ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠰᠦᠯᠳᠡ ᠰᠤᠮᠤ ᠪᠠ ᠰᠢᠷᠬᠤᠰᠤᠨ ᠪᠠᠯᠭᠠᠰᠤᠨ ᠳᠤ ᠬᠦᠷᠴᠤ ᠪᠠᠶᠢᠴᠠᠭᠠᠨ ᠰᠤᠳᠤᠯᠤᠯᠲᠠ ᠵᠢᠭᠠᠨ ᠵᠢᠯᠤᠭᠤᠳᠤᠯᠭ᠎ᠠ ᠭᠢᠪᠡ
ᠨᠡᠶᠢᠲᠡᠯᠡᠭᠰᠡᠨ ᠴᠠᠭ᠄
2020-07-23
     7 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠰᠦᠯᠳᠡ ᠰᠤᠮᠤ ᠪᠣᠯᠤᠨ ᠰᠢᠷᠬᠤᠰᠤᠨ ᠪᠠᠯᠭᠠᠰᠤᠨ ᠳᠤ ᠬᠦᠷᠴᠤ ᠤᠢ ᠰᠢᠭᠤᠢ ᠨᠤᠳᠤᠭ ᠪᠡᠯᠴᠢᠭᠡᠷ ᠢ ᠲᠠᠭᠠᠭᠤᠯᠢ ᠤᠳᠤᠨ ᠠᠯᠤᠰ ᠡᠵᠡᠮᠰᠢᠯᠳᠤ ᠵᠢᠷᠤᠭ ᠲᠥᠷᠰᠤ ᠪᠠᠷ ᠪᠠᠶᠢᠴᠠᠭᠠᠬᠤ ᠬᠠᠤᠯᠢ ᠭᠡᠷᠡᠭᠵᠢᠭᠦᠯᠥᠯᠳᠠ ᠶᠢᠨ ᠴᠡᠭᠴᠡᠯᠡᠨ ᠰᠠᠶᠢᠵᠢᠷᠠᠭᠤᠯᠤᠯᠳᠠ᠂ ᠰᠤᠷᠭᠠᠨ ᠬᠥᠮᠦᠵᠢᠯ ᠤᠨ ᠢᠨᠵᠧᠨᠧᠷᠢᠩ ᠤᠨ ᠲᠦᠷᠦᠯ ᠵᠦᠢᠯ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠥᠷᠢᠮ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠭᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠭᠤᠯᠠ᠂ ᠬᠤᠰᠢᠭᠤ ᠳᠡᠳ᠋ ᠳᠠᠷᠤᠭ᠎ᠠ ᠵᠧᠤ ᠱᠤᠸᠠᠢ᠂ ᠪᠠᠶᠠᠨᠴᠡᠩᠭᠡᠯ ᠪᠤᠯᠤᠨ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠤᠷᠭᠠᠨ ᠭᠥᠮᠤᠵᠢᠯ ᠪᠡᠶ᠎ᠡ ᠲᠠᠮᠢᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠢᠴᠢ ᠬᠠᠮᠢᠶ᠎ᠠ ᠪᠦᠬᠦᠢ ᠰᠤᠮᠤ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
     ᠵᠤᠤ ᠹᠸᠢ ᠯᠤ᠋ ᠨᠡᠷ ᠤᠷᠢᠳ ᠬᠤᠵᠢᠳ ᠰᠦᠯᠳᠡ ᠰᠤᠮᠤ ᠪᠣᠯᠤᠨ ᠰᠢᠷᠬᠤᠰᠤᠨ ᠪᠠᠯᠭᠠᠰᠤᠨ ᠤ ᠤᠢ ᠰᠢᠭᠤᠢ ᠨᠤᠳᠤᠭ ᠪᠡᠯᠴᠢᠭᠡᠷ ᠢ ᠲᠠᠭᠠᠭᠤᠯᠢ ᠤᠳᠤᠨ ᠠᠯᠤᠰ ᠡᠵᠡᠮᠰᠢᠯᠳᠤ ᠵᠢᠷᠤᠭ ᠲᠥᠷᠰᠤ ᠪᠠᠷ ᠪᠠᠶᠢᠴᠠᠭᠠᠬᠤ ᠬᠠᠤᠯᠢ ᠭᠡᠷᠡᠭᠵᠢᠭᠦᠯᠥᠯᠳᠠ ᠶᠢᠨ ᠴᠡᠭᠴᠡᠯᠡᠨ ᠰᠠᠶᠢᠵᠢᠷᠠᠭᠤᠯᠤᠯᠳᠠ ᠶᠢᠨ ᠪᠠᠶᠢᠳᠠᠯ᠂ ᠱᠠᠷᠯᠢᠭ ᠭᠤᠤᠯᠳᠠᠯᠭᠠᠳᠤ ᠪᠠᠭ᠎ᠠ ᠰᠤᠷᠭᠠᠭᠤᠯᠢ᠂ ᠤᠷᠳᠤᠪᠡᠶ᠎ᠡ ᠰᠤᠷᠭᠠᠭᠤᠯᠢ᠂ ᠮᠧᠩ ᠳ᠋ᠠ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠠᠮᠬᠠᠭ ᠠᠴᠠ ᠭᠤᠷᠪᠠᠨ ᠰᠠᠯᠠᠭ᠎ᠠ ᠭᠤᠤᠯ ᠬᠦᠷᠬᠦ᠂ ᠭᠤᠷᠪᠠᠨ ᠰᠠᠯᠠᠭ᠎ᠠ ᠭᠤᠤᠯ ᠠᠴᠠ ᠮᠤᠵᠢ ᠶᠢᠨ ᠵᠠᠮ ᠤᠨ 215 ᠱᠤᠭᠤᠮ ᠭᠥᠷᠭᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠥᠢᠯ᠂ ᠪᠠᠲᠤ ᠶᠢᠨ ᠲᠤᠬᠤᠢ ᠶᠢᠨ ᠤᠰᠤᠨ ᠴᠥᠭᠦᠷᠥᠮ ᠵᠢᠴᠢ ᠰᠢᠷᠬᠤᠰᠤᠨ ᠭᠤᠤᠯ ᠤᠨ ᠰᠠᠪᠠ ᠭᠠᠵᠠᠷ ᠤᠨ ᠣᠷᠴᠢᠨ ᠲᠤᠭᠤᠷᠢᠨ ᠤ ᠵᠠᠰᠠᠯᠳᠠ ᠵᠡᠷᠭᠡ ᠳᠤ ᠪᠠᠶᠢᠴᠠᠭᠠᠨ ᠰᠤᠳᠤᠯᠤᠯᠳᠠ ᠭᠢᠵᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃      ᠵᠤᠤ ᠹᠸᠢ ᠯᠦ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ︽ᠬᠥᠬᠡᠮᠳᠦᠭ ᠴᠡᠩᠬᠡᠭ ᠠᠭᠤᠯᠠ ᠤᠰᠤ ᠪᠣᠯ ᠲᠠᠷᠤᠢ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠨ ᠠᠵᠢᠯ ᠤᠨ ᠬᠠᠷᠢᠭᠤᠴᠠᠯᠭ᠎ᠠ ᠪᠠᠨ ᠡᠷᠡᠰ ᠬᠦᠢᠴᠡᠳᠬᠡᠵᠦ ᠤᠢ ᠰᠢᠭᠤᠢ ᠨᠤᠳᠤᠭ ᠪᠡᠯᠴᠢᠭᠡᠷ  ᠢ ᠲᠠᠭᠠᠭᠤᠯᠢ ᠤᠳᠤᠨ ᠠᠯᠤᠰ ᠡᠵᠡᠮᠰᠢᠯᠳᠤ ᠵᠢᠷᠤᠭ ᠲᠥᠷᠰᠤ ᠪᠠᠷ ᠪᠠᠶᠢᠴᠠᠭᠠᠬᠤ ᠬᠠᠤᠯᠢ ᠭᠡᠷᠡᠭᠵᠢᠭᠦᠯᠥᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠠᠬᠢᠭᠤᠯᠵᠤ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠨ ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ᠂ ᠨᠤᠳᠤᠭ ᠪᠠᠯᠴᠢᠭᠡᠷ ᠢ ᠡᠵᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠭᠡᠷᠡᠭᠳᠠᠢ ᠭᠡᠰᠡᠨ ᠪᠠᠶᠢᠨ᠎ᠠ᠃
     ᠱᠠᠷᠯᠢᠭ ᠭᠤᠤᠯᠳᠠᠯᠭᠠᠳᠤ ᠪᠠᠭ᠎ᠠ ᠰᠤᠷᠭᠠᠭᠤᠯᠢ᠂ ᠤᠷᠳᠣᠪᠡᠶ᠎ᠡ ᠰᠤᠷᠭᠠᠭᠤᠯᠢ᠂ ᠮᠧᠩ ᠳ᠋ᠠ ᠠᠵᠤ ᠥᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠬᠡᠦᠬᠡᠳ ᠤᠨ ᠴᠡᠴᠡᠷᠯᠢᠭ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ ᠵᠤᠤ ᠹᠸᠢ ᠯᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠤᠶᠢᠯᠠᠭᠠᠭᠰᠠᠨ ᠪᠠᠶᠢᠨ᠎ᠠ᠃ ᠲᠠᠷᠠ ᠱᠠᠭᠠᠷᠳᠠᠭᠰᠠᠨ ᠨᠢ᠂ ᠬᠠᠮᠢᠶ᠎ᠠ ᠪᠦᠬᠦᠢ ᠨᠢᠭᠡᠴᠢ ᠰᠠᠨᠠᠭᠠᠴᠢᠯᠠᠭ᠎ᠠ ᠠᠴᠠ ᠪᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠪᠣᠳᠠᠲᠠᠶ ᠬᠦᠴᠢᠷᠳᠡᠯ ᠢ ᠬᠠᠪᠰᠤᠷᠤᠨ ᠰᠢᠢᠳᠪᠤᠷᠢᠯᠠᠵᠤ ᠶᠠᠰᠤ ᠴᠢᠨᠠᠷ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠪᠥᠳᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠤᠷᠤᠭᠤᠯᠬᠤ ᠭᠡᠷᠡᠭᠳᠠᠢ᠃ ᠱᠠᠷᠯᠢᠭ ᠭᠤᠤᠯᠳᠠᠯᠭᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠭᠤᠯᠠᠨ ᠭᠡᠷ ᠲᠤ ᠵᠣᠣ ᠹᠸᠢ ᠯᠦ᠂ ᠰᠤᠷᠤᠭᠴᠢᠳ ᠤᠨ ᠬᠤᠭᠤᠯᠠ ᠤᠮᠳᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠳᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠢᠳᠡᠭᠡᠨ ᠤ ᠠᠮᠤᠷ ᠲᠦᠪᠰᠢᠨ ᠢ ᠠᠩᠬᠠᠷᠤᠨ ᠰᠢᠮ᠎ᠡ ᠲᠡᠵᠢᠭᠡᠯ ᠲᠠᠢ ᠠᠶᠤᠯᠭᠦᠢ ᠬᠤᠭᠤᠯᠠ ᠤᠮᠳᠠ ᠶᠢ ᠰᠢᠨᠵᠢᠯᠡᠬᠦ ᠤᠬᠠᠭᠠᠨᠴᠢ ᠪᠠᠷ ᠲᠤᠭᠢᠷᠠᠭᠤᠯᠬᠤ ᠭᠡᠷᠡᠭᠳᠠᠢ ᠭᠡᠵᠡᠢ᠃      ᠰᠢᠷᠬᠤᠰᠤᠨ ᠭᠤᠤᠯ ᠪᠠᠲᠤ ᠶᠢᠨ ᠲᠣᠬᠤᠢ ᠶᠢᠨ ᠤᠰᠤᠨ ᠴᠥᠭᠦᠷᠥᠮ ᠳᠤ ᠪᠠᠶᠢᠴᠠᠭᠠᠨ ᠰᠤᠳᠤᠯᠤᠯᠳᠠ ᠭᠢᠭᠦ  ᠳᠤ ᠪᠠᠨ ᠵᠤᠤ ᠹᠸᠢ ᠯᠦ ᠵᠢᠭᠠᠵᠤ ᠭᠠᠷᠭᠠᠭᠰᠠᠨ ᠨᠢ᠂ ᠰᠢᠷᠠᠤᠰᠤᠨ ᠭᠤᠤᠯ ᠨᠢ ᠬᠠᠳᠤᠨ ᠭᠤᠤᠯ ᠤᠨ ᠰᠠᠯᠪᠤᠷᠢ ᠤᠷᠤᠰᠬᠠᠯ ᠪᠣᠯᠤᠭᠰᠠᠨ ᠤ ᠬᠤᠪᠢ ᠳᠤ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠬᠤ᠂ ᠪᠣᠬᠢᠷᠲᠤᠯ ᠦᠭᠡᠢ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤᠮᠳᠠ ᠲᠦᠢᠯ ᠤᠨ ᠴᠢᠬᠤᠯᠠ ᠦᠢᠯᠡᠳᠦᠯ ᠦᠵᠡᠭᠦᠯᠵᠦ ᠪᠤᠢ᠃ ᠭᠤᠣᠯ ᠳᠠᠭᠠᠤ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠦᠨᠡᠨᠬᠦ ᠴᠢᠩᠭᠠᠳᠬᠠᠵᠤ ᠬᠤᠪᠢᠰᠬᠠᠯᠲᠤ ᠰᠣᠶᠣᠯ ᠪᠣᠯᠤᠨ ᠰᠢᠷᠬᠤᠰᠤᠨ ᠪᠠᠯᠭᠠᠰᠤᠨ ᠤ ᠪᠦᠬᠦ ᠣᠷᠣᠨ ᠪᠦᠰᠠ ᠶᠢᠨ ᠵᠢᠭᠤᠯᠴᠢᠯᠠᠯ ᠤᠨ ᠠᠵᠤ ᠥᠢᠯᠡᠰ ᠤᠨ ᠬᠥᠭᠵᠢᠯᠲᠡ  ᠶᠢᠨ ᠰᠢᠨ᠎ᠠ ᠬᠠᠭᠤᠳᠠᠰᠤ ᠶᠢ ᠪᠢᠴᠢᠭᠯᠡᠨ ᠨᠢᠭᠡ ᠬᠤᠶᠠᠷ ᠭᠤᠷᠪᠠᠳᠤᠭᠠᠷ ᠠᠵᠤ ᠥᠢᠯᠡᠰ ᠢ ᠠᠭᠤᠰᠤᠯᠴᠠᠭᠤᠯᠤᠨ ᠭᠥᠭᠵᠢᠭᠦᠯᠵᠤ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠬᠤ ᠭᠡᠷᠡᠭᠳᠠᠢ ᠭᠡᠵᠡᠢ᠃ ᠲᠡᠷᠡ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠶᠡᠷᠦᠩᠬᠡᠢ ᠳᠠᠷᠤᠭ᠎ᠠ ᠶᠢᠨ ᠬᠤᠷᠠᠯ ᠵᠢᠴᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠠᠵᠢᠯ ᠤᠨ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠭᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠡᠯ᠎ᠡ ᠲᠥᠷᠥᠯ ᠤᠨ ᠠᠶᠤᠯ ᠲᠦᠭᠰᠢᠭᠦᠷᠢ ᠳᠠᠯᠳᠠ ᠭᠡᠮ ᠢ ᠪᠠᠶᠢᠴᠠᠭᠠᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠴᠢᠩᠭ᠎ᠠ ᠠᠳᠬᠤᠵᠦ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠭᠡᠷᠡᠭᠳᠠᠢ ᠭᠡᠵᠡᠢ᠃      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠵᠣᠣ ᠹᠸᠢ ᠯᠦ ᠪᠠᠰᠠ ᠪᠥᠬᠦ ᠬᠤᠲᠠ ᠶᠢᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠬᠤᠶ ᠲᠠᠯᠠᠪᠠᠶ ᠶᠢᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号