ᠰᠢ ᠶᠢᠨ ᠫᠢᠩ ᠫᠠᠯᠧᠰᠲ᠋ᠠᠶᠢᠨ ᠤᠯᠤᠰ ᠤᠨ ᠶᠡᠷᠦᠩᠬᠡᠶᠢᠯᠡᠭᠴᠢ ᠠᠪᠠᠰ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-07-21
     ᠤᠯᠤᠰ ᠤᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 20 ᠤ ᠤᠷᠤᠢ ᠫᠠᠯᠧᠰᠲ᠋ᠠᠶᠢᠨ ᠤᠯᠤᠰ ᠤᠨ ᠶᠡᠷᠦᠩᠬᠡᠶᠢᠯᠡᠭᠴᠢ ᠠᠪᠠᠰ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠫᠠᠯᠧᠰᠲ᠋ᠠᠶᠢᠨ ᠤ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠳᠡᠮᠡᠴᠡᠵᠦ ᠪᠠᠶᠢᠭ᠎ᠠ ᠶᠢ ᠴᠢᠩ ᠰᠡᠳᠬᠢᠯ ᠠᠴᠠ ᠪᠠᠨ ᠲᠣᠬᠤᠨᠢᠭᠤᠯᠵᠦ ᠡᠷᠡᠰ ᠲᠡᠮᠵᠢᠵᠦ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠳᠤᠮᠳᠠᠳᠤ ᠫᠠᠯᠧᠰᠲ᠋ᠠᠶᠢᠨ ᠪᠣᠯ ᠰᠠᠶᠢᠨ ᠠᠬ᠎ᠠ ᠳᠡᠭᠦᠦ᠂ ᠰᠠᠶᠢᠨ ᠨᠠᠶᠢᠵᠠ᠂ ᠰᠠᠶᠢᠨ ᠬᠠᠨᠢᠲᠠᠨ ᠮᠥᠨ᠂ ᠬᠤᠶᠠᠷ ᠲᠠᠯ᠎ᠠ ᠪᠠᠷ ᠢᠶᠠᠨ ᠢᠮᠠᠭᠲᠠ ᠬᠠᠷᠢᠯᠴᠠᠨ ᠢᠲᠡᠭᠡᠵᠦ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ‌‍ᠳᠤ ᠬᠤᠯᠪᠣᠭᠳᠠᠬᠤ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠡᠷᠡᠰ ᠲᠡᠮᠵᠢᠭᠰᠡᠭᠡᠷ ᠢᠷᠡᠵᠠᠢ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠳᠤᠮᠳᠠᠳᠤ ᠤᠯᠤᠰ ᠫᠠᠯᠧᠰᠲ᠋ᠠᠶᠢᠨ ᠤ ᠲᠠᠯ᠎ᠠ ᠶᠢᠨ ᠬᠢᠨ ᠳᠤ ᠬᠢᠵᠢᠭ ᠲᠠᠢ ᠳᠡᠮᠡᠴᠡᠬᠦ ᠡᠳ᠋ ᠪᠣᠳᠠᠰ ᠤᠨ ᠲᠤᠰᠠᠯᠠᠮᠵᠢ ᠬᠠᠩᠭᠠᠵᠤ᠂ ᠬᠢᠵᠢᠭ ᠲᠠᠢ ᠳᠡᠮᠡᠴᠡᠬᠦ ᠡᠮᠴᠢᠯᠡᠬᠡᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠣᠮᠢᠯᠠᠨ᠂ ᠳᠤᠮᠳᠠᠳᠤ ᠫᠠᠯᠧᠰᠲ᠋ᠠᠶᠢᠨ ᠤ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯᠲᠡᠨ ᠤ ᠸᠢᠳᠢᠣ᠋ ᠪᠠᠷ ᠰᠤᠯᠢᠯᠴᠠᠭ᠎ᠠ ᠬᠢᠬᠦ ᠶᠢ ᠣᠯᠠᠨ ᠤᠳᠠᠭ᠎ᠠ ᠵᠣᠬᠢᠶᠠᠨ ᠪᠠᠶᠢᠭᠤᠯᠤᠬᠰᠠᠨ ᠪᠦᠬᠡᠳ ᠫᠠᠯᠧᠰᠲ᠋ᠠᠶᠢᠨ ᠤ ᠭᠠᠴᠢᠭᠳᠠᠯᠳᠤ ᠠᠷᠠᠳ ᠲᠤ ᠬᠢᠵᠢᠭ ᠲᠠᠢ ᠳᠡᠮᠡᠴᠡᠬᠦ ᠬᠠᠪᠰᠤᠷᠤᠯᠭ᠎ᠠ ᠦᠵᠡᠭᠦᠯᠦᠭᠰᠡᠨ ᠪᠠᠶᠢᠨ᠎ᠠ᠃ ᠳᠤᠮᠳᠠᠳᠤ ᠤᠯᠤᠰ ᠦᠷᠬᠦᠯᠵᠢᠯᠡᠨ ᠫᠠᠯᠧᠰᠲ᠋ᠠᠶᠢᠨ ᠤ ᠬᠢᠨ ᠲᠠᠢ ᠲᠤᠷᠰᠢᠯᠭ᠎ᠠ ᠪᠠᠨ ᠦᠯᠡᠳᠡᠭᠡᠯ ᠦᠭᠡᠢ ᠬᠤᠪᠢᠶᠠᠯᠴᠠᠵᠥ᠂ ᠴᠢᠳᠠᠯ ᠤᠨ ᠢᠶᠠᠨ ᠬᠢᠷᠢ ᠪᠠᠷ ᠡᠳ᠋ ᠪᠣᠳᠠᠰ ᠪᠣᠯᠤᠨ ᠮᠡᠷᠭᠡᠵᠢᠯ ᠤᠨ ᠳᠡᠮᠵᠢᠯᠭᠡ ᠬᠠᠩᠭᠠᠬᠤ ᠪᠦᠬᠡᠳ ᠫᠠᠯᠧᠰᠲ᠋ᠠᠶᠢᠨ ᠤ ᠬᠡᠷᠡᠭᠴᠡᠭᠡ ᠶᠢ ᠦᠨᠳᠦᠰᠦᠯᠡᠨ ᠫᠠᠯᠧᠰᠲ᠋ᠠᠶᠢᠨ ᠤ ᠠᠵᠤ ᠠᠬᠤᠶ ᠶᠢ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠥᠷᠥᠯ ᠵᠦᠶ᠋ᠯ ᠢ ᠦᠷᠭᠦᠯᠵᠢᠯᠡᠨ ᠬᠡᠷᠡᠭᠵᠢᠭᠦᠯᠵᠥ᠂ ᠫᠠᠯᠧᠰᠲ᠋ᠠᠶᠢᠨ ᠤ ᠠᠷᠠᠳ ᠲᠦᠮᠡᠨ ᠳᠤ ᠨᠡᠩ ᠤᠯᠠᠨ ᠨᠡᠩ ᠰᠠᠶᠢᠨ ᠠᠰᠢᠭ ᠬᠦᠷᠲᠡᠭᠡᠨ᠎ᠡ᠃ ᠳᠤᠮᠳᠠᠳᠤ ᠤᠯᠤᠰ ᠳᠤᠷᠠᠲᠠᠶ᠎ᠠ ᠫᠠᠯᠧᠰᠲ᠋ᠠᠶᠢᠨ ᠵᠡᠷᠭᠡ ᠡᠯ᠎ᠡ ᠤᠯᠤᠰ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ‌ᠢ ᠳᠡᠮᠵᠢᠨ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠫᠠᠯᠧᠰᠲ᠋ᠠᠶᠢᠨ ᠤ ᠠᠰᠠᠭᠤᠳᠠᠯ ᠪᠣᠯ ᠢᠮᠠᠭᠲᠠ ᠳᠤᠮᠳᠠᠳᠤ ᠳᠣᠷᠣᠨᠠᠲᠤ ᠣᠷᠣᠨ ᠤ ᠭᠤᠤᠯ ᠠᠰᠠᠭᠤᠳᠠᠯ ᠪᠣᠯᠤᠨ᠎ᠠ᠂ ᠭᠠᠵᠠᠷ ᠤᠷᠤᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠳᠤ ᠬᠤᠯᠪᠣᠭᠳᠠᠵᠥ᠂ ᠳᠡᠯᠡᠬᠡᠶ ᠶᠢᠨ ᠲᠥᠪ ᠭᠤᠤᠯᠴᠢ ᠰᠢᠳᠤᠷᠭᠤ ᠶᠣᠰᠣ ᠳᠤ ᠬᠤᠯᠪᠣᠭᠳᠠᠵᠤ᠂ ᠬᠥᠮᠦᠨ ᠲᠥᠷᠥᠯᠬᠢᠲᠡᠨ ᠤ ᠨᠢᠩᠵᠢᠨ ᠰᠡᠳᠭᠢᠯ ᠢᠳᠡᠭᠡᠯ ᠬᠦᠨᠳᠦ ᠲᠠᠢ ᠬᠤᠯᠪᠣᠭᠳᠠᠵᠤ ᠪᠠᠶᠢᠭ᠎ᠠ ᠶᠤᠮ᠃ ᠫᠠᠯᠧᠰᠲ᠋ᠠᠶᠢᠨ ᠤ ᠠᠰᠠᠭᠤᠳᠠᠯ ᠤᠨ ᠲᠤᠬᠠᠢ ᠳᠤᠮᠳᠠᠳᠤ ᠤᠯᠤᠰ ᠤᠨ ᠵᠣᠭᠰᠣᠯᠲᠠ ᠪᠣᠯ ᠢᠮᠠᠭᠲᠠ ᠶᠢᠨ ᠪᠥᠭᠡᠳ ᠲᠣᠳᠣᠷᠬᠠᠢ ᠶᠤᠮ᠃ ᠪᠢᠳᠡ ᠫᠠᠯᠧᠰᠲ᠋ᠠᠶᠢᠨ ᠤ ᠬᠢᠨ ᠤ ᠰᠢᠳᠤᠷᠭᠤ ᠶᠣᠰᠣᠨ ᠤ ᠬᠦᠰᠡᠯ ᠱᠠᠭᠠᠷᠳᠠᠯᠭ᠎ᠠ ᠶᠢ ᠡᠷᠡᠰ ᠲᠡᠮᠵᠢᠵᠤ᠂ ᠫᠠᠯᠧᠰᠲ᠋ᠠᠶᠢᠨ ᠤ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠲᠡᠮᠵᠢᠨ᠎ᠠ᠃ ᠳᠤᠮᠳᠠᠳᠤ ᠤᠯᠤᠰ ︽ᠬᠤᠶᠠᠷ ᠤᠯᠤᠰ ᠤᠨ ᠲᠥᠰᠦᠯ︾ ᠤᠨ ᠵᠥᠪ ᠴᠢᠭᠯᠡᠯ ᠢ ᠪᠠᠷᠢᠮᠲᠠᠯᠠᠵᠤ᠂ ᠡᠷᠬᠡ ᠲᠡᠭᠰᠢ ᠪᠠᠷ ᠶᠠᠷᠢᠯᠴᠠᠭ᠎ᠠ ᠬᠡᠯᠡᠯᠴᠡᠭᠡ ᠬᠢᠬᠦ ᠶᠢ ᠪᠠᠷᠢᠮᠲᠠᠯᠠᠨ᠎ᠠ᠂ ᠳᠡᠯᠡᠬᠡᠶ ᠨᠡᠶᠢᠭᠡᠮ ᠢᠶᠠᠷ ᠢᠶᠠᠨ ᠪᠤᠰᠤᠳᠴᠢ ᠲᠥᠪ ᠭᠤᠤᠯᠴᠢ ᠵᠣᠭᠰᠣᠯᠳᠠ ᠶᠢ ᠪᠠᠷᠢᠮᠲᠠᠯᠠᠵᠤ᠂ ᠡᠩᠬᠡ ᠲᠠᠶᠢᠪᠤᠩ ᠢ ᠠᠬᠢᠭᠤᠯᠬᠤ ᠴᠢᠷᠮᠠᠶᠢᠯᠭ᠎ᠠ ᠶᠢ ᠨᠢᠭᠲᠠᠷᠠᠭᠤᠯᠪᠠᠯ ᠵᠤᠬᠢᠨ᠎ᠠ᠃ ᠳᠤᠮᠳᠠᠳᠤ ᠤᠯᠤᠰ ᠳᠤᠷᠠᠲᠠᠶ᠎ᠠ ᠫᠠᠯᠧᠰᠲ᠋ᠠᠶᠢᠨ ᠤ ᠠᠰᠠᠭᠤᠳᠠᠯ ᠢ ᠡᠷᠳᠡᠬᠡᠨ ᠪᠦᠬᠦ ᠲᠠᠯ᠎ᠠ ᠪᠠᠷ᠂ ᠲᠥᠪ ᠭᠤᠣᠯᠴᠢ ᠪᠠᠷ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠬᠦ ᠳᠤ ᠦᠷᠭᠦᠯᠵᠢᠯᠡᠨ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃      ᠠᠪᠠᠰ᠂ ᠫᠠᠯᠧᠰᠲ᠋ᠠᠶᠢᠨ ᠤ ᠬᠢᠨ ᠳᠤᠮᠳᠠᠳᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠳᠡᠮᠡᠴᠡᠬᠦ ᠲᠠᠯ᠎ᠠ ᠪᠠᠷ ᠣᠯᠤᠭᠰᠠᠨ ᠴᠢᠬᠤᠯᠠ ᠠᠮᠵᠢᠯᠲᠠ ᠶᠢ ᠥᠨᠳᠥᠷ ᠦᠨᠡᠯᠡᠵᠦ ᠪᠤᠢ᠂ ᠳᠤᠮᠳᠠᠳᠤ ᠶᠢᠨ ᠬᠢᠨ ᠤ ᠫᠠᠯᠧᠰᠲ᠋ᠠᠶᠢᠨ ᠤ ᠬᠢᠵᠢᠭ ᠲᠠᠢ ᠳᠡᠮᠡᠴᠡᠬᠦ ᠳᠤ ᠴᠠᠭ ᠲᠤᠬᠠᠶ ᠳᠤᠨᠢ ᠡᠷᠬᠢᠮ ᠨᠠᠨᠳᠢᠨ ᠳᠡᠮᠵᠢᠯᠭᠡ ᠲᠤᠰᠠᠯᠠᠮᠵᠢ ᠦᠵᠡᠭᠦᠯᠵᠥ᠂ ᠫᠠᠯᠧᠰᠲ᠋ᠠᠶᠢᠨ ᠤ ᠠᠰᠠᠭᠤᠳᠠᠯ ᠳᠤ ᠢᠮᠠᠭᠲᠠ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠫᠠᠯᠧᠰᠲ᠋ᠠᠶᠢᠨ ᠤ ᠠᠷᠠᠳ ᠲᠦᠮᠡᠨ ᠤ ᠵᠦᠢ ᠶᠣᠰᠣᠨ ᠤ ᠡᠷᠬᠡ ᠠᠰᠢᠭ ᠢ ᠬᠠᠮᠠᠭᠠᠯᠠᠬᠰᠠᠨ ᠳᠤ ᠳᠠᠯᠠᠷᠬᠠᠵᠥ ᠪᠠᠶᠢᠨ᠎ᠠ᠃ ᠳᠤᠮᠳᠠᠳᠤ ᠤᠯᠤᠰ ᠪᠣᠯ ᠫᠠᠯᠧᠰᠲ᠋ᠠᠶᠢᠨ ᠤ ᠠᠷᠠᠳ ᠲᠦᠮᠡᠨ ᠤ ᠬᠠᠮᠤᠭ ᠤᠨ ᠢᠲᠡᠭᠡᠯᠲᠡᠢ ᠨᠠᠶᠢᠵᠠ ᠪᠣᠯᠬᠤ ᠶᠢ ᠪᠣᠳᠠᠲᠤ ᠶᠠᠪᠤᠳᠠᠯ ᠲᠠᠬᠢᠨᠳᠠ ᠭᠡᠷᠡᠴᠢᠯᠡᠪᠡ᠃ ᠫᠠᠯᠧᠰᠲ᠋ᠠᠶᠢᠨ ᠤ ᠬᠢᠨ ᠦᠷᠭᠦᠯᠵᠢᠯᠡᠨ ᠳᠤᠮᠳᠠᠳᠤ ᠤᠯᠤᠰ ᠲᠠᠢ ᠬᠠᠮᠲᠤ ᠵᠣᠭᠰᠣᠵᠤ᠂ ᠰᠢᠶᠠᠩᠭᠠᠩ᠂ ᠰᠢᠨᠵᠢᠶᠠᠩ ᠵᠡᠷᠭᠡ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠤ ᠳᠤᠮᠳᠠᠳᠤ ᠤᠯᠤᠰ ᠤᠨ ᠵᠦᠢ ᠶᠣᠰᠣᠨ ᠤ ᠵᠣᠭᠰᠣᠯᠳᠠ ᠶᠢ ᠡᠷᠡᠰ ᠲᠡᠮᠵᠢᠨ᠎ᠠ᠃ ᠫᠠᠯᠧᠰᠲ᠋ᠠᠶᠢᠨ ᠤ ᠬᠢᠨ ᠳᠤᠮᠳᠠᠳᠤ ᠤᠯᠤᠰ ᠫᠠᠯᠧᠰᠲ᠋ᠠᠶᠢᠨ ᠤ ᠠᠰᠠᠭᠤᠳᠠᠯ ᠢ ᠲᠥᠪ ᠭᠤᠣᠯᠴᠢ ᠪᠠᠷ ᠰᠢᠢᠳᠪᠦᠷᠢᠯᠡᠬᠦ ᠶᠢ ᠠᠬᠢᠭᠤᠯᠬᠤ ᠳᠤ ᠨᠡᠩ ᠴᠢᠬᠤᠯᠠ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠬᠡᠵᠥ ᠢᠯᠡᠳᠬᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号