7 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ | ᠹᠸᠢ ᠯᠤ᠋ ᠰᠢᠷᠬᠤᠰᠤᠨ ᠪᠠᠯᠭᠠᠰᠤᠨ ᠤ ᠠᠯᠠᠰᠢᠨ ᠦᠬᠡᠷ ᠲᠠᠵᠢᠭᠡᠨ ᠮᠠᠯᠵᠢᠬᠤ ᠲᠥᠷᠥᠯ ᠵᠥᠢᠯ ᠤᠨ ᠠᠭᠢᠭᠤᠯᠤᠯᠳᠠ | ᠶᠢᠨ ᠬᠤᠷᠠᠯ ᠢ ᠡᠷᠭᠢᠯᠠᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ | ᠵᠤᠤ ᠹᠸᠢ ᠯᠤ᠋᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ᠂ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ᠂ ᠣᠶ | ᠰᠢᠭᠤᠶ ᠪᠠ ᠨᠤᠳᠤᠭ ᠪᠡᠯᠴᠢᠭᠡᠷ ᠤᠨ ᠲᠣᠪᠴᠢᠶ᠎ᠠ᠂ ᠰᠢᠷᠬᠤᠰᠤᠨ ᠪᠠᠯᠭᠠᠰᠤ ᠵᠡᠷᠭᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠠᠯᠠᠰᠢᠨ ᠦᠬᠡᠷ ᠲᠠᠵᠢᠭᠡᠨ ᠮᠠᠯᠵᠢᠬᠤ ᠲᠥᠷᠥᠯ ᠵᠥᠢᠯ ᠤᠨ | ᠭᠠᠷᠳᠠᠮ ᠬᠦᠢᠴᠡᠳᠬᠡᠯ᠂ ᠭᠠᠵᠠᠷ ᠰᠢᠷᠣᠶ ᠶᠢᠨ ᠬᠢᠨᠠᠨ ᠵᠦᠪᠰᠢᠶᠡᠷᠡᠯᠲᠡ᠂ ᠮᠠᠯᠴᠢᠨ ᠲᠠᠷᠢᠶᠠᠴᠢᠨ ᠤ ᠠᠰᠢᠭ ᠲᠤᠰᠠ | ᠶᠢᠨ ᠬᠤᠯᠪᠤᠭᠠᠳᠤ ᠲᠤᠭᠳᠠᠯᠴᠠᠭ᠎ᠠ ᠵᠡᠷᠭᠡ ᠪᠣᠳᠠᠲᠠᠶ ᠠᠰᠠᠭᠤᠳᠠᠯ ᠤᠨ ᠲᠤᠬᠠᠶ ᠪᠠᠯᠠ ᠣᠷᠣᠭᠤᠯᠤᠭᠴᠢ ᠪᠤᠯᠬᠤ ᠥᠪᠥᠷ | ᠮᠣᠩᠭᠤᠯ ᠤᠨ ᠭᠤᠸᠠᠩ ᠲᠦᠸᠧ ᠲᠠᠷᠢᠶᠠᠯᠠᠩ ᠮᠠᠯ ᠠᠵᠤ ᠠᠬᠤᠶ ᠶᠢᠨ ᠬᠤᠪᠢ ᠣᠷᠣᠭᠤᠯᠤᠭᠰᠠᠨ ᠬᠢᠵᠠᠭᠠᠷᠲᠤ | ᠺᠤᠮᠫᠠᠨᠢ ᠲᠠᠢ ᠰᠠᠨᠠᠯ ᠢᠶᠠᠨ ᠰᠣᠯᠢᠯᠴᠠᠪᠠ᠃ | | | | | | | ᠬᠤᠷᠠᠯ ᠠᠴᠠ ᠴᠢᠬᠤᠯᠠᠴᠢᠯᠠᠭᠰᠠᠨ ᠨᠢ᠂ ᠠᠯᠠᠰᠢᠨ ᠦᠬᠡᠷ ᠲᠠᠵᠢᠭᠡᠨ ᠮᠠᠯᠵᠢᠬᠤ ᠲᠣᠮᠣ ᠬᠡᠯᠪᠡᠷᠢ ᠶᠢᠨ ᠠᠵᠤ | ᠠᠬᠤᠶᠢᠯᠠᠯ ᠢ ᠣᠷᠣᠭᠤᠯᠤᠨ ᠠᠪᠴᠢᠷᠠᠬᠤ ᠪᠣᠯ ︽ᠨᠤᠮᠢᠨ ᠲᠠᠩᠰᠤᠭ ᠦᠤᠰᠢᠨ︾ ᠤ ᠣᠲᠣ ᠦᠶ᠎ᠡ ᠶᠢᠨ ᠲᠠᠷᠢᠶᠠᠯᠠᠩ | ᠮᠠᠯ ᠠᠵᠤ ᠠᠬᠤᠶ ᠶᠢᠨ ᠬᠥᠭᠵᠢᠯᠲᠡ ᠶᠢᠨ ᠠᠯᠬᠤᠴᠠ ᠶᠢ ᠲᠥᠷᠭᠡᠳᠭᠡᠭᠦ ᠴᠢᠬᠤᠯᠠ ᠠᠷᠭ᠎ᠠ ᠬᠡᠮᠵᠢᠶ᠎ᠡ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠶ | ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠤᠯᠤᠨ᠎ᠠ᠂ ᠡᠯ᠎ᠡ | ᠬᠠᠮᠢᠶ᠎ᠠ ᠪᠦᠬᠦᠢ ᠨᠢᠭᠡᠴᠢ᠂ ᠰᠠᠯᠠᠭ᠎ᠠ ᠮᠥᠴᠢᠷ ᠦᠵᠡᠯ ᠰᠠᠨᠠᠭ᠎ᠠ ᠪᠠᠨ ᠨᠢᠭᠡᠳᠭᠡᠨ ᠲᠣᠰ ᠲᠣᠰ ᠤᠨ ᠠᠵᠢᠯ ᠤᠨ | ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠵᠤ ᠭᠠᠵᠠᠷ ᠰᠢᠷᠣᠶ ᠶᠢ ᠠᠰᠢᠭᠯᠠᠬᠤ᠂ ᠤᠰᠤ ᠴᠠᠬᠢᠯᠭᠠᠨ ᠵᠠᠮ ᠵᠢᠴᠢ | ᠲᠥᠷᠥᠯ ᠵᠥᠢᠯ ᠢ ᠦᠨᠡᠯᠡᠨ ᠵᠢᠱᠢᠬᠦ ᠠᠵᠢᠯ ᠢ ᠰᠠᠶᠢᠳᠤᠷ ᠭᠢᠭᠦ ᠭᠡᠷᠡᠭᠳᠠᠢ᠃ ᠠᠵᠤ ᠠᠬᠤᠶᠢᠯᠠᠯ ᠲᠠᠢ ᠢᠳᠡᠪᠬᠢᠲᠡᠶ | ᠬᠠᠮᠵᠢᠯᠴᠠᠨ ᠠᠵᠤ ᠠᠬᠤᠶᠢᠯᠠᠯ ᠳᠤ ᠰᠢᠯᠢᠳᠡᠭ ᠥᠢᠯᠡᠴᠢᠯᠡᠭᠡ ᠬᠠᠩᠭᠠᠵᠤ ᠲᠥᠷᠥᠯ ᠵᠥᠢᠯ ᠤᠨ ᠤᠷᠤᠭᠰᠢᠲᠠᠶ ᠠᠵᠢᠯ | ᠡᠬᠢᠯᠡᠭᠦᠯᠬᠦ ᠶᠢ ᠪᠠᠲᠤᠯᠠᠬᠤ ᠬᠡᠷᠡᠭᠲᠡᠶ᠃ ᠲᠥᠷᠥᠯ ᠵᠦᠢᠯᠤᠨ ᠲᠤᠰᠬᠠᠶ ᠠᠩᠭᠢ ᠪᠠᠶᠢᠭᠤᠯᠵᠤ ᠲᠤᠰᠬᠠᠶ ᠬᠥᠮᠦᠨ ᠢᠶᠠᠷ | ᠥᠢᠯᠡᠴᠢᠯᠠᠭᠦᠯᠤᠨ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠦᠴᠦ ᠪᠠᠨ ᠬᠠᠮᠲᠤᠳᠬᠠᠵᠤ ᠲᠥᠷᠥᠯ ᠵᠥᠢᠯ ᠤᠨ | ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃ ᠠᠯᠠᠰᠢᠨ ᠦᠬᠡᠷ ᠲᠡᠵᠢᠭᠡᠨ ᠮᠠᠯᠵᠢᠬᠤ ᠲᠥᠷᠥᠯ ᠵᠦᠢᠯ ᠢ ᠬᠡᠷᠡᠭᠵᠢᠬᠦᠯᠬᠦ | ᠠᠰᠢᠭᠲᠠᠢ ᠲᠣᠬᠢᠶᠠᠯ ᠢ ᠠᠳᠬᠤᠵᠤ ᠨᠡᠶᠢᠭᠡᠮ ᠤᠨ ᠬᠦᠴᠦᠨ ᠢ ᠳᠠᠶᠢᠴᠢᠯᠠᠨ ᠠᠵᠤ ᠦᠢᠯᠡᠰ ᠤᠨ ᠬᠥᠭᠵᠢᠯᠲᠡ ᠶᠢ | ᠠᠬᠢᠭᠤᠯᠵᠤ ᠠᠵᠤ ᠥᠢᠯᠡᠰ ᠤᠨ ᠬᠡᠯᠬᠢᠶ᠎ᠡ ᠶᠢ ᠤᠷᠳᠤᠳᠬᠠᠨ ᠮᠠᠯᠵᠢᠬᠤ ᠲᠠᠷᠢᠶᠠᠯᠠᠬᠤ ᠡᠷᠦᠬᠡ ᠶᠢᠨ ᠠᠰᠢᠭ ᠲᠤᠰᠠ | ᠶᠢᠨ ᠬᠤᠯᠪᠤᠭᠠᠳᠤ ᠲᠤᠭᠳᠠᠯᠴᠠᠭ᠎ᠠ ᠶᠢ ᠪᠠᠶᠢᠭᠤᠯᠤᠨ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠭᠦ ᠶᠢ | ᠠᠬᠢᠭᠤᠯᠬᠤ ᠬᠡᠷᠡᠭᠲᠡᠶ ᠭᠡᠵᠡᠢ ᠃ | | | |