ᠰᠢᠨᠬᠤᠸᠠ ᠬᠤᠷᠢᠶᠠᠨ ᠤ ᠪᠡᠬᠡᠵᠢᠩ ᠤᠨ 7 ᠰᠠᠷ᠎ᠠ ᠶᠢᠨ 20 ᠤ ᠴᠠᠬᠢᠯᠭᠠᠨ ᠮᠡᠳᠡᠭᠡ ︵ᠰᠤᠷᠪᠤᠯᠵᠢᠯᠠᠬᠴᠢ | ᠵᠧᠩ ᠮᠢᠩ ᠳ᠋ᠠ︶ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭᠠᠨ ᠤ ᠰᠤᠳᠤᠯᠭᠠᠨ ᠤ ᠳᠦᠪ | ᠪᠠᠶᠢᠭᠤᠯᠤᠬᠳᠠᠬᠤ ᠶᠤᠰᠤᠯᠠᠯ 20 ᠤ ᠡᠳᠦᠷ ᠪᠡᠬᠡᠵᠢᠩ ᠳᠤ ᠶᠠᠪᠤᠬᠳᠠᠪᠠ᠃ | ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭᠠᠨ ᠤ ᠰᠤᠳᠤᠯᠭᠠᠨ ᠤ ᠳᠦᠪ ᠢ ᠭᠠᠳᠠᠭᠠᠳᠤ | ᠶᠠᠪᠤᠳᠠᠯ ᠤᠨ ᠶᠡᠮᠤᠨ ᠠᠴᠠ ᠳᠤᠮᠳᠠᠳᠤ ᠤᠯᠤᠰ ᠤᠨ ᠤᠯᠠᠨ ᠤᠯᠤᠰ ᠤᠨ ᠠᠰᠠᠭᠤᠳᠠᠯ ᠤᠨ ᠰᠤᠳᠤᠯᠭᠠᠨ ᠤ | ᠬᠦᠷᠢᠶᠡᠯᠡᠩ ᠢᠶᠠᠷ ᠲᠦᠰᠢᠭ ᠪᠤᠯᠭᠠᠨ ᠪᠠᠶᠢᠭᠤᠯᠵᠠᠢ᠂ ᠵᠤᠷᠢᠯᠭ᠎ᠠ ᠨᠢ ᠪᠦᠬᠦ ᠤᠯᠤᠰ ᠤᠨ ᠰᠤᠳᠤᠯᠭᠠᠨ ᠤ ᠡᠬᠢ | ᠪᠠᠶᠠᠯᠢᠬ ᠢ ᠨᠢᠬᠡᠳᠦᠯᠳᠡᠢ ᠳᠦᠯᠦᠪᠵᠢᠬᠦᠯᠵᠦ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ | ᠰᠤᠳᠤᠯᠬᠤ᠂ ᠳᠤᠳᠤᠷᠬᠠᠢᠢᠯᠠᠨ ᠳᠠᠶᠢᠯᠪᠤᠷᠢᠯᠠᠬᠤ ᠪᠠ ᠤᠬᠠᠭᠤᠯᠭ᠎ᠠ ᠳᠠᠨᠢᠯᠴᠠᠭᠤᠯᠭ᠎ᠠ ᠶᠢ ᠪᠦᠬᠦ ᠳᠠᠯ᠎ᠠ ᠪᠠᠷ᠂ | ᠰᠢᠰᠲ᠋ᠧᠮ ᠲᠠᠢ᠂ ᠬᠦᠨᠵᠡᠬᠡᠢ ᠦᠷᠨᠢᠬᠦᠯᠵᠦ᠂ ᠰᠢ ᠶᠢᠨ ᠫᠢᠩᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠳᠤ | ᠮᠦᠨ ᠴᠢᠨᠠᠷ ᠤᠨ᠂ ᠤᠨᠤᠯ ᠤᠨ᠂ ᠦᠢᠯᠡᠳᠦᠯᠬᠡ ᠶᠢᠨ᠂ ᠲᠠᠮᠵᠢᠭᠤᠯᠭ᠎ᠠ ᠶᠢᠨ᠂ ᠳᠦᠷᠦ ᠶᠢᠨ ᠪᠤᠳᠤᠯᠭ᠎ᠠ ᠶᠢᠨ | ᠴᠢᠨᠠᠷᠲᠠᠢ ᠪᠠ ᠳᠤᠰᠬᠠᠢ ᠰᠡᠳᠦᠪᠳᠦ ᠴᠢᠨᠠᠷᠲᠠᠢ ᠰᠤᠳᠤᠯᠭᠠᠨ ᠬᠢᠵᠦ᠂ ᠰᠢ ᠶᠢᠨ ᠫᠢᠩᠤᠨ ᠭᠠᠳᠠᠭᠠᠳᠤ ᠬᠠᠷᠢᠯᠴᠠᠭᠠᠨ ᠤ | ᠦᠵᠡᠯ ᠰᠠᠨᠠᠭ᠎ᠠ ᠶᠢᠨ ᠭᠠᠳᠠᠭᠠᠳᠤ ᠬᠠᠷᠢᠯᠴᠠᠭᠠᠨ ᠤ ᠦᠢᠯᠡᠳᠦᠯᠬᠡ ᠳᠤ ᠦᠵᠡᠬᠦᠯᠬᠦ ᠵᠢᠯᠤᠭᠤᠳᠬᠤ ᠦᠢᠯᠡᠳᠦᠯ ᠢ | ᠪᠠᠳᠠᠷᠠᠭᠤᠯᠵᠦ᠂ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠳᠤᠮᠤ ᠤᠯᠤᠰ ᠤᠨ ᠭᠠᠳᠠᠭᠠᠳᠤ | ᠬᠠᠷᠢᠯᠴᠠᠭᠠᠨ ᠤ ᠤᠨᠤᠯ ᠤᠨ ᠪᠠᠶᠢᠭᠤᠯᠤᠯᠳᠠ᠂ ᠪᠠᠶᠢᠭᠤᠯᠤᠮᠵᠢ ᠳᠤᠬᠳᠠᠴᠠ ᠶᠢᠨ ᠪᠠᠶᠢᠭᠤᠯᠤᠯᠳᠠ ᠪᠤᠯᠤᠨ | ᠴᠢᠳᠠᠪᠤᠷᠢ ᠶᠢᠨ ᠪᠠᠶᠢᠭᠤᠯᠤᠯᠳᠠ ᠳᠤ ᠦᠢᠯᠡᠴᠢᠯᠡᠬᠦᠯᠵᠦ᠂ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ | ᠤᠨᠴᠠᠯᠢᠬ ᠲᠠᠢ ᠳᠤᠮᠤ ᠤᠯᠤᠰ ᠤᠨ ᠭᠠᠳᠠᠭᠠᠳᠤ ᠬᠠᠷᠢᠯᠴᠠᠭ᠎ᠠ ᠶᠢ ᠨᠡᠭᠡᠭᠡᠨ ᠡᠬᠦᠳᠬᠦ ᠳᠤ ᠢᠳᠡᠪᠬᠢᠳᠡᠢ ᠬᠤᠪᠢ ᠨᠡᠮᠡᠷᠢ | ᠦᠵᠡᠬᠦᠯᠬᠦ ᠶᠢᠨ ᠲᠦᠯᠦᠭᠡ ᠶᠤᠮ᠃ | ᠳᠦᠷᠦ ᠶᠢᠨ ᠶᠠᠪᠤᠳᠠᠯ ᠤᠨ ᠬᠡᠰᠢᠬᠦᠨ ᠪᠦᠬᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ | ᠰᠤᠳᠤᠯᠭᠠᠨ ᠤ ᠳᠦᠪ ᠤᠨ ᠫᠠᠶᠢᠰᠠ ᠶᠢ ᠰᠡᠬᠦᠭᠰᠠᠨ ᠤ ᠬᠠᠮᠳᠤ ᠪᠠᠶᠢᠭᠤᠯᠤᠬᠳᠠᠬᠤ ᠶᠤᠰᠤᠯᠠᠯ ᠳᠡᠬᠡᠷ᠎ᠠ ᠶᠠᠷᠢᠶ᠎ᠠ | ᠳᠠᠯᠪᠢᠪᠠ᠃ ᠲᠡᠷᠡ ᠶᠠᠷᠢᠶᠠᠨ ᠳᠠᠭᠠᠨ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠪᠤᠯ | ᠰᠢᠨ᠎ᠡ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠤᠨᠤᠯ ᠤᠨ ᠪᠠᠶᠢᠭᠤᠯᠤᠯᠳᠠ ᠳᠤ ᠴᠠᠬ ᠦᠶ᠎ᠠ ᠶᠢ | ᠵᠠᠭᠠᠬᠯᠠᠬᠰᠠᠨ ᠠᠴᠢ ᠬᠤᠯᠪᠤᠬᠳᠠᠯ ᠲᠠᠢ ᠴᠢᠬᠤᠯᠠ ᠶᠡᠭᠡ ᠦᠷ᠎ᠠ ᠪᠦᠳᠦᠭᠡᠯ ᠮᠦᠨ᠂ ᠳᠡᠬᠦᠨ ᠳᠤ ᠢᠯᠡ ᠳᠤᠳᠤᠷᠬᠠᠢ | ᠰᠢᠨᠵᠢᠯᠡᠬᠦ ᠤᠬᠠᠭᠠᠨᠴᠢ ᠴᠢᠨᠠᠷ᠂ ᠴᠠᠬ ᠦᠶᠠᠴᠢ ᠴᠢᠨᠠᠷ᠂ ᠳᠠᠷᠢᠬᠦᠨ ᠤ ᠴᠢᠨᠠᠷ ᠪᠤᠯᠤᠨ ᠦᠢᠯᠡᠳᠦᠯᠬᠡ ᠶᠢᠨ ᠴᠢᠨᠠᠷ ᠪᠤᠢ | ᠂ ᠪᠢᠳᠡ ᠡᠷᠬᠡᠪᠰᠢ ᠬᠦᠨᠵᠡᠬᠡᠢ ᠰᠤᠷᠤᠯᠴᠠᠵᠦ᠂ ᠪᠦᠬᠦ ᠳᠠᠯ᠎ᠠ ᠪᠠᠷ ᠤᠢᠢᠯᠠᠭᠠᠬᠤ ᠬᠡᠷᠡᠭᠳᠡᠢ ᠬᠡᠵᠦ ᠢᠯᠡᠳᠬᠡᠪᠡ᠃ | ᠸᠠᠩ ᠢ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠪᠤᠯ ᠰᠢ ᠶᠢᠨ ᠫᠢᠩ ᠤᠨ | ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠤᠷᠭᠠᠨᠢᠬ ᠪᠦᠷᠢᠯᠳᠦᠯ᠂ 21 ᠳ᠋ᠤᠬᠡᠷ ᠵᠠᠭᠤᠨ ᠤ ᠮᠠᠷᠺᠰ ᠤᠨ ᠦᠵᠡᠯ ᠤᠨ ᠭᠠᠳᠠᠭᠠᠳᠤ ᠬᠠᠷᠢᠯᠴᠠᠭᠠᠨ ᠤ | ᠬᠦᠷᠢᠶᠡᠨ ᠳᠠᠬᠢ ᠬᠠᠮᠤᠬ ᠤᠨ ᠰᠢᠨ᠎ᠠ ᠦᠷ᠎ᠠ ᠪᠦᠳᠦᠬᠡᠯ᠂ ᠳᠤᠮᠳᠠᠳᠤ ᠶᠢᠨ ᠰᠢᠯᠢᠳᠡᠭ ᠤᠯᠠᠮᠵᠢᠯᠠᠯᠳᠦ ᠰᠤᠶᠤᠯ ᠤᠨ | ᠤᠯᠠᠮᠵᠢᠯᠠᠯ ᠪᠡ ᠰᠢᠨᠡᠴᠢᠯᠡᠯᠳᠡ᠂ ᠰᠢᠨ᠎ᠠ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠤᠨᠤᠯ ᠤᠨ | ᠵᠠᠯᠭᠠᠮᠵᠢᠯᠠᠯ ᠪᠡ ᠬᠦᠭᠵᠢᠬᠦᠯᠦᠯ᠂ ᠤᠯᠠᠮᠵᠢᠯᠠᠯᠳᠤ ᠤᠯᠠᠨ ᠤᠯᠤᠰ ᠤᠨ ᠬᠠᠷᠢᠯᠴᠠᠭᠠᠨ ᠤ ᠤᠨᠤᠯ ᠤᠨ ᠳᠠᠶᠠᠬᠳᠠᠯ ᠪᠡ | ᠳᠠᠪᠠᠯᠳᠠ ᠮᠦᠨ ᠬᠡᠪᠡ᠃ |