ᠰᠢ ᠶᠢᠨ ᠫᠢᠩ ᠰᠠᠦ᠋ᠳᠢ ᠠᠷᠠᠪ ᠤᠨ ᠤᠯᠤᠰ ᠤᠨ ᠸᠠᠩ ᠰᠠᠯᠧᠮᠠᠨ ᠲᠠᠢ ᠳᠤᠮᠳᠠᠳᠤ ᠤᠯᠤᠰ ᠪᠠ ᠰᠠᠥ᠋ᠳᠢ ᠠᠷᠠᠪ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢᠨ ᠲᠣᠬᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ
ᠨᠡᠶᠢᠲᠡᠯᠡᠭᠰᠡᠨ ᠴᠠᠭ᠄
2020-07-23
     ᠰᠢ ᠶᠢᠨ ᠫᠢᠩ ᠰᠠᠦ᠋ᠳᠢ ᠠᠷᠠᠪ ᠤᠨ ᠤᠯᠤᠰ ᠤᠨ ᠸᠠᠩ ᠰᠠᠯᠧᠮᠠᠨ ᠲᠠᠢ ᠳᠤᠮᠳᠠᠳᠤ ᠤᠯᠤᠰ ᠪᠠ ᠰᠠᠥ᠋ᠳᠢ ᠠᠷᠠᠪ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢᠨ ᠲᠣᠬᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ       ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 22 ᠤᠨ ᠴᠠᠬᠢᠯᠭᠠᠨ ᠮᠡᠳᠡᠭᠡ ᠲᠦᠷᠦᠭᠦᠬᠡᠨ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠠᠦ᠋ᠳᠢ ᠠᠷᠠᠪ ᠤᠨ ᠤᠯᠤᠰ ᠤᠨ ᠸᠠᠩ ᠰᠠᠯᠧᠮᠠᠨ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠪᠡᠯᠭᠡᠯᠡᠵᠠᠢ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠳᠤᠮᠳᠠᠳᠤ ᠤᠯᠤᠰ ᠪᠠ ᠰᠠᠦ᠋ᠳᠢ ᠠᠷᠠᠪ ᠤᠨ ᠬᠠᠷᠢᠯᠴᠠᠭ᠎ᠠ ᠲᠤᠭᠳᠠᠭᠤᠨ ᠢᠶᠠᠷ ᠬᠦᠭᠵᠢᠵᠤ᠂ ᠡᠯ᠎ᠠ ᠬᠦᠷᠢᠶᠡᠨ ᠳᠠᠬᠢ ᠬᠠᠮᠳᠤᠷᠠᠯᠴᠠᠭ᠎ᠠ ᠡᠯᠪᠡᠭ ᠦᠷ᠎ᠠ ᠪᠦᠲᠦᠭᠡᠯ ᠤᠯᠵᠠᠢ᠃ ᠤᠨᠴᠠᠭᠠᠢᠢᠯᠠᠨ ᠤᠢᠢᠷ᠎ᠠ ᠶᠢᠨ ᠵᠢᠯ ᠠᠴᠠ ᠨᠠᠭᠠᠰᠢ᠂ ᠳᠤᠮᠳᠠᠳᠤ ᠤᠯᠤᠰ ᠪᠠ ᠰᠠᠦ᠋ᠳᠢ ᠠᠷᠠᠪ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠶᠢᠭᠤᠯᠵᠤ᠂ ᠬᠤᠶᠠᠷ ᠤᠯᠤᠰ ᠤᠨ ᠬᠠᠷᠢᠯᠴᠠᠭᠠᠨ ᠤ ᠬᠦᠭᠵᠢᠯᠳᠡ ᠲᠦᠷᠭᠡᠨ ᠤ ᠵᠠᠮ ᠳᠤ ᠤᠷᠤᠪᠠ᠃ ᠤᠳᠤᠬᠠᠨ ᠳᠤ᠂ ᠳᠤᠮᠳᠠᠳᠤ ᠤᠯᠤᠰ ᠪᠠ ᠰᠠᠦ᠋ᠳᠢ ᠠᠷᠠᠪ ᠬᠦᠴᠦ ᠪᠠᠨ ᠬᠠᠮᠳᠤᠳᠬᠠᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠤ᠂ ᠬᠤᠶᠠᠷ ᠤᠯᠤᠰ ᠤᠨ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠵᠢᠴᠢ ᠪᠦᠬᠦ ᠳᠡᠯᠡᠭᠡᠢ ᠶᠢᠨ ᠪᠠ ᠭᠠᠵᠠᠷ ᠤᠷᠤᠨ ᠤ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠵᠢᠷᠭᠠᠯ ᠵᠤᠪᠠᠯᠠᠩ ᠢᠶᠠᠨ ᠬᠠᠮᠳᠤᠳᠬᠠᠭᠰᠠᠨ ᠢᠷᠠᠭᠤ ᠲᠤᠤᠯᠢᠰ ᠢ ᠪᠢᠴᠢᠭᠯᠡᠵᠠᠢ᠃ ᠪᠢ ᠳᠤᠮᠳᠠᠳᠤ ᠤᠯᠤᠰ ᠪᠠ ᠰᠠᠦ᠋ᠳᠢ ᠠᠷᠠᠪ ᠤᠨ ᠬᠠᠷᠢᠯᠴᠠᠭ᠎ᠠ ᠶᠢ ᠳᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠳᠤᠷᠠᠳᠠᠶ᠎ᠠ ᠤᠯᠤᠰ ᠤᠨ ᠸᠠᠩ ᠰᠠᠯᠧᠮᠠᠨ ᠲᠠᠢ ᠬᠠᠮᠳᠦ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠠᠵᠠ ᠳᠤᠬᠢᠶᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠳᠦ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠰᠠᠦ᠋ᠳᠢ ᠠᠷᠠᠪ ᠤᠨ ︽2030 ᠤᠨ ᠤ ᠠᠯᠤᠰ ᠤᠨ ᠲᠦᠰᠦᠪ︾ ᠲᠠᠢ ᠵᠤᠯᠭᠠᠭᠤᠯᠬᠤ ᠶᠢ ᠠᠬᠢᠭᠤᠯᠵᠤ᠂ ᠬᠤᠶᠠᠷ ᠲᠠᠯ᠎ᠠ ᠶᠢᠨ ᠬᠠᠷᠢᠯᠴᠠᠭᠠᠨ‌‍ᠤ ᠪᠠᠶᠢᠯᠳᠤᠬᠤ ᠪᠤᠳᠤᠯᠭ᠎ᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠪᠠ ᠰᠠᠦ᠋ᠳᠢ ᠠᠷᠠᠪ ᠤᠨ ᠬᠠᠷᠢᠯᠴᠠᠭᠠᠨ ᠤ ᠲᠠᠰᠤᠷᠠᠯᠳᠠ ᠦᠭᠡᠢ ᠰᠢᠨ᠎ᠠ ᠠᠮᠵᠢᠯᠳᠠ ᠤᠯᠬᠤ ᠶᠢ ᠬᠠᠮᠳᠦ ᠪᠠᠷ ᠬᠦᠳᠦᠯᠦᠨ ᠳᠠᠭᠠᠭᠤᠯᠵᠤ᠂ ᠬᠤᠶᠠᠷ ᠤᠯᠤᠰ ᠪᠠ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠠ ᠭᠡᠵᠤ ᠵᠢᠭᠠᠵᠤ ᠭᠠᠷᠭᠠᠵᠠᠢ᠃      ᠰᠠᠯᠧᠮᠠᠨ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠰᠠᠦ᠋ᠳᠢ ᠠᠷᠠᠪ ᠪᠠ ᠳᠤᠮᠳᠠᠳᠤ ᠶᠢᠨ ᠡᠯ᠎ᠠ ᠬᠦᠷᠢᠶᠡᠨ ᠤ ᠬᠠᠷᠢᠯᠴᠠᠭ᠎ᠠ ᠯᠤᠳᠤ ᠶᠡᠭᠡ ᠬᠦᠭᠵᠢᠯᠳᠡ ᠲᠠᠢ ᠪᠤᠯᠵᠠᠢ᠂ ᠡᠨᠡ ᠨᠢ ᠬᠤᠶᠠᠷ ᠤᠯᠤᠰ ᠤᠨ ᠭᠦᠨ ᠵᠤᠵᠠᠭᠠᠨ ᠨᠦᠬᠦᠷᠯᠡᠯ ᠪᠠ ᠪᠠᠶᠢᠯᠳᠤᠬᠤ ᠪᠤᠳᠤᠯᠭ᠎ᠠ ᠶᠢᠨ ᠬᠠᠷᠢᠯᠴᠠᠭᠠᠨ ᠤ ᠦᠨᠳᠦᠷ ᠲᠦᠪᠰᠢᠨ ᠢ ᠬᠠᠷᠠᠭᠤᠯᠪᠠ᠃ ᠪᠢ ᠳᠤᠷᠠᠳᠠᠶ᠎ᠠ ᠡᠨᠡ ᠬᠦ ᠤᠨᠴᠠᠭᠠᠢ ᠬᠠᠷᠢᠯᠴᠠᠭ᠎ᠠ ᠶᠢᠨ ᠲᠠᠰᠤᠷᠠᠯᠳᠠ ᠦᠭᠡᠢ ᠬᠦᠭᠵᠢᠭᠦ ᠶᠢ ᠠᠬᠢᠭᠤᠯᠵᠤ᠂ ᠬᠤᠶᠠᠷ ᠤᠯᠤᠰ ᠪᠠ ᠬᠤᠶᠠᠷ ᠤᠯᠤᠰ ᠤᠨ ᠠᠷᠠᠳ ᠲᠦᠮᠡᠨ ᠤ ᠬᠠᠮᠳᠤ ᠶᠢᠨ ᠠᠰᠢᠭ ᠲᠤᠰᠠ ᠳᠤ ᠦᠢᠯᠡᠴᠢᠯᠡᠨ᠎ᠠ᠃ ᠰᠠᠦ᠋ᠳᠢ ᠠᠷᠠᠪ ᠤᠨ ᠬᠢᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠡᠷᠬᠢᠨ ᠠᠷᠭᠠᠴᠠᠭᠠᠬᠤ ᠲᠠᠯ᠎ᠠ ᠪᠠᠷ ᠳᠤᠮᠳᠠᠳᠤ ᠶᠢᠨ ᠲᠠᠯ᠎ᠠ ᠲᠠᠢ ᠠᠳᠠᠯᠢᠬᠠᠨ ᠪᠤᠶᠤ ᠠᠳᠠᠯᠢᠪᠳᠤᠷ ᠦᠵᠡᠯᠳᠡ ᠲᠠᠢ᠂ ᠳᠤᠷᠠᠳᠠᠶ᠎ᠠ ᠳᠤᠮᠳᠠᠳᠤ ᠶᠢᠨ ᠲᠠᠯ᠎ᠠ ᠲᠠᠢ ᠬᠠᠮᠳᠦ ᠪᠠᠷ ᠴᠢᠷᠮᠠᠶᠢᠵᠤ ᠬᠢᠵᠢᠭ ᠲᠠᠢ ᠲᠡᠮᠡᠴᠡᠨ᠎ᠠ᠃ ᠰᠠᠦ᠋ᠳᠢ ᠠᠷᠠᠪ ᠤᠨ ᠬᠢᠨ ᠳᠤᠮᠳᠠᠳᠤ ᠶᠢᠨ ᠲᠠᠯ᠎ᠠ ᠲᠠᠢ ᠨᠡᠩ ᠤᠯᠠᠨ ᠬᠠᠮᠳᠤᠷᠠᠯᠴᠠᠭ᠎ᠠ ᠦᠷᠨᠢᠭᠦᠯᠵᠤ᠂ ᠭᠠᠵᠠᠷ ᠤᠷᠤᠨ ᠪᠠ ᠳᠡᠯᠡᠬᠡᠢ ᠶᠢᠨ ᠠᠮᠤᠷ ᠲᠦᠪᠰᠢᠨ ᠪᠤᠯᠤᠨ ᠲᠤᠭᠳᠠᠭᠤᠨ ᠢ ᠠᠬᠢᠭᠤᠯᠬᠤ‌‍ᠶᠢ ᠬᠦᠰᠡᠵᠤ ᠪᠠᠶᠢᠨ᠎ᠠ ᠭᠡᠵᠤ ᠢᠯᠡᠳᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号