ᠮᠠᠯᠴᠢᠨ ᠤ ᠰᠡᠳᠬᠢᠯ ᠳᠤ ᠬᠦᠷᠦᠭᠰᠡᠨ ᠲᠡᠷᠬᠡᠳᠡ ᠶᠢᠨ ᠰᠠᠶᠢᠬᠠᠨ ᠤᠯᠠᠭᠠᠨᠮᠦ᠋ᠴᠢᠷ
ᠨᠡᠶᠢᠲᠡᠯᠡᠭᠰᠡᠨ ᠴᠠᠭ᠄
2020-07-21
    ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠮᠠᠨᠳᠤᠭᠤᠯᠬᠤ ᠪᠠ ᠪᠣᠬᠢᠷᠲᠤᠯ ᠦᠭᠡᠢ ᠦᠦᠰᠢᠨ ᠬᠤᠰᠢᠭᠤᠨ ᠤ ᠬᠥᠭᠵᠢᠯᠲᠡ ᠶᠢᠨ ᠦᠵᠡᠯᠲᠡ ᠶᠢ ᠦᠢᠯᠡᠳᠦᠯᠬᠡᠵᠢᠬᠦᠯᠬᠦ ᠪᠠᠷ᠂ ᠥᠢᠷ᠎ᠠ ᠳᠤ ᠦᠦᠰᠢᠨ ᠬᠤᠰᠢᠭᠤᠨ ᠤ ᠤᠯᠠᠭᠠᠨᠮᠥ᠋ᠴᠢᠷ ᠲᠤᠭ ᠪᠠᠯᠭᠠᠰᠤᠨ ᠤ ᠬᠤᠸᠠᠲᠣᠯᠣᠭᠠᠢ ᠭᠠᠴᠠᠭ᠎ᠠ ᠶᠢᠨ ᠪᠠᠶᠠᠨᠨᠠᠭᠤᠷ ᠤᠨ ᠲᠠᠯ᠎ᠠ ᠨᠤᠲᠤᠭ ᠲᠤ ᠭᠦᠨᠵᠡᠭᠡᠶᠢᠷᠡᠨ ︽ᠤᠯᠠᠭᠠᠨᠮᠦ᠋ᠴᠢᠷ ᠤᠨ ᠰᠠᠷ᠎ᠠ · ᠠᠯᠢᠪᠠ ᠪᠦᠬᠦᠨ ᠠᠷᠠᠳ ᠲᠦᠮᠡᠨ ᠤ ᠲᠥᠯᠥᠭᠡ︾ ᠰᠣᠶᠣᠯ ᠢᠶᠠᠷ ᠠᠷᠠᠳ ᠢ ᠲᠤᠰᠠᠯᠠᠬᠤ ᠠᠵᠢᠯᠯᠠᠭ᠎ᠠ ᠦᠷᠨᠢᠬᠦᠯᠵᠦ᠂ ᠲᠤᠬᠠᠢ ᠶᠢᠨ ᠭᠠᠵᠠᠷ ᠤᠨ ᠮᠠᠯᠴᠢᠳ ᠲᠤ ᠨᠢᠭᠡᠨ ᠤᠳᠠᠭᠠᠨ ᠤ ᠭᠤᠶᠢᠳᠠ ᠰᠠᠶᠢᠬᠠᠨ ᠰᠣᠶᠣᠯ ᠤᠨ ᠬᠦᠷᠳᠡᠬᠡᠯ ᠤᠯᠭᠤᠪᠠ     ︽ᠰᠣᠨᠣᠰᠬᠤ ᠳᠤ ᠭᠠᠷᠠᠭ ᠤᠨ ᠰᠡᠭᠦᠯᠴᠢ ᠪᠠᠷ ᠤᠯᠠᠭᠠᠨᠮᠥ᠋ᠴᠢᠷ ᠬᠦᠳᠡᠭᠡ ᠪᠠᠭᠤᠵᠦ ᠮᠠᠯᠴᠢᠳ ᠲᠠᠭᠠᠨ ᠲᠣᠭᠯᠠᠯᠲᠠ ᠭᠠᠷᠭᠠᠨ᠎ᠠ︾ ᠬᠡᠰᠡᠨ ᠴᠢᠮᠡᠭᠡ ᠪᠠᠷ᠂ ᠮᠠᠯᠴᠢᠳ ᠮᠠᠨᠢ ᠬᠠᠷ᠎ᠠ ᠡᠷᠳᠡᠬᠡᠬᠦᠷ ᠮᠣᠷᠢ ᠤᠨᠤᠵᠤ ᠢᠷᠡᠨ ᠬᠦᠯᠢᠶᠠᠵᠦ ᠪᠠᠶᠢᠬᠰᠠᠨ ᠨᠢ ᠲᠠᠪᠤ ᠠᠷᠪᠠᠨ ᠬᠦᠮᠥᠨ ᠢᠶᠠᠷ ᠵᠤᠬᠰᠤᠬᠤ ᠪᠢᠰᠢ᠃ ᠲᠣᠭᠯᠠᠯᠲᠠ ᠨᠢ ᠳᠠᠭᠤᠤ ᠪᠥᠵᠢᠭ ︽ᠨᠠᠮ ᠤᠨ ᠬᠠᠶᠢᠷ ᠎ᠠ︾ ᠪᠠᠷ ᠬᠦᠰᠢᠬᠡ ᠪᠠᠨ ᠢᠷᠡᠵᠦ᠂ ᠢᠷᠠᠭᠤ ᠰᠠᠶᠢᠬᠠᠨ ᠠᠷᠠᠳ ᠤᠨ ᠳᠠᠭᠤᠤ ︽ᠠᠷᠢᠭᠤᠨ ᠳᠠᠷᠬᠠᠨ ᠥᠯᠥᠭᠡᠢ︾᠂ ᠨᠠᠶᠢᠷᠠᠯ ᠬᠥᠭᠵᠢᠮ ︽ᠮᠣᠩᠭᠤᠯ ᠮᠣᠷᠢ︾ ᠶᠢ ᠬᠠᠩᠭᠢᠨᠠᠲᠠᠯ᠎ᠠ ᠪᠠᠨ ᠳᠠᠭᠤᠯᠠᠵᠤ᠂ ᠪᠠᠶᠠᠷ ᠬᠥᠷ ᠲᠠᠢ ︽ᠬᠤᠨᠳᠠᠭᠠᠨ ᠪᠦᠵᠢᠭ︾ ᠵᠡᠷᠭᠡ ᠠᠷᠪᠠ ᠭᠠᠷᠤᠢ ᠭᠤᠶᠢᠳᠠ ᠰᠠᠶᠢᠬᠠᠨ ᠲᠣᠭᠯᠠᠯᠲᠠ ᠨᠢ ᠬᠤᠶᠢᠨ᠎ᠠ ᠬᠤᠶᠢᠨ᠎ᠠ ᠠᠴᠠ ᠪᠠᠨ ᠠᠯᠠᠭ᠎ᠠ ᠲᠠᠰᠢᠯᠳᠠ ᠶᠢᠨ ᠲᠤᠮᠳᠠ ᠲᠤᠬᠯᠠᠬᠳᠠᠵᠦ᠂ ᠠᠬᠤᠢ ᠲᠠᠯᠠᠪᠠᠢ ᠬᠦᠭᠵᠢᠶᠠᠨ ᠨᠠᠷᠬᠢᠶᠠᠨ ᠢᠶᠠᠷ ᠪᠢᠯᠬᠠᠷᠠᠨ᠂ ᠠᠯᠠᠭ᠎ᠠ ᠲᠡᠰᠢᠯᠲᠡ ᠶᠢᠨ ᠳᠠᠭᠤᠨ ᠨᠢ ᠮᠠᠯᠴᠢᠳ ᠤᠨ ᠣᠷᠭᠢᠯᠤᠮ᠎ᠠ ᠬᠠᠯᠠᠭᠤᠨ ᠰᠡᠳᠭᠢᠯᠭᠡ ᠶᠢᠨ ᠢᠯᠡᠷᠡᠯ ᠪᠠᠶᠢᠬᠰᠠᠨ ᠨᠢ ᠢᠯᠡᠷᠬᠡᠢ᠃     ᠠᠷᠠᠳ ᠲᠦᠮᠡᠨ ᠬᠠᠮᠢᠭ᠎ᠠ ᠪᠠᠶᠢᠭ᠎ᠠ ᠪᠤᠯ ᠤᠯᠠᠭᠠᠨᠮᠥ᠋ᠴᠢᠷ ᠤᠨ ᠦᠢᠯᠡᠴᠢᠯᠡᠭᠡ ᠲᠡᠨᠳᠡ ᠬᠦᠷᠲᠡᠯ᠎ᠡ ᠦᠷᠭᠦᠯᠵᠢᠯᠡᠨ᠎ᠠ᠂ ᠲᠠᠷᠢᠶᠠᠨ ᠭᠠᠵᠠᠷ᠂ ᠮᠠᠯ ᠤᠨ ᠪᠡᠯᠴᠢᠬᠡᠷ ᠬᠡᠰᠡᠨ ᠦᠬᠡᠢ᠂ ᠠᠷᠠᠳ ᠲᠦᠮᠡᠨ ᠤ ᠰᠡᠳᠭᠢᠯ ᠤᠨ ᠭᠦᠨ ᠳᠤ ᠬᠦᠷᠭᠡᠵᠦ ᠴᠢᠳᠠᠬᠤ ᠪᠤᠯ ᠵᠢᠩᠬᠢᠨᠢ ᠤᠯᠠᠭᠠᠨᠮᠦ᠋ᠴᠢᠷ ᠤᠨ ᠵᠤᠷᠢᠭ ᠰᠠᠨᠠᠭ᠎ᠠ ᠪᠠᠶᠢᠭ᠎ᠠ᠃ ︽ᠬᠦᠬᠡ ᠲᠡᠭᠷᠢ ᠪᠠᠷ ᠬᠦᠰᠢᠬᠡ ᠪᠠᠨ ᠪᠤᠯᠭᠠᠵᠦ᠂ ᠬᠦᠷᠦᠰᠤᠳᠤ ᠲᠡᠯᠡᠬᠡᠢ ᠪᠠᠷ ᠪᠦᠵᠢᠭ ᠤᠨ ᠲᠠᠶᠢᠰᠠ ᠪᠠᠨ ᠪᠤᠯᠭᠠᠠ᠂ ᠦᠷᠬᠡᠨ ᠤᠯᠠᠨ ᠮᠠᠯᠴᠢᠨ ᠲᠠᠷᠢᠶᠠᠴᠢᠳ ᠲᠠᠭᠠᠨ ᠪᠠᠶᠠᠷ ᠪᠠᠭ᠋ᠠᠳᠤᠯ ᠪᠠ ᠰᠤᠶᠤᠯ ᠤᠨ ᠪᠤᠯᠪᠠᠰᠤᠨ ᠢ ᠬᠦᠷᠬᠡᠵᠦ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ ᠪᠤᠯ ᠪᠢᠳᠠᠨ ᠤ ᠲᠠᠷᠬᠠᠨ ᠡᠬᠦᠷᠬᠡ ᠮᠥᠨ︾ ᠬᠡᠵᠦ ᠤᠯᠠᠭᠠᠨᠮᠦ᠋ᠴᠢᠷ ᠤᠨ ᠲᠤᠬᠯᠠᠭᠴᠢᠳ ᠨᠢᠬᠡ ᠪᠦᠷᠢ ᠶᠠᠷᠢᠨ᠎ᠠ᠃

 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号