷᠮᠠᠶᠢᠨ ᠪᠠᠶᠠᠯᠠᠬᠦᠯᠬᠦ ᠬᠡᠷᠡᠭᠲᠡᠢ᠃ ᠠᠷᠠᠳ ᠤᠨ ᠠᠮᠢᠳᠣᠷᠡᠯ ᠤᠨ ᠬᠠᠮᠤᠭ ᠤᠨ ᠦᠨᠳᠣᠰᠣᠨ ᠪᠠᠳᠣᠯᠠᠭ᠎ᠠ ᠶᠢ ᠬᠠᠩᠭᠠᠬᠤ ᠠᠵᠢᠯ ᠢᠶᠠᠨ ᠴᠢᠩᠭᠠᠳᠬᠠᠨ ᠭᠡᠷ ᠪᠠᠶᠢᠰᠢᠩ ᠭᠠᠵᠡᠷ ᠬᠦᠷᠣᠩᠭᠡ ᠶᠢᠨ ᠬᠦᠷᠢᠶ᠎ᠡ ᠴᠠᠷᠠᠭᠠᠨ ᠤ ᠦᠯᠡᠳᠡᠭᠳᠡᠯ ᠠᠰᠠᠭᠤᠳᠡᠯ ᠢ ᠰᠢᠢᠳᠪᠣᠷᠢᠯᠠᠬᠦ ᠡᠷᠴᠢᠮ ᠢᠶᠠᠨ ᠦᠷᠬᠦᠯᠵᠢᠯᠠᠨ ᠴᠢᠩᠭᠠᠷᠠᠭᠤᠯᠣᠨ ︽ᠭᠤᠷᠪᠡᠨ ᠶᠡᠭᠡ ᠪᠣᠭᠤᠮᠳᠡ ᠰᠢᠪᠳᠣᠯᠬᠤ ᠲᠠᠶᠢᠯᠠᠯᠳᠣᠭᠠᠨ︾᠂ ᠬᠦᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ᠂ ᠠᠮᠢ ᠠᠬᠤᠢ ᠶᠢᠨ ᠪᠦᠳᠣᠭᠡᠨ ᠪᠠᠶᠢᠭᠤᠯᠣᠯᠳᠠ ᠵᠡᠷᠬᠡ ᠠᠵᠢᠯ ᠢ ᠨᠢᠭᠡᠳᠣᠯᠳᠡᠢ ᠲᠦᠯᠣᠪᠵᠢᠬᠦᠯᠦᠨ ᠠᠳᠬᠤᠵᠣ ᠤᠯᠠᠨ ᠲᠦᠮᠡᠨ ᠤ ᠵᠣᠯ ᠵᠢᠷᠭᠠᠯ ᠪᠣᠯᠣᠨ ᠠᠰᠢᠭ ᠬᠦᠷᠲᠡᠭᠰᠡᠨ ᠲᠦᠷᠦᠭᠳᠡᠯ ᠢ ᠨᠢ ᠨᠡᠮᠡᠭᠳᠡᠬᠦᠯᠬᠦ ᠬᠡᠷᠡᠭᠲᠡᠢ᠃ ᠠᠯᠣᠰ ᠢᠷᠡᠭᠡᠳᠦᠢ ᠶᠢᠨ ᠬᠦᠭᠵᠢᠯᠳᠡ ᠶᠢᠨ ᠲᠣᠬᠠᠢ ᠰᠠᠳᠬᠢᠵᠤ ᠲᠤᠮᠤ ᠣᠴᠢᠷ ᠢ ᠠᠳᠬᠤᠨ ᠪᠦᠬᠦ ᠵᠢᠯ ᠤᠨ ᠡᠭᠦᠷᠭᠡ ᠬᠠᠷᠠᠯᠲᠠ ᠪᠠᠨ ᠴᠢᠷᠮᠠᠶᠢᠨ ᠪᠡᠶᠡᠯᠡᠬᠦᠯᠦᠭᠰᠡᠨ ᠰᠠᠭᠤᠷᠢᠨ ᠳᠡᠭᠡᠷ᠎ᠡ ︽ᠠᠷᠪᠠᠨ ᠳᠦᠷᠪᠡᠳᠣᠭᠡᠷ ᠲᠠᠪᠣᠨ ᠵᠢᠯ ᠤᠨ ᠲᠦᠯᠣᠪᠵᠢᠬᠦᠯᠭᠡ︾ ᠶᠢᠨ ᠠᠵᠢᠯ ᠢ ᠢᠳᠡᠪᠬᠢᠳᠡᠢ  ᠲᠦᠯᠣᠪᠵᠢᠬᠦᠯᠬᠦ ᠬᠡᠷᠡᠭᠲᠡᠢ ᠭᠡᠵᠡᠢ᠃      ᠰᠡᠴᠡᠨᠪᠢᠯᠢᠭ ᠱᠠᠭᠠᠷᠳᠡᠬᠤ ᠳᠤ ᠪᠠᠨ᠂ ᠡᠯ᠎ᠠ ᠱᠠᠲᠦ ᠡᠯ᠎ᠠ ᠰᠠᠯᠠᠭ᠎ᠠ ᠮᠦᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠳᠠᠢ ᠰᠠᠶᠢᠨ ᠨᠠᠶᠢᠳᠡᠪᠣᠷᠢᠵᠢᠭᠤᠯᠵᠤ ᠠᠵᠢᠯ ᠤᠨ ᠲᠣᠭᠲᠠᠯᠴᠠᠭ᠎ᠠ ᠪᠠᠨ ᠰᠢᠨᠠᠴᠢᠯᠠᠨ ᠠᠵᠢᠯ ᠢ ᠡᠵᠡᠮᠳᠡᠬᠦ ᠡᠷᠬᠡ ᠪᠠᠨ ᠴᠢᠩᠭ᠎ᠠ ᠡᠵᠡᠮᠳᠡᠵᠦ ︽ᠵᠢᠷᠭᠤᠭ᠎ᠠ ᠶᠢ ᠲᠣᠭᠲᠠᠪᠣᠷᠢᠵᠢᠭᠤᠯᠬᠤ︾ ᠪᠠ ︽ᠵᠢᠷᠭᠤᠭ᠎ᠠ ᠶᠢ ᠪᠠᠳᠣᠯᠠᠬᠤ︾ ᠡᠭᠦᠷᠭᠡ ᠪᠠᠨ ᠴᠢᠷᠮᠠᠶᠢᠨ ᠪᠠᠶᠠᠯᠠᠬᠦᠯᠵᠣ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠬᠡᠷᠡᠭᠲᠡᠢ ᠭᠡᠰᠡᠨ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号