ᠠᠵᠣ ᠠᠬᠤᠶᠢᠯᠠᠯᠲᠠᠳ ᠤᠨ ᠶᠠᠷᠢᠯᠴᠠᠬᠤ ᠬᠤᠷᠠᠯ ᠲᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2020-07-23
     ︵2020 ᠣᠨ ᠤ 7 ᠰᠠᠷ᠎ᠠ ᠶᠢᠨ 21 ᠤ ᠡᠳᠦᠷ︶      ᠡᠨᠡ ᠡᠳᠦᠷ᠂ ᠪᠢᠳᠡ ᠠᠵᠤ ᠠᠬᠤᠢᠢᠯᠠᠯᠳᠠᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ ᠪᠠᠶᠢᠭ᠎ᠠ ᠨᠢ ᠨᠢᠭᠡ ᠳᠤ᠂ ᠤᠯᠠᠨ ᠲᠠᠢ ᠰᠡᠳᠬᠢᠯ ᠤᠨ ᠦᠭᠡ ᠪᠠᠨ ᠶᠠᠷᠢᠯᠴᠠᠬᠤ ᠶᠢ ᠪᠤᠳᠤᠵᠠᠢ᠂ ᠬᠤᠶᠠᠷ ᠲᠤ᠂ ᠤᠯᠠᠨ ᠢ ᠵᠤᠷᠢᠭᠵᠢᠭᠤᠯᠤᠶ᠎ᠠ ᠭᠡᠵᠠᠢ᠂ ᠭᠤᠷᠪᠠ ᠳᠤ᠂ ᠤᠯᠠᠨ ᠤ ᠤᠳᠤᠬᠠᠨ ᠤ ᠠᠵᠤ ᠠᠬᠤᠢ ᠶᠢᠨ ᠪᠠᠶᠢᠳᠠᠯ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢᠢᠯᠠᠯ ᠤᠨ ᠦᠭᠡᠷᠡᠴᠢᠯᠡᠯᠳᠡ ᠬᠦᠭᠵᠢᠯᠳᠡ ᠶᠢᠨ ᠲᠤᠬᠠᠢ ᠰᠠᠨᠠᠯ ᠰᠠᠨᠠᠭᠤᠯᠭ᠎ᠠ ᠶᠢ ᠰᠤᠨᠤᠰᠤᠶ᠎ᠠ ᠭᠡᠵᠠᠢ᠃      ᠡᠨᠡ ᠡᠳᠦᠷ ᠤᠨ ᠶᠠᠷᠢᠯᠴᠠᠬᠤ ᠬᠤᠷᠠᠯ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠤᠢ᠂ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯᠲᠠᠨ ᠪᠤᠢ᠂ ᠭᠠᠳᠠᠭᠠᠳᠤ ᠪᠠᠯᠠᠳᠦ ᠠᠵᠤ ᠠᠬᠤᠶᠢᠯᠠᠯ ᠪᠠ ᠰᠢᠶᠠᠩᠭᠠᠩ ᠣᠣᠮᠧᠨ ᠲᠠᠶᠢᠸᠠᠨ ᠤ ᠪᠡᠯᠡᠳᠦ ᠠᠵᠤ ᠠᠬᠤᠶᠢᠯᠠᠯ ᠤᠨ ᠬᠠᠮᠢᠶᠠᠷᠤᠯᠳᠠ ᠶᠢᠨ ᠠᠵᠢᠯᠳᠠᠨ ᠪᠤᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠪᠤᠢ᠃ ᠣᠯᠠᠨ ᠢᠶᠠᠷ ᠢᠶᠠᠨ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠭᠠᠵᠠᠷ ᠣᠷᠣᠨ ᠠᠴᠠ ᠢᠷᠡᠵᠦ᠂ ᠪᠦᠷ ᠤᠷᠳᠤ ᠬᠤᠭᠤᠴᠠᠭᠠᠨ ᠤ ᠡᠵᠡᠩᠨᠡᠯᠲᠡ ᠬᠠᠮᠢᠶᠠᠷᠤᠯᠲᠠ ᠬᠢᠵᠦ ᠦᠩᠭᠡᠷᠡᠵᠤ᠂ ᠠᠵᠤ ᠠᠬᠤᠶᠢᠯᠠᠯ ᠤᠨ ᠬᠥᠭᠵᠢᠯᠲᠡ ᠳᠤ ᠥᠪᠡᠷ ᠤᠨ ᠬᠡᠰᠡᠨ ᠠᠵᠢᠡᠡᠯᠠᠯᠳᠠ ᠪᠠ ᠪᠣᠳᠣᠯᠬᠢᠯᠠᠯ ᠲᠠᠢ᠃      ᠰᠠᠶ᠋ᠢ 7 ᠲᠥᠯᠥᠭᠡᠯᠡᠭᠴᠢ ᠮᠠᠰᠢ ᠰᠠᠶᠢᠨ ᠶᠠᠷᠢᠵᠠᠢ᠃ ᠤᠯᠠᠨ ᠢᠶᠠᠷ ᠢᠶᠠᠨ ᠪᠠᠶᠢᠳᠠᠯ ᠢ ᠶᠠᠷᠢᠬᠤ ᠳᠠᠭᠠᠨ ᠦᠨᠡᠨ ᠠᠴᠠ ᠵᠥᠪ ᠢ ᠡᠷᠢᠵᠥ᠂ ᠳᠤᠷᠠᠳᠤᠭᠰᠠᠨ ᠰᠠᠨᠠᠭᠤᠯᠭ᠎ᠠ ᠴᠢᠭᠯᠡᠭᠦᠯᠦᠯᠳᠦ ᠴᠢᠨᠠᠷ ᠢᠶᠠᠷ ᠴᠢᠩᠭ᠎ᠠ ᠪᠠᠶᠢᠵᠥ᠂ ᠮᠠᠰᠢ ᠶᠡᠭᠡ ᠯᠠᠪᠯᠠᠬᠤ ᠦᠨ᠎ᠡ ᠦᠷᠳᠡᠭ ᠲᠠᠢ᠂ ᠪᠢ ᠰᠤᠨᠤᠰᠤᠭᠠᠳ ᠮᠠᠰᠢ ᠶᠡᠭᠡ ᠰᠡᠩᠬᠡᠷᠡᠭᠦᠯᠦᠯ ᠣᠯᠵᠠᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯᠲᠠᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠣᠭᠲᠠᠭᠠᠬᠤ ᠬᠡᠷᠡᠭᠲᠡᠶ᠃      ᠳᠣᠤᠷ᠎ᠠ ᠪᠢ ᠤᠯᠠᠨ ᠤ ᠬᠡᠯᠡᠭᠰᠡᠨ ᠲᠠᠢ ᠤᠶᠠᠯᠳᠤᠭᠤᠯᠤᠨ ᠬᠡᠳᠦᠨ ᠰᠠᠨᠠᠯ ᠶᠠᠷᠢᠶ᠎ᠠ᠃      ᠨᠢᠭᠡ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠠᠮᠠᠭᠠᠯᠠᠵᠤ ᠬᠥᠭᠵᠢᠭᠡᠬᠦ ᠬᠡᠷᠡᠭᠳᠠᠢ      ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠤᠯᠤᠰ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠮᠵᠢ ᠶᠢ ᠠᠯᠬᠤᠮ ᠠᠯᠬᠤᠮ ᠢᠶᠠᠷ ᠪᠠᠶᠢᠭᠤᠯᠤᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠰᠢᠰᠲ᠋ᠧᠮ ᠲᠠᠰᠤᠷᠠᠯᠲᠠ ᠦᠭᠡᠢ ᠬᠥᠭᠵᠢᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠥᠷᠨᠢᠭᠦᠨ ᠬᠥᠭᠵᠢᠪᠡ᠃ 2019 ᠣᠨ ᠤ ᠰᠡᠭᠦᠯᠴᠢ ᠪᠣᠯᠬᠤ ᠳᠤ᠂ ᠮᠠᠨ ᠤ ᠤᠯᠤᠰ ᠲᠤ ᠨᠢᠭᠡᠨᠲᠡ 1.23 ᠳ᠋ᠦᠩᠰᠢᠭᠤᠷ ᠵᠠᠬ᠎ᠠ ᠳᠡᠯᠭᠡᠭᠦᠷ ᠤᠨ ᠭᠤᠤᠯ ᠴᠣᠭᠴᠠ ᠲᠠᠢ ᠪᠣᠯᠵᠣ᠂ ᠡᠭᠦᠨ ᠳᠤ 3858 ᠲᠦᠮᠡᠨ ᠠᠵᠤ ᠠᠬᠤᠶᠢᠯᠠᠯ᠂ 8261 ᠲᠦᠮᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠲᠠᠢ ᠪᠤᠯᠪᠠ᠃ ᠡᠳᠡᠭᠡᠷ ᠵᠠᠬ᠎ᠠ ᠳᠡᠯᠭᠡᠭᠦᠷ ᠤᠨ ᠭᠤᠤᠯ ᠴᠣᠭᠴᠠ ᠪᠣᠯ ᠮᠠᠨ ᠤ ᠤᠯᠤᠰ ᠤᠨ ᠠᠵᠤ ᠠᠬᠤᠶ ᠶᠢᠨ ᠠᠵᠢᠯᠯᠠᠭᠠᠨ ᠤ ᠭᠤᠤᠯ ᠣᠷᠣᠯᠴᠠᠭᠴᠢ᠂ ᠠᠵᠢᠯ ᠣᠯᠭᠤᠬᠤ ᠲᠣᠬᠢᠶᠠᠯ ᠤᠨ ᠭᠤᠤᠯ ᠬᠠᠩᠭᠠᠭᠴᠢ᠂ ᠮᠡᠷᠭᠡᠵᠢᠯ ᠤᠨ ᠳᠠᠪᠰᠢᠯᠲᠠ ᠶᠢᠨ ᠭᠤᠤᠯ ᠠᠬᠢᠭᠤᠯᠤᠭᠴᠢ ᠪᠠᠶᠢᠵᠥ᠂ ᠤᠯᠤᠰ ᠤᠨ ᠬᠥᠭᠵᠢᠯᠲᠡ ᠳᠤ ᠲᠦᠢᠯ ᠤᠨ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠬᠰᠠᠨ ᠠᠴᠠ ᠨᠠᠭᠠᠰᠢ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠬᠢᠵᠢᠭ ᠤᠨ ᠪᠠᠶᠢᠳᠠᠯ ᠢ ᠠᠷᠭᠠᠴᠠᠭᠠᠬᠤ ᠠᠷᠠᠳ ᠤᠨ ᠳᠠᠶᠢᠨ ᠳᠤ ᠢᠳᠡᠪᠬᠢᠲᠡᠢ ᠣᠷᠣᠯᠴᠠᠵᠤ᠂ ᠪᠦᠯᠬᠦᠮᠳᠡᠨ ᠬᠠᠮᠵᠢᠯᠴᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠥᠪᠡᠷ ᠢ ᠪᠠᠨ ᠠᠪᠤᠷᠠᠬᠤ ᠪᠠᠷ ᠬᠦᠴᠦᠯᠡᠨ ᠴᠢᠷᠮᠠᠶᠢᠬᠤ ᠶᠢᠨ ᠬᠠᠮᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠪᠦᠬᠦᠢ ᠡᠳ᠋ ᠪᠣᠳᠠᠰ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠡᠨᠡ ᠲᠣᠬᠢᠶᠠᠯ ᠢ ᠠᠰᠢᠬᠯᠠᠨ᠂ ᠪᠢ ᠥᠷᠭᠡᠨ ᠤᠯᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠭᠠᠳᠠᠭᠠᠳᠤ ᠪᠡᠯᠡᠳᠦ ᠠᠵᠤ ᠠᠬᠤᠶᠢᠯᠠᠯ᠂ ᠰᠢᠶᠠᠩᠭᠠᠩ ᠣᠣᠮᠧᠨ ᠲᠠᠶᠢᠸᠠᠨ ᠤ ᠪᠡᠯᠡᠳᠦ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠶ᠎ᠠ︕      ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠣᠳᠣᠬᠠᠨ ᠳᠤ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠵᠤ᠂ ᠠᠵᠤ ᠠᠬᠤᠶ ᠶᠢᠨ ᠬᠥᠭᠵᠢᠯᠲᠡ ᠲᠣᠭᠲᠠᠭᠤᠨ ᠢᠶᠠᠷ ᠰᠠᠶᠢᠵᠢᠷᠠᠬᠤ ᠪᠠᠶᠢᠳᠠᠯ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠪᠠᠨ ᠰᠡᠷᠭᠦᠭᠡᠬᠦ ᠲᠠᠯ᠎ᠠ ᠪᠠᠷ ᠴᠥᠮ ᠳᠡᠯᠡᠬᠡᠶ ᠶᠢᠨ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ᠃ ᠮᠠᠨ‌‍ᠤ ᠤᠯᠤᠰ ᠤᠨ ᠠᠵᠤ ᠠᠬᠤᠢ ᠳᠦᠷᠦᠬᠦᠦ ᠤᠯᠠᠷᠢᠯ ᠳᠤ ᠶᠡᠭᠡ ᠪᠠᠷ ᠪᠠᠭᠤᠷᠠᠵᠤ᠂ ᠬᠤᠶᠠᠳᠤᠭᠠᠷ ᠤᠯᠠᠷᠢᠯ ᠳᠤ ᠲᠣᠭᠲᠠᠭᠤᠨ ᠢᠶᠠᠷ ᠳᠡᠭᠡᠭᠰᠢᠯᠡᠵᠦ᠂ ᠰᠥᠭᠡᠷᠭᠦ ᠪᠠᠶᠢᠭᠰᠠᠨ ᠠᠴᠠ ᠪᠠᠨ ᠡᠶᠡᠷᠬᠦ ᠪᠣᠯᠵᠤ᠂ 3.2% ᠢᠶᠠᠷ ᠨᠡᠮᠡᠭᠳᠡᠵᠤ᠂ ᠳᠡᠭᠡᠷ᠎ᠡ ᠬᠠᠭᠠᠰ ᠵᠢᠯ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ  ᠤᠨ ᠶᠡᠷᠦᠩᠬᠡᠢ ᠦᠷᠳᠡᠭ 1.6% ᠪᠠᠷ ᠪᠠᠭᠤᠷᠠᠵᠤ᠂ ᠪᠠᠶᠢᠳᠠᠯ ᠵᠢᠱᠢᠭᠰᠡᠨ ᠠᠴᠠ ᠰᠠᠶᠢᠨ ᠪᠠᠶᠢᠨ᠎ᠠ᠃ ᠪᠢᠳᠡ ᠢᠲᠡᠭᠡᠯ ᠵᠣᠷᠢᠭ ᠢᠶᠠᠨ ᠴᠢᠩᠭᠠᠳᠬᠠᠨ ᠬᠦᠴᠢᠷ ᠢ ᠰᠥᠷᠦᠨ ᠤᠷᠤᠭᠰᠢᠯᠠᠵᠥ᠂ ᠬᠢᠵᠢᠭ ᠠᠴᠠ ᠪᠣᠯᠤᠭᠰᠠᠨ ᠬᠤᠬᠢᠷᠠᠯ ᠢ ᠨᠦᠬᠦᠵᠦ ᠠᠪᠬᠤ ᠪᠠᠷ ᠴᠢᠷᠮᠠᠶᠢᠨ᠂ ᠪᠦᠬᠦ ᠵᠢᠯ ᠤᠨ ᠠᠵᠤ ᠠᠬᠤᠶ ᠶᠢᠨ ᠬᠥᠭᠵᠢᠯᠳᠡ ᠳᠤ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠠᠨ ᠤ ᠤᠯᠤᠰ ᠤᠨ ᠠᠵᠤ ᠠᠬᠤᠶ ᠪᠣᠯᠤᠨ ᠳᠡᠯᠡᠬᠡᠶ ᠶᠢᠨ ᠠᠵᠤ ᠠᠬᠤᠶ ᠳᠤ ᠯᠤᠲᠤ ᠶᠡᠭᠡ ᠳᠠᠭᠠᠷᠢᠯᠲᠠ ᠪᠣᠯᠵᠤ᠂ ᠮᠠᠨ ᠤ ᠤᠯᠤᠰ ᠤᠨ ᠮᠠᠰᠢ ᠤᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠤᠷᠢᠳ ᠡᠮᠦᠨ᠎ᠡ ᠪᠠᠶᠢᠭ᠎ᠠ ᠦᠭᠡᠢ ᠳᠠᠷᠤᠯᠲᠠ ᠳᠤ ᠤᠴᠠᠷᠠᠬᠰᠠᠨ ᠪᠠᠶᠢᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠪᠣᠯ ᠠᠵᠤ ᠠᠬᠤᠶ ᠶᠢᠨ ᠬᠦᠴᠦᠨ ᠤ ᠠᠴᠢᠶᠠᠯᠠᠪᠤᠷᠢ ᠮᠥᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠪᠣᠯ ᠳᠠᠷᠤᠶ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠪᠠᠲᠤᠯᠠᠵᠤ ᠪᠠᠶᠢᠬᠤ ᠶᠠᠪᠤᠳᠠᠯ ᠪᠤᠯᠤᠨ᠎ᠠ᠃ ᠪᠡᠶ᠎ᠠ ᠪᠠᠶᠢᠪᠠᠯ ᠪᠡᠭᠡᠵᠢᠩ ᠭᠡᠳᠡᠭ ᠢᠶᠠᠷ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠠᠶᠢᠲᠤᠷ ᠬᠠᠮᠠᠭᠠᠯᠠᠵᠤ᠂ ᠠᠵᠤ ᠠᠬᠤᠢ ᠶᠢᠨ ᠬᠥᠭᠵᠢᠯᠲᠡ ᠳᠤ ᠦᠨᠳᠦᠰᠦᠨ ᠬᠦᠴᠦᠨ ᠬᠤᠷᠠᠮᠳᠤᠭᠤᠯᠵᠤ ᠦᠭᠭᠦ ᠬᠡᠷᠡᠭᠲᠡᠢ᠃      ᠨᠠᠮ ᠤᠨ ᠲᠥᠪ ᠬᠤᠷᠢᠶ᠎ᠠ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠮᠠᠭᠠᠯᠠᠨ ᠳᠡᠮᠵᠢᠬᠦ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠳᠡᠯᠡᠵᠠᠢ᠃ ᠳᠠᠷᠠᠭᠠᠴᠢ ᠶᠢᠨ ᠠᠯᠬᠤᠮ ᠳᠤ᠂ ᠲᠦᠷᠤ ᠶᠢᠨ ᠪᠤᠳᠤᠯᠭ᠎ᠠ‌‍ᠶᠢᠨ ᠲᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠲᠡᠯᠬᠡᠬᠦᠷ ᠤᠨ ᠭᠤᠤᠯ ᠴᠤᠬᠴᠠ ᠶᠢᠨ ᠠᠮᠢᠵᠢᠷᠠᠯ ᠤᠨ ᠬᠦᠴᠤᠨ ᠢ ᠬᠦᠭᠵᠢᠬᠡᠵᠤ᠂ ᠦᠷᠬᠡᠨ ᠤᠯᠠᠨ ᠵᠠᠬ᠎ᠠ ᠲᠡᠯᠬᠡᠬᠦᠷ ᠤᠨ ᠭᠤᠤᠯ ᠴᠤᠬᠴᠠ ᠶᠢᠨ ᠬᠡᠪ ᠤᠨ ᠤᠷᠤᠰᠢᠯ ᠲᠤᠭᠳᠠᠨᠢᠯ ᠢᠶᠠᠨ ᠪᠠᠳᠤᠯᠠᠬᠤ ᠶᠢᠨ ᠬᠠᠮᠳᠤ ᠨᠡᠩ ᠶᠡᠭᠡ ᠬᠦᠭᠵᠢᠯᠳᠠ ᠲᠠᠢ ᠪᠤᠯᠬᠤ ᠶᠢ ᠠᠬᠢᠭᠤᠯᠬᠤ ᠬᠡᠷᠡᠭᠳᠠᠢ᠃      ᠨᠢᠭᠡᠳᠦᠭᠡᠷ ᠲᠤ᠂ ᠠᠵᠤ ᠠᠬᠤᠢᠢᠯᠠᠯ ᠤᠨ ᠬᠦᠴᠢᠷᠳᠡᠯ ᠢ ᠰᠢᠢᠳᠪᠤᠷᠢᠯᠡᠵᠦ ᠬᠠᠷᠠᠭᠠᠯᠵᠠᠯ ᠦᠵᠡᠬᠦᠯᠬᠦ ᠲᠦᠷᠤ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠭᠡᠷᠡᠭᠳᠠᠢ᠃ ᠨᠡᠩ ᠢᠳᠡᠪᠬᠢᠳᠠᠢ ᠬᠦᠴᠤᠨ ᠪᠦᠬᠦᠢ ᠡᠳ᠋ ᠤᠨ ᠵᠠᠰᠠᠬ ᠤᠨ ᠲᠦᠷᠤ ᠶᠢᠨ ᠪᠤᠳᠤᠯᠭ᠎ᠠ᠂ ᠨᠡᠩ ᠲᠤᠭᠳᠠᠭᠤᠨ ᠠᠮᠢᠳᠤᠯᠢᠬ ᠵᠤᠭᠤᠰᠤᠨ ᠤ ᠲᠦᠷᠤ ᠶᠢᠨ ᠪᠤᠳᠤᠯᠭ᠎ᠠ ᠶᠢ ᠰᠠᠶᠢᠳᠦᠷ ᠭᠡᠷᠡᠭᠵᠢᠬᠦᠯᠵᠤ᠂ ᠬᠤᠷᠸ᠎ᠠ ᠡᠵᠡᠮᠰᠢᠯ ᠤᠨ ᠲᠦᠷᠤ ᠶᠢᠨ ᠪᠤᠳᠤᠯᠭ᠎ᠠ ᠶᠢᠨ ᠴᠢᠭᠯᠡᠭᠦᠯᠦᠯᠳᠤ ᠴᠢᠨᠠᠷ ᠪᠤᠯᠤᠨ ᠴᠠᠭᠴᠢ ᠴᠢᠨᠠᠷ ᠢ ᠴᠢᠩᠭᠠᠳᠬᠠᠬᠤ ᠬᠡᠷᠡᠭᠳᠠᠢ᠃ ᠦᠷᠬᠦᠯᠵᠢᠯᠠᠨ ᠭᠠᠶᠢᠯᠢ ᠶᠢ ᠬᠦᠩᠭᠡᠷᠡᠭᠦᠯᠵᠦ ᠰᠦᠢᠳᠭᠡᠯ ᠢ ᠪᠠᠭᠤᠷᠠᠭᠤᠯᠤᠨ᠂ ᠳᠦᠷᠢᠶᠡᠰᠦᠨ ᠮᠦᠩᠬᠦ ᠶᠢ ᠪᠠᠭᠠᠰᠬᠠᠵᠤ ᠬᠦᠤ ᠮᠦᠩᠬᠦ ᠶᠢ ᠪᠠᠭᠤᠷᠠᠭᠤᠯᠵᠤ᠂ ᠬᠦᠴᠢᠷᠳᠡᠯ ᠢ ᠰᠢᠢᠳᠪᠤᠷᠢᠯᠡᠬᠦ ᠡᠯ᠎ᠠ ᠵᠦᠢᠯ ᠤᠨ ᠠᠷᠭ᠎ᠠ ᠬᠡᠮᠵᠢᠶ᠎ᠠ ᠶᠢᠨ ᠰᠢᠭᠤᠳ ᠦᠨᠳᠤᠰᠤᠨ ᠱᠠᠳᠤᠨ ᠳᠤ ᠬᠦᠷᠴᠤ᠂ ᠵᠠᠬ᠎ᠠ ᠲᠡᠯᠬᠡᠬᠦᠷ ᠤᠨ ᠭᠤᠤᠯ ᠴᠤᠬᠴᠠ ᠳᠤ ᠰᠢᠭᠤᠳ ᠠᠰᠢᠬ ᠬᠦᠷᠳᠡᠬᠡᠬᠦ ᠶᠢ ᠪᠠᠳᠤᠯᠠᠬᠤ ᠬᠡᠷᠡᠭᠳᠠᠢ᠃ ᠵᠠᠬ᠎ᠠ ᠲᠡᠯᠬᠡᠬᠦᠷ ᠤᠨ ᠭᠤᠤᠯ ᠴᠤᠬᠴᠠ ᠳᠠᠬᠢ ᠮᠦᠩᠬᠦᠨ ᠬᠦᠢᠯᠬᠡᠬᠡᠨ ᠤ ᠲᠡᠮᠵᠢᠯᠬᠡ ᠪᠠᠨ ᠴᠢᠩᠭᠠᠳᠬᠠᠨ᠂ ᠲᠦᠭᠡᠮᠡᠯ ᠬᠠᠷᠠᠭᠠᠯᠵᠠᠯᠳᠦ ᠮᠦᠩᠬᠦᠨ ᠬᠦᠢᠯᠬᠡᠬᠡ ᠶᠢ ᠬᠦᠭᠵᠢᠬᠦᠯᠵᠤ᠂ ᠠᠵᠤ ᠠᠬᠤᠢᠢᠯᠠᠯ ᠤᠨᠴᠠᠭᠠᠢᠢᠯᠠᠨ ᠳᠤᠮᠳᠠ ᠪᠠᠭ᠎ᠠ ᠵᠢᠵᠢᠭ ᠠᠵᠤ ᠠᠬᠤᠢᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠳᠠᠢ ᠠᠰᠠᠭᠤᠳᠠᠯ ᠢ ᠪᠦᠲᠦᠮᠵᠢᠳᠠᠢ ᠨᠠᠮᠳᠠᠭᠤᠯᠬᠤ ᠬᠡᠷᠡᠭᠳᠠᠢ᠃ ᠪᠤᠷᠤᠯᠠᠭᠤᠯᠭ᠎ᠠ ᠰᠠᠶᠢᠳᠠᠢ ᠭᠠᠳᠠᠭᠠᠳᠤ ᠭᠠᠷᠭᠠᠯᠳᠠ ᠶᠢᠨ ᠲᠠᠸᠠᠷ ᠤᠨ ᠤᠯᠤᠰ ᠤᠨ ᠳᠤᠳᠤᠭᠠᠳᠤ ᠳᠠᠬᠢ ᠵᠠᠬ᠎ᠠ ᠲᠡᠯᠬᠡᠬᠦᠷ ᠢᠶᠠᠨ ᠨᠡᠬᠡᠬᠡᠨ ᠦᠷᠭᠡᠳᠭᠡᠬᠦ ᠶᠢ ᠳᠡᠮᠵᠢᠬᠦ ᠬᠡᠷᠡᠭᠳᠠᠢ᠃ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨᠴᠠᠭᠠᠢᠢᠯᠠᠨ ᠲᠦᠪ ᠤᠨ ᠠᠵᠤ ᠠᠬᠤᠢᠢᠯᠠᠯ ᠤᠨ ᠬᠢᠨ ᠳᠠᠶᠢᠴᠢᠯᠠᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠠ ᠭᠤᠭᠴᠤᠭᠠᠨ ᠤ ᠡᠯ᠎ᠠ ᠲᠦᠷᠦᠯ ᠤᠨ ᠠᠵᠤ ᠠᠬᠤᠢᠢᠯᠠᠯ ᠤᠨ ᠬᠠᠮᠳᠤ ᠪᠠᠷ ᠬᠦᠴᠢᠷ ᠢ ᠲᠤᠭᠤᠯᠵᠤ ᠪᠡᠷᠬᠡ ᠶᠢ ᠳᠠᠪᠠᠭ᠋ᠤ ᠶᠢ ᠳᠠᠶᠢᠴᠢᠯᠠᠬᠤ ᠬᠡᠷᠡᠭᠳᠠᠢ᠃ ᠤᠯᠠᠨ ᠤᠯᠤᠰ ᠤᠨ ᠬᠠᠮᠳᠤᠷᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢ ᠰᠠᠶᠢᠳᠤᠷ ᠬᠠᠮᠠᠭᠠᠯᠠᠬᠤ ᠬᠡᠷᠡᠭᠳᠠᠢ᠃      ᠬᠤᠶᠠᠳᠤᠭᠠᠷ ᠲᠤ᠂ ᠵᠠᠬ᠎ᠠ ᠲᠡᠯᠬᠡᠬᠦᠷᠴᠢᠯᠡᠭᠰᠡᠨ᠂ ᠬᠠᠤᠯᠢᠵᠢᠬᠰᠠᠨ᠂ ᠲᠡᠯᠡᠬᠡᠶᠢᠵᠢᠭᠰᠡᠨ ᠠᠷᠠᠯᠵᠢᠶ᠎ᠠ ᠡᠵᠡᠩᠨᠡᠬᠦ ᠤᠷᠴᠢᠨ‌ᠢ ᠪᠤᠢ ᠪᠤᠯᠭᠠᠬᠤ ᠭᠡᠷᠡᠭᠳᠠᠢ᠃ ᠢᠷᠭᠡᠨ ᠤ ᠬᠠᠤᠯᠢ ᠶᠢᠨ ᠪᠢᠴᠢᠭ ᠪᠤᠯᠤᠨ ᠬᠤᠯᠪᠤᠭᠳᠠᠯ ᠪᠦᠬᠦᠢ ᠬᠠᠤᠯᠢ ᠳᠦᠷᠢᠮ ᠢ ᠰᠠᠶᠢᠳᠤᠷ ᠬᠡᠷᠡᠭᠵᠢᠭᠦᠯᠵᠤ᠂ ᠤᠯᠤᠰ ᠤᠨ ᠦᠮᠴᠢᠯᠡᠯ ᠤᠨ᠂ ᠠᠷᠠᠳ ᠤᠨ ᠡᠵᠡᠩᠨᠡᠯᠳᠡ ᠶᠢᠨ᠂ ᠭᠠᠳᠠᠭᠠᠳᠤ ᠪᠡᠯᠡᠳᠦ ᠵᠡᠷᠭᠡ ᠡᠯ᠎ᠠ ᠵᠦᠢᠯ ᠤᠨ ᠦᠮᠴᠢᠯᠡᠯ ᠤᠨ ᠳᠦᠷᠢᠮᠳᠦ ᠠᠵᠤ ᠠᠬᠤᠢᠢᠯᠠᠯ ᠤᠨ ᠦᠮᠴᠢᠯᠡᠯ ᠤᠨ ᠡᠷᠬᠡ ᠪᠤᠯᠤᠨ ᠪᠡᠶ᠎ᠠ ᠪᠠᠨ ᠳᠠᠭᠠᠭᠠᠵᠤ ᠡᠵᠡᠩᠨᠡᠬᠦ ᠡᠷᠭᠡ ᠶᠢ ᠬᠠᠤᠯᠢ ᠶᠤᠰᠤᠭᠠᠷ ᠡᠷᠬᠡ ᠲᠡᠭᠰᠢ ᠪᠠᠷ ᠬᠠᠮᠠᠭᠠᠯᠠᠵᠤ᠂ ᠡᠯ᠎ᠠ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠲᠦᠪ ᠭᠤᠤᠯᠴᠢ ᠪᠠᠷ ᠦᠷᠢᠰᠦᠯᠳᠦᠬᠦ ᠬᠠᠤᠯᠢᠵᠢᠯ ᠤᠨ ᠤᠷᠴᠢᠨ ᠢ ᠲᠡᠭᠦᠯᠳᠡᠷᠵᠢᠭᠦᠯᠬᠦ ᠬᠡᠷᠡᠭᠳᠠᠢ᠃ ᠠᠵᠤ ᠠᠬᠤᠢᠢᠯᠠᠯᠳᠠᠨ ᠤ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠵᠤ᠂ ᠦᠮᠴᠢᠯᠡᠯ ᠤᠨ ᠡᠷᠬᠡ ᠪᠤᠯᠤᠨ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠲᠤᠭᠳᠠᠭᠤᠨ ᠬᠦᠭᠵᠢᠯᠳᠡ ᠶᠢᠨ ᠵᠢᠱᠢᠯᠳᠡ ᠶᠢ ᠪᠦᠷᠢᠯᠳᠦᠭᠦᠯᠵᠤ᠂ ᠰᠢᠨ᠎ᠠ ᠶᠢ ᠡᠭᠦᠳᠬᠦ ᠶᠢ ᠵᠤᠷᠢᠭᠵᠢᠭᠤᠯᠤᠨ᠂ ᠢᠯᠠᠭᠳᠠᠬᠤ ᠶᠢ ᠠᠭᠤᠴᠢᠯᠠᠵᠤ᠂ ᠠᠵᠤ ᠠᠬᠤᠢᠢᠯᠠᠯᠳᠠᠳ ᠤᠨ ᠠᠵᠢᠯ ᠬᠢᠵᠤ ᠦᠢᠯᠡᠰ ᠪᠤᠰᠬᠠᠬᠤ ᠶᠢ ᠵᠤᠷᠢᠭᠵᠢᠭᠤᠯᠬᠤ ᠭᠦᠨ ᠵᠤᠵᠠᠭᠠᠨ ᠤᠷᠴᠢᠨ ᠨᠦᠬᠦᠴᠡᠯ ᠢ ᠪᠦᠷᠢᠯᠳᠦᠭᠦᠯᠬᠦ ᠬᠡᠷᠡᠭᠳᠠᠢ᠃ ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠵᠦᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠤ᠂ ᠠᠵᠤ ᠠᠬᠤᠢᠢᠯᠠᠯ ᠤᠨ ᠵᠠᠬ᠎ᠠ ᠳᠡᠯᠭᠡᠭᠦᠷ ᠤᠨ ᠬᠠᠮᠳᠤᠷᠠᠯᠴᠠᠭ᠎ᠠ ᠪᠠ ᠦᠷᠢᠰᠦᠯᠳᠦᠭᠡᠨ ᠳᠤ ᠨᠡᠩ ᠰᠠᠶᠢᠳᠦᠷ ᠤᠷᠤᠯᠴᠠᠬᠤ ᠶᠢ ᠳᠡᠮᠵᠢᠬᠦ ᠬᠡᠷᠡᠭᠳᠠᠢ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠤᠷᠤᠭᠤᠯᠤᠯᠳᠠ ᠶᠢᠨ ᠬᠠᠤᠯᠢ ᠶᠢ ᠰᠠᠶᠢᠳᠤᠷ ᠬᠡᠷᠡᠭᠵᠢᠭᠦᠯᠵᠤ᠂ ᠵᠠᠬ᠎ᠠ ᠲᠡᠯᠬᠡᠬᠦᠷ ᠲᠤ ᠤᠷᠤᠬᠤ ᠵᠦ᠋ᠪᠰᠢᠶᠡᠷᠡᠯ ᠢ ᠴᠢᠯᠤᠬᠡᠳᠠᠢ ᠪᠤᠯᠭᠠᠵᠤ᠂ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠶᠢᠨ ᠳᠦᠭᠦᠮᠴᠢᠯᠠᠯᠳᠠ ᠶᠢ ᠠᠬᠢᠭᠤᠯᠬᠤ ᠬᠡᠷᠡᠭᠳᠠᠢ᠃ ᠳᠤᠮᠳᠠᠳᠤ ᠤᠯᠤᠰ ᠲᠤ ᠳᠠᠩᠰᠠᠯᠠᠭᠤᠯᠤᠭᠰᠠᠨ ᠠᠵᠤ ᠠᠬᠤᠢᠢᠯᠠᠯ ᠳᠤ ᠪᠦᠷ ᠨᠢᠭᠡ ᠯᠡ ᠠᠳᠠᠯᠢ ᠪᠠᠷ ᠬᠠᠨᠳᠤᠵᠤ᠂ ᠲᠦᠪ ᠭᠤᠤᠯᠴᠢ ᠪᠠᠷ ᠦᠷᠢᠰᠦᠯᠳᠦᠬᠦ ᠤᠷᠴᠢᠨ ᠢ ᠲᠡᠭᠦᠯᠳᠡᠷᠵᠢᠭᠦᠯᠬᠦ ᠬᠡᠷᠡᠭᠳᠠᠢ᠃      ᠭᠤᠷᠪᠠᠳᠤᠭᠠᠷ ᠲᠤ᠂ ᠲᠤᠳᠤᠨᠤ ᠪᠦᠭᠡᠳ ᠲᠤᠳᠤᠷᠬᠠᠢ ᠵᠠᠰᠠᠬ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠬᠤ ᠭᠡᠷᠡᠭᠳᠠᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠠᠵᠤ ᠠᠬᠤᠢᠢᠯᠠᠯ ᠲᠠᠢ ᠢᠯᠡ ᠲᠤᠳᠤ ᠲᠦᠪ ᠴᠢᠭᠡᠴᠢ ᠪᠠᠷ ᠶᠠᠪᠤᠯᠴᠠᠵᠤ᠂ ᠠᠵᠤ ᠠᠬᠤᠢᠢᠯᠠᠯᠳᠠᠨ ᠤ ᠪᠤᠳᠤᠯ ᠰᠠᠨᠠᠭ᠎ᠠ ᠬᠦᠴᠢᠷ ᠪᠡᠷᠬᠡᠰᠢᠶᠠᠯ ᠢ ᠤᠢᠢᠯᠠᠭᠠᠵᠤ᠂ ᠠᠵᠤ ᠠᠬᠤᠢᠢᠯᠠᠯ ᠳᠤ ᠬᠤᠯᠪᠤᠭᠳᠠᠬᠤ ᠲᠦᠷᠦ ᠶᠢᠨ ᠪᠤᠳᠤᠯᠭ᠎ᠠ ᠲᠤᠭᠳᠠᠭᠠᠬᠤ ᠳᠠᠭᠠᠨ ᠠᠵᠤ ᠠᠬᠤᠢᠢᠯᠠᠯᠳᠠᠨ ᠤ ᠰᠠᠨᠠᠯ ᠰᠠᠨᠠᠭᠤᠯᠭ᠎ᠠ ᠶᠢ ᠢᠯᠡᠭᠦᠬᠡᠨ ᠰᠤᠨᠤᠰᠬᠤ ᠶᠢᠨ ᠬᠠᠮᠳᠤ ᠡᠷᠬᠡ ᠮᠦᠩᠭᠦᠨ ᠤ ᠵᠤᠯᠢᠶ᠎ᠠ᠂ ᠬᠤᠳᠠᠯᠳᠤᠭᠠᠨ ᠤ ᠶᠠᠪᠤᠳᠠᠯ ᠤᠨ ᠬᠠᠭ᠋ᠤᠤᠯᠢ ᠵᠡᠷᠭᠡ ᠠᠰᠠᠭᠤᠳᠠᠯ ᠢᠶᠠᠷ ᠵᠠᠰᠠᠭ ᠬᠤᠳᠠᠯᠳᠤᠭᠠᠨ ᠤ ᠬᠠᠷᠢᠴᠠᠭ᠎ᠠ ᠪᠤᠯᠤᠨ ᠠᠷᠠᠯᠵᠢᠶ᠎ᠠ ᠡᠵᠡᠩᠨᠡᠬᠦ ᠤᠷᠴᠢᠨ ᠢ ᠡᠪᠳᠡᠬᠦ ᠶᠢ ᠡᠷᠡᠰ ᠰᠡᠷᠭᠡᠶᠢᠯᠡᠬᠦ ᠬᠡᠷᠡᠭᠳᠠᠢ᠃ ᠡᠬᠢ ᠪᠠᠶᠠᠯᠢᠭ ᠤᠨ ᠳᠤᠬᠢᠷᠠᠭᠤᠯᠤᠯᠳᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠳᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠳᠦᠷ ᠪᠠᠳᠠᠷᠠᠭᠤᠯᠬᠤ ᠬᠡᠷᠡᠭᠳᠠᠢ᠃ ᠵᠠᠰᠠᠭ ᠤᠨ ᠤᠷᠳᠤᠨ ᠪᠤᠯ ᠵᠠᠬ᠎ᠠ ᠳᠡᠯᠭᠡᠭᠦᠷ ᠤᠨ ᠳᠦᠷᠢᠮ ᠢ ᠲᠤᠭᠳᠠᠭᠠᠭᠴᠢ ᠪᠦᠭᠡᠳ ᠵᠠᠬ᠎ᠠ ᠳᠡᠯᠭᠡᠭᠦᠷ ᠤᠨ ᠲᠦᠪ ᠭᠤᠤᠯᠴᠢ ᠶᠢᠨ ᠬᠠᠮᠠᠭᠠᠯᠠᠭᠴᠢ ᠪᠤᠯᠤᠨ᠎ᠠ᠂ ᠨᠡᠩ ᠤᠯᠠᠨ ᠰᠢᠯᠢᠳᠡᠭ ᠰᠠᠶᠢᠨ ᠤᠯᠠᠨ ᠨᠡᠶᠢᠳᠡ ᠶᠢᠨ ᠦᠢᠯᠡᠴᠢᠯᠡᠭᠡ ᠬᠠᠩᠭᠠᠬᠤ ᠬᠡᠷᠡᠭᠳᠠᠢ᠃ ᠠᠵᠤ ᠠᠬᠤᠢᠢᠯᠠᠯᠳᠠᠳ ᠤᠨ ᠰᠡᠳᠭᠢᠯ ᠳᠡᠭᠡᠨ ᠳᠠᠷᠤᠭᠠᠰᠤ ᠦᠭᠡᠢ᠂ ᠠᠯᠤᠰ ᠬᠡᠳᠦ ᠶᠢ ᠪᠤᠳᠤᠯᠬᠢᠯᠠᠵᠤ᠂ ᠡᠷᠡᠰ ᠬᠠᠳᠠᠨ ᠵᠤᠷᠢᠭ ᠢᠶᠠᠷ ᠮᠦᠩᠭᠡ ᠶᠢᠨ ᠦᠢᠯᠡᠰ ᠪᠤᠰᠬᠠᠨ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠦᠨᠳᠦᠰᠦᠯᠡᠵᠤ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠢ ᠰᠠᠶᠢᠳᠤᠷ ᠬᠦᠭᠵᠢᠭᠦᠯᠬᠦ ᠶᠢ ᠳᠡᠮᠵᠢᠬᠦ ᠬᠡᠷᠡᠭᠳᠠᠢ᠃      ᠳᠦᠷᠪᠡᠳᠦᠭᠡᠷ ᠲᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠭᠵᠢᠯᠳᠡ ᠶᠢ ᠳᠡᠮᠵᠢᠬᠦ ᠶᠢ ᠳᠡᠭᠡᠳᠤ ᠬᠡᠮᠵᠢᠶ᠎ᠠ ᠪᠠᠷ ᠴᠢᠬᠤᠯᠠᠴᠢᠯᠠᠬᠤ ᠬᠡᠷᠡᠭᠳᠠᠢ᠃ ᠮᠠᠨ ᠤ ᠤᠯᠤᠰ ᠲᠤ 8200 ᠭᠠᠷᠤᠢ ᠲᠦᠮᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠᠶᠢᠵᠤ᠂ 2 ᠳ᠋ᠦᠩᠰᠢᠭᠤᠷ ᠭᠠᠷᠤᠢ ᠬᠦᠮᠦᠨ ᠠᠮᠠ ᠶᠢᠨ ᠠᠵᠢᠯ ᠤᠯᠭᠤᠯᠳᠠ ᠶᠢ ᠳᠠᠶᠢᠴᠢᠯᠠᠵᠤ ᠪᠠᠶᠢᠨ᠎ᠠ᠂ ᠡᠨᠡ ᠪᠤᠯ ᠲᠤᠭ᠎ᠠ ᠬᠡᠮᠵᠢᠶ᠎ᠠ ᠪᠠᠷ ᠬᠠᠮᠤᠭ ᠠᠴᠠ ᠤᠯᠠᠨ ᠵᠠᠬ᠎ᠠ ᠳᠡᠯᠭᠡᠭᠦᠷ ᠤᠨ ᠭᠤᠤᠯ ᠴᠤᠭᠴᠠ ᠮᠦᠨ᠂ ᠤᠯᠠᠨ ᠲᠦᠮᠡᠨ ᠤ ᠠᠮᠢᠳᠤᠷᠠᠯ ᠤᠨ ᠬᠠᠮᠤᠭ ᠤᠨ ᠰᠢᠭᠤᠳ ᠦᠢᠯᠡᠴᠢᠯᠡᠭᠴᠢ ᠪᠤᠯᠬᠤ ᠪᠦᠭᠡᠳ ᠤᠳᠤᠬᠠᠨ ᠳᠤ ᠲᠤᠯᠭᠠᠷᠠᠵᠤ ᠪᠠᠶᠢᠭ᠎ᠠ ᠪᠤᠳᠠᠳᠠᠢ ᠬᠦᠴᠢᠷᠳᠡᠯ ᠴᠤ ᠬᠠᠮᠤᠭ ᠠᠴᠠ ᠤᠯᠠᠨ ᠪᠠᠶᠢᠨ᠎ᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠢᠳᠡᠪᠬᠢᠳᠠᠢ ᠬᠠᠪᠰᠤᠷᠤᠨ ᠳᠦᠷᠢᠶᠡᠰᠦᠨ ᠮᠦᠩᠬᠦ᠂ ᠭᠠᠶᠢᠯᠢ᠂ ᠨᠡᠶᠢᠭᠡᠮ ᠤᠨ ᠪᠠᠳᠤᠯᠠᠭ᠎ᠠ ᠶᠢᠨ ᠮᠦᠩᠬᠦ᠂ ᠪᠡᠯᠡ ᠬᠤᠷᠠᠮᠳᠤᠭᠤᠯᠬᠤ ᠵᠡᠷᠭᠡ ᠲᠠᠯ᠎ᠠ ᠶᠢᠨ ᠬᠦᠴᠢᠷᠳᠡᠯ ᠢ ᠨᠢ ᠰᠢᠢᠳᠪᠦᠷᠢᠯᠡᠨ ᠦᠭᠴᠤ᠂ ᠨᠡᠩ ᠰᠢᠭᠤᠳ ᠨᠡᠩ ᠪᠦᠲᠦᠮᠵᠢᠳᠠᠢ ᠲᠦᠷᠦ ᠶᠢᠨ ᠪᠤᠳᠤᠯᠭ᠎ᠠ ᠶᠢᠨ ᠬᠠᠪᠰᠤᠷᠤᠯᠭ᠎ᠠ ᠬᠠᠩᠭᠠᠬᠤ ᠬᠡᠷᠡᠭᠳᠠᠢ᠃      ᠬᠤᠶᠠᠷ᠂ ᠠᠵᠤ ᠠᠬᠤᠢᠢᠯᠠᠯᠳᠠᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠳᠠᠢ      ᠦᠭᠡᠷᠡᠴᠢᠯᠡᠯᠳᠡ ᠨᠡᠬᠡᠬᠡᠯᠳᠡ ᠬᠢᠭᠰᠡᠨ ᠠᠴᠠ ᠨᠠᠭᠠᠰᠢ᠂ ᠨᠢᠭᠡ ᠪᠦᠯᠦᠭ ᠰᠦᠰᠦ ᠵᠤᠷᠢᠭ ᠲᠠᠢ ᠪᠦᠭᠡᠳ ᠤᠬᠠᠭᠠᠨ ᠪᠤᠳᠤᠯᠭ᠎ᠠ ᠲᠠᠢ᠂ ᠵᠤᠷᠢᠭᠳᠠᠢ ᠪᠠᠷ ᠰᠢᠨ᠎ᠠ ᠶᠢ ᠡᠭᠦᠳᠬᠦ ᠠᠵᠤ ᠠᠬᠤᠢᠢᠯᠠᠯᠳᠠᠨ ᠦᠰᠦᠨ ᠪᠤᠶᠢᠵᠢᠵᠤ᠂ ᠢᠯᠡ ᠳᠤᠳᠤ ᠴᠠᠭ ᠦᠶ᠎ᠠ ᠶᠢᠨ ᠤᠨᠴᠠᠯᠢᠭ ᠪᠠ ᠦᠨᠳᠦᠰᠦᠳᠡᠨ ᠤ ᠤᠨᠴᠠᠯᠢᠭ ᠲᠠᠢ᠂ ᠳᠡᠯᠡᠬᠡᠢ ᠶᠢᠨ ᠲᠦᠪᠰᠢᠨ ᠪᠦᠬᠦᠢ ᠳᠤᠮᠳᠠᠳᠤ ᠤᠯᠤᠰ ᠤᠨ ᠠᠵᠤ ᠠᠬᠤᠢᠢᠯᠠᠯᠳᠠᠨ ᠤ ᠡᠩᠨᠡᠭᠡ ᠶᠢ ᠪᠦᠷᠢᠯᠳᠦᠭᠦᠯᠵᠠᠢ᠃ ᠠᠵᠤ ᠠᠬᠤᠢᠢᠯᠠᠯᠳᠠᠳ ᠠᠵᠤ ᠠᠬᠤᠢᠢᠯᠠᠯ ᠢᠶᠠᠨ ᠳᠠᠭᠠᠭᠤᠯᠤᠨ ᠤᠳᠤᠬᠠᠨ ᠤ ᠬᠦᠴᠢᠷᠳᠡᠯ ᠢ ᠢᠯᠠᠨ ᠳᠠᠪᠠᠵᠤ᠂ ᠨᠡᠩ ᠭᠡᠷᠡᠯ ᠰᠠᠴᠤᠷᠠᠩᠭᠤᠢ ᠢᠷᠡᠭᠡᠳᠦᠢ ᠲᠡᠶᠢᠰᠢ ᠤᠷᠤᠭᠰᠢᠯᠠᠬᠤ ᠳᠤ ᠠᠵᠤ ᠠᠬᠤᠢᠢᠯᠠᠯᠳᠠᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠢᠶᠠᠨ ᠬᠠᠶᠢᠷᠠᠯᠠᠬᠤ᠂ ᠰᠢᠨ᠎ᠠ ᠶᠢ ᠡᠭᠦᠳᠬᠦ᠂ ᠦᠨᠡᠨᠴᠢ ᠢᠳᠡᠭᠡᠮᠵᠢᠳᠠᠢ᠂ ᠨᠡᠶᠢᠭᠡᠮ ᠤᠨ ᠬᠠᠷᠢᠭᠤᠴᠠᠯᠭ᠎ᠠ ᠪᠤᠯᠤᠨ ᠤᠯᠠᠨ ᠤᠯᠤᠰ ᠤᠨ ᠬᠠᠷᠠᠭᠠᠰᠤ ᠵᠡᠷᠭᠡ ᠲᠠᠯ᠎ᠠ ᠪᠠᠷ ᠲᠠᠰᠤᠷᠠᠯᠳᠠ ᠦᠭᠡᠢ ᠦᠪᠡᠷ ᠢ ᠪᠠᠨ ᠳᠡᠭᠡᠭᠰᠢᠯᠡᠭᠦᠯᠵᠤ᠂ ᠰᠢᠨ᠎ᠠ ᠴᠠᠭ ᠦᠶ᠎ᠠ ᠳᠤ ᠰᠢᠨ᠎ᠠ ᠬᠦᠭᠵᠢᠯᠳᠡ ᠶᠢᠨ ᠪᠠᠶᠢᠷᠢᠰᠢᠯ ᠢ ᠪᠦᠷᠢᠯᠳᠦᠭᠦᠯᠬᠦ᠂ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠭᠤᠤᠯ ᠬᠦᠴᠦᠨ ᠴᠡᠷᠢᠭ ᠪᠤᠯᠬᠤ ᠪᠠᠷ ᠴᠢᠷᠮᠠᠶᠢᠬᠤ ᠬᠡᠷᠡᠭᠳᠠᠢ᠃ ᠠᠳᠡ ᠪᠢ ᠬᠡᠳᠦᠨ ᠲᠠᠯ᠎ᠠ ᠶᠢᠨ ᠬᠦᠰᠡᠯ ᠨᠠᠶᠢᠳᠠᠯᠭ᠎ᠠ ᠳᠤᠷᠠᠳᠤᠶ᠎ᠠ᠃      ᠨᠢᠭᠡᠲᠦᠭᠡᠷ ᠲᠤ᠂ ᠤᠯᠠᠨ ᠢᠶᠠᠷ ᠢᠶᠠᠨ ᠡᠭᠡ ᠤᠷᠤᠠᠴᠢ ᠰᠡᠳᠭᠢᠯᠭᠡ ᠪᠠᠨ ᠴᠢᠩᠭᠠᠳᠬᠠᠬᠤ ᠶᠢ ᠬᠦᠰᠡᠵᠤ ᠪᠠᠶᠢᠨ᠎ᠠ ᠃ ᠠᠵᠦ ᠠᠬᠤᠢᠢᠯᠠᠯ ᠤᠨ ᠡᠵᠡᠩᠨᠡᠯᠲᠡ ᠪᠤᠷᠤᠯᠠᠭᠤᠯᠭ᠎ᠠ ᠳᠤ ᠤᠯᠤᠰ ᠤᠨ ᠵᠠᠭᠠᠭ ᠭᠡᠵᠦ ᠪᠠᠶᠢᠬᠤ ᠦᠭᠡᠢ ᠴᠤ ᠠᠵᠦ ᠠᠬᠤᠢᠢᠯᠠᠯᠲᠠᠠ ᠳᠤ ᠡᠭᠡ ᠤᠯᠤᠰ ᠭᠡᠵᠦ ᠪᠠᠶᠢᠲᠠᠭ᠃ ᠰᠢᠯᠢᠲᠡᠭ ᠠᠵᠦ ᠠᠬᠤᠢᠢᠯᠠᠯᠲᠠᠠ ᠪᠤᠯᠪᠠᠰᠦ ᠡᠷᠭᠡᠪᠰᠢ ᠤᠯᠤᠰ ᠭᠡᠷ᠂ ᠦᠨᠲᠦᠰᠦᠲᠠᠠ ᠳᠤ ᠡᠷᠬᠢᠮ ᠲᠡᠭᠡᠲᠦ ᠡᠬᠦᠷᠭᠡ ᠬᠠᠷᠢᠭᠤᠴᠠᠯᠭᠠᠳᠦ ᠪᠤᠲᠤᠯ ᠲᠠᠢ ᠪᠠᠶᠢᠵᠦ᠂ ᠠᠵᠦ ᠠᠬᠤᠢᠢᠯᠠᠯ ᠤᠨ ᠬᠦᠭᠵᠢᠯᠲᠠ ᠪᠠᠨ ᠤᠯᠤᠰ ᠤᠨ ᠬᠦᠭᠵᠢᠯ ᠴᠡᠴᠡᠭᠯᠡᠯ᠂ ᠦᠨᠳᠦᠰᠦᠳᠡᠨ ᠤ ᠬᠦᠭᠵᠢᠯ ᠮᠠᠨᠳᠤᠯ᠂ ᠠᠷᠠᠳ ᠲᠦᠮᠡᠨ ᠤ ᠵᠤᠯ ᠵᠢᠷᠭᠠᠯ ᠲᠠᠢ ᠨᠢᠭᠳᠠ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠤᠯᠤᠰ ᠤᠨ ᠲᠦᠯᠦᠭᠡ ᠬᠠᠷᠢᠭᠤᠴᠠᠯᠭ᠎ᠠ ᠡᠭᠦᠷᠭᠡᠯᠡᠵᠤ᠂ ᠤᠯᠤᠰ ᠤᠨ ᠵᠤᠪᠠᠨᠢᠯ ᠢ ᠬᠤᠪᠢᠶᠠᠯᠴᠠᠬᠤ ᠬᠡᠷᠡᠭᠲᠡᠢ᠂ ︽ᠤᠯᠤᠰ ᠭᠡᠷ ᠲᠤ ᠠᠰᠢᠭᠲᠠᠢ ᠶᠠᠪᠤᠳᠠᠯ ᠬᠢᠭᠰᠡᠡ ᠬᠦᠮᠦᠨ ᠢ ᠠᠷᠠᠳ ᠲᠦᠮᠡᠨ ᠬᠠᠶᠢᠷᠠᠯᠠᠵᠤ᠂ ᠤᠯᠤᠰ ᠭᠡᠷ ᠲᠤ ᠬᠦᠨᠦᠭᠡᠯ ᠬᠢᠭᠰᠡᠡ ᠬᠦᠮᠦᠨ ᠢ ᠠᠷᠠᠳ ᠲᠦᠮᠡᠨ ᠬᠤᠷᠤᠰᠲᠠᠭ︾᠃ ᠤᠯᠤᠰ ᠢᠶᠠᠨ ᠬᠠᠶᠢᠷᠠᠯᠠᠬᠤ ᠪᠤᠯ ᠤᠷᠴᠢᠨ ᠦᠶ᠎ᠠ ᠠᠴᠠ ᠨᠠᠭᠠᠰᠢᠬᠢ ᠮᠠᠠ ᠤ ᠤᠯᠤᠰ ᠤᠨ ᠰᠢᠯᠢᠲᠡᠭ ᠠᠵᠦ ᠠᠬᠤᠢᠢᠯᠠᠯᠲᠠᠳ ᠤᠨ ᠢᠷᠠᠭᠤ ᠠᠯᠲᠠᠷᠲᠤ ᠤᠯᠠᠮᠵᠢᠯᠠᠯ ᠮᠦᠨ᠃ ᠴᠢᠩ ᠤᠯᠤᠰ ᠤᠨ ᠰᠡᠭᠦᠯᠴᠢ ᠢᠷᠭᠡᠡ ᠤᠯᠤᠰ ᠤᠨ ᠡᠬᠢᠠ ᠤ ᠦᠶ᠎ᠠ ᠶᠢᠨ ᠵᠠᠩ ᠵᠢᠶᠠᠠ ᠠᠴᠠ ᠶᠠᠫᠤᠨ ᠢ ᠡᠰᠡᠷᠭᠦᠴᠡᠬᠦ ᠲᠠᠶᠢᠨ ᠤ ᠦᠶ᠎ᠠ ᠶᠢᠨ ᠯᠦ ᠽᠦᠸᠧ ᠹᠦ᠋᠂ ᠴᠸᠠ ᠵᠢᠶᠠ ᠭᠧᠩ ᠬᠦᠷᠲᠡᠯ᠎ᠠ᠂ ᠲᠠᠬᠢᠭᠠᠳ ᠰᠢᠨ᠎ᠠ ᠲᠤᠮᠲᠠᠲᠤ ᠤᠯᠤᠰ ᠪᠠᠶᠢᠭᠤᠯᠤᠭᠲᠠᠭᠰᠠᠠ ᠤ ᠲᠠᠷᠠᠭᠠᠬᠢ ᠷᠦᠩ ᠢ ᠷᠸᠠ᠂ ᠸᠠᠩ ᠭᠤᠸᠠᠩ ᠶᠢᠩ ᠨᠠᠷ ᠬᠦᠷᠲᠡᠯ᠎ᠠ ᠪᠦᠷ ᠡᠭᠡ ᠤᠷᠤᠨᠴᠢ ᠠᠵᠦ ᠠᠬᠤᠢᠢᠯᠠᠯᠲᠠᠳ ᠤᠨ ᠨᠡᠶᠢᠲᠡᠯᠢᠭ ᠬᠡᠪ ᠳᠠᠭᠤᠷᠢᠶᠠᠯ ᠮᠦᠨ᠃ ᠦᠭᠡᠷᠡᠴᠢᠯᠡᠯᠲᠡ ᠨᠡᠭᠡᠭᠡᠯᠲᠠ ᠬᠢᠭᠰᠡᠡ ᠠᠴᠠ ᠨᠠᠭᠠᠰᠢ᠂ ᠮᠠᠠ ᠤ ᠤᠯᠤᠰ ᠲᠤ ᠪᠠᠰᠠ ᠠᠯᠢ ᠤᠯᠠᠠ ᠡᠭᠡ ᠤᠷᠤᠨᠴᠢ ᠠᠵᠦ ᠠᠬᠤᠢᠢᠯᠠᠯᠲᠠᠠ ᠴᠤᠯᠭᠤᠷᠠᠠ ᠭᠠᠷᠴᠠᠢ᠃ ᠠᠵᠦ ᠠᠬᠤᠢᠢᠯᠠᠯᠲᠠᠠ ᠤᠯᠤᠰ ᠢᠶᠠᠨ ᠬᠠᠶᠢᠷᠠᠯᠠᠬᠤ ᠳᠤ ᠤᠯᠠᠠ ᠵᠦᠢᠯ ᠤᠨ ᠬᠡᠯᠪᠡᠷᠢ ᠲᠠᠢ ᠪᠠᠶᠢᠵᠤ ᠪᠤᠯᠤᠨ᠎ᠠ᠂ ᠭᠡᠪᠡᠴᠤ ᠶᠠᠭᠤᠨ ᠤ ᠡᠮᠦᠨ᠎ᠠ ᠲᠡᠷᠢᠭᠦᠨ ᠤ ᠠᠵᠦ ᠠᠬᠤᠢᠢᠯᠠᠯ ᠢ ᠰᠠᠶᠢᠳᠦᠷ ᠡᠷᠬᠢᠯᠡᠵᠦ᠂ ᠠᠵᠦ ᠠᠬᠤᠢᠢᠯᠠᠯ ᠢᠶᠠᠨ ᠲᠠᠭᠠᠭᠤᠯᠤᠨ ᠲᠡᠷᠢᠭᠦᠨ ᠤ ᠬᠢ ᠪᠤᠯᠬᠤ ᠪᠠᠷ ᠴᠢᠷᠮᠠᠶᠢᠨ ᠲᠡᠮᠡᠴᠡᠵᠦ᠂ ᠶᠠᠰᠤ ᠴᠢᠨᠠᠷ ᠨᠡᠩ ᠰᠠᠶᠢᠨ᠂ ᠦᠷ᠎ᠠ ᠠᠰᠢᠭ ᠨᠡᠩ ᠦᠨᠳᠦᠷ᠂ ᠦᠷᠢᠰᠦᠯᠳᠦᠬᠦ ᠬᠦᠴᠦᠨ ᠨᠡᠩ ᠴᠢᠩᠭ᠎ᠠ᠂ ᠨᠦᠯᠦᠭᠡᠯᠡᠬᠦ ᠬᠦᠴᠦᠨ ᠨᠡᠩ ᠶᠡᠭᠡ ᠬᠦᠭᠵᠢᠯᠳᠡ ᠶᠢ ᠪᠡᠶᠡᠯᠡᠭᠦᠯᠬᠦ ᠬᠡᠷᠡᠭᠳᠠᠢ᠃      ᠬᠤᠶᠠᠲᠤᠭᠠᠷ ᠲᠤ᠂ ᠤᠯᠠᠨ ᠢᠶᠠᠷ ᠢᠶᠠᠨ ᠵᠤᠷᠢᠠᠠᠲᠠᠢ ᠪᠠᠷ ᠰᠢᠨ᠎ᠠ ᠶᠢ ᠡᠭᠦᠳᠬᠦ ᠶᠢ ᠬᠦᠰᠡᠵᠦ ᠪᠠᠶᠢᠨ᠎ᠠ᠃ ᠰᠢᠨ᠎ᠠ ᠶᠢ ᠡᠭᠦᠳᠬᠦ ᠪᠤᠯ ᠬᠦᠭᠵᠢᠯᠲᠠ ᠶᠢ ᠬᠦᠲᠦᠯᠦᠨ ᠲᠠᠭᠠᠭᠤᠯᠬᠤ ᠨᠢᠭᠡᠲᠦᠭᠡᠷ ᠬᠦᠲᠡᠯᠭᠡᠬᠦ ᠬᠦᠴᠤᠨ ᠮᠦᠨ᠃ ︽ᠡᠯᠪᠡᠭ ᠦᠯᠡᠮᠵᠢ ᠡᠳ᠋ ᠪᠠᠶᠠᠯᠢᠭ ᠡᠭᠦᠲᠦᠨ ᠪᠦᠲᠦᠭᠡᠬᠦ ᠶᠢ ᠬᠠᠮᠤᠭ ᠤᠨ ᠶᠡᠭᠡ ᠠᠮᠵᠢᠯᠲᠠ ᠬᠡᠮᠡᠵᠤ᠂ ᠡᠲᠦᠷ ᠪᠦᠷᠢ ᠰᠢᠨ᠎ᠠ ᠶᠢ ᠡᠭᠦᠳᠴᠤ ᠪᠠᠶᠢᠬᠤ ᠶᠢ ᠡᠷᠬᠢᠮ ᠲᠡᠭᠡᠲᠦ ᠵᠠᠩ ᠴᠢᠨᠠᠷ ᠬᠡᠮᠡᠮᠤᠢ︾᠃ ᠠᠵᠦ ᠠᠬᠤᠢᠢᠯᠠᠯᠲᠠᠠ ᠤ ᠰᠢᠨ᠎ᠠ ᠶᠢ ᠡᠭᠦᠳᠬᠦ ᠠᠵᠢᠯᠯᠠᠭ᠎ᠠ ᠪᠤᠯ ᠠᠵᠦ ᠠᠬᠤᠢᠢᠯᠠᠯ ᠤᠨ ᠰᠢᠨ᠎ᠠ ᠶᠢ ᠡᠭᠦᠳᠴᠤ ᠬᠦᠭᠵᠢᠭᠦ ᠶᠢᠨ ᠵᠠᠩᠭᠢᠯᠠᠭ᠎ᠠ ᠪᠤᠯᠤᠨ᠎ᠠ᠃ ᠠᠮᠧᠷᠢᠺᠠ ᠶᠢᠨ ᠠᠶᠢᠲᠢᠰᠤᠨ᠂᠂ ᠹᠦᠲ᠋ᠧ᠂ ᠭᠧᠷᠮᠠᠠ ᠤ ᠰᠢᠮᠧᠨ᠋ᠽᠢ᠂ ᠶᠠᠫᠤᠨ ᠤ ᠮᠠᠼᠢᠰᠢᠲᠠ ᠺᠤᠨᠤᠰᠺᠠᠢ ᠵᠡᠷᠭᠡ ᠠᠯᠲᠠᠷᠲᠦ ᠠᠵᠦ ᠠᠬᠤᠢᠢᠯᠠᠯᠲᠠᠠ ᠪᠤᠯ ᠪᠦᠷ ᠬᠠᠮᠢᠶᠠᠷᠤᠯᠲᠠ ᠶᠢᠨ ᠶᠡᠭᠡ ᠪᠠᠭᠰᠢ ᠪᠤᠯᠬᠤ ᠪᠠᠷ ᠪᠠᠷᠠᠬᠤ ᠦᠭᠡᠢ ᠪᠠᠰᠠ ᠰᠢᠨ᠎ᠠ ᠶᠢ ᠡᠭᠦᠳᠬᠦ ᠶᠡᠭᠡ ᠪᠠᠭᠰᠢ ᠮᠦᠨ᠃ ᠦᠭᠡᠷᠡᠴᠢᠯᠡᠯᠲᠡ ᠨᠡᠭᠡᠭᠡᠯᠲᠡ ᠬᠢᠭᠰᠡᠡ‌ᠡᠴᠠ ᠨᠠᠭᠠᠰᠢ᠂ ᠮᠠᠠ ᠤ ᠤᠯᠤᠰ ᠤᠨ ᠠᠵᠦ ᠠᠬᠤᠢ ᠶᠢᠨ ᠬᠦᠭᠵᠢᠯᠲᠠ ᠲᠡᠯᠡᠭᠡᠢ ᠳ᠋ᠠᠬᠢᠨ ᠤ ᠠᠩᠬᠠᠷᠤᠯ ᠢ ᠲᠡᠲᠠᠭᠰᠠᠠ ᠠᠮᠵᠢᠯᠲᠠ ᠪᠦᠲᠦᠮᠵᠢ ᠤᠯᠤᠭᠰᠠᠠ ᠨᠢ ᠦᠷᠭᠡᠡ ᠤᠯᠠᠠ ᠠᠵᠦ ᠠᠬᠤᠢᠢᠯᠠᠯᠲᠠᠳ ᠤᠨ ᠰᠢᠨ᠎ᠠ ᠶᠢ ᠡᠭᠦᠳᠬᠦ ᠵᠤᠷᠢᠭ ᠰᠠᠨᠠᠭ᠎ᠠ ᠶᠢ ᠶᠡᠭᠡ ᠪᠠᠷ ᠪᠠᠲᠠᠷᠠᠭᠤᠯᠤᠭᠰᠠᠠ ᠲᠠᠢ ᠰᠠᠯᠵᠦ ᠪᠤᠯᠤᠰᠢ ᠦᠭᠡᠢ᠃ ᠰᠢᠨ᠎ᠠ ᠶᠢ ᠡᠭᠦᠳᠬᠦ ᠭᠡᠪᠡᠯ ᠠᠶᠤᠯ ᠲᠦᠭᠰᠢᠬᠦᠷᠢ ᠶᠢ ᠵᠤᠷᠢᠠᠠᠲᠠᠢ ᠡᠬᠦᠷᠭᠡᠯᠡᠬᠦ ᠬᠡᠷᠡᠭᠲᠡᠢ᠃ ᠲᠡᠯᠡᠭᠡᠢ ᠲᠡᠭᠡᠷ᠎ᠠ ᠵᠤᠷᠢᠠᠠᠲᠠᠢ ᠪᠠᠷ ᠬᠦᠮᠦᠨ ᠤ ᠬᠢᠭᠰᠡᠡ ᠦᠭᠡᠢ ᠵᠦᠢᠯ ᠢ ᠬᠢᠬᠦ ᠪᠤᠯ ᠠᠶᠤᠯ ᠲᠦᠭᠰᠢᠬᠦᠷᠢ ᠦᠷᠢᠰᠦᠯᠳᠤᠬᠡᠨ ᠢ ᠢᠯᠠᠠ ᠲᠠᠪᠠᠵᠦ᠂ ᠴᠢᠨᠠᠷ ᠰᠠᠶᠢᠲᠠᠢ ᠬᠦᠭᠵᠢᠯᠲᠠ ᠶᠢ ᠪᠡᠶᠡᠯᠡᠭᠦᠯᠬᠦ ᠳᠤ ᠤᠨᠴᠠᠭᠠᠢᠢᠯᠠᠠ ᠪᠠᠲᠠᠷᠠᠭᠤᠯᠬᠤ ᠴᠢᠬᠤᠯᠠᠲᠠᠢ ᠵᠠᠩ ᠴᠢᠨᠠᠷ ᠪᠤᠯᠤᠨ᠎ᠠ᠃ ᠬᠢᠵᠢᠭ ᠤᠨ ᠪᠠᠶᠢᠲᠠᠯ ᠤᠨ ᠡᠮᠦᠨ᠎ᠠ᠂ ᠤᠯᠠᠠ ᠠᠵᠦ ᠦᠢᠯᠡᠰ ᠬᠦᠴᠢᠷᠲᠡᠯᠲᠡᠢ ᠪᠠᠶᠢᠭ᠎ᠠ ᠪᠤᠯᠪᠠᠴᠤ ᠬᠢᠮᠤᠷᠠᠯ ᠲᠤᠮᠲᠠ ᠠᠵᠠ ᠲᠤᠬᠢᠶᠠᠯ ᠪᠠᠶᠢᠨ᠎ᠠ᠂ ᠭᠠᠭᠴᠡ ᠬᠦ ᠰᠢᠨ᠎ᠠ ᠶᠢ ᠡᠭᠦᠲᠦᠭᠴᠢᠳ ᠰᠠᠶᠢ ᠠᠮᠵᠢᠯᠲᠠ ᠤᠯᠲᠠᠭ᠃ ᠠᠵᠦ ᠠᠬᠤᠢᠢᠯᠠᠯᠲᠠᠠ ᠰᠢᠨ᠎ᠠ ᠶᠢ ᠡᠭᠦᠳᠴᠤ ᠬᠦᠭᠵᠢᠭᠦᠯᠬᠦ ᠡᠷᠢᠯᠲᠠ ᠰᠤᠪᠢᠯᠲᠠ ᠬᠢᠭᠴᠢ᠂ ᠵᠤᠬᠢᠶᠠᠠ ᠪᠠᠶᠢᠭᠤᠯᠤᠭᠴᠢ᠂ ᠬᠦᠲᠦᠯᠦᠨ ᠲᠠᠭᠠᠭᠤᠯᠤᠭᠴᠢ ᠪᠤᠯᠵᠤ᠂ ᠦᠢᠯᠡᠳᠪᠦᠷᠢᠯᠡᠯ ᠢ ᠵᠤᠬᠢᠶᠠᠠ ᠪᠠᠶᠢᠭᠤᠯᠬᠤ ᠶᠢᠨ ᠰᠢᠨ᠎ᠠ ᠶᠢ ᠡᠭᠦᠳᠬᠦ᠂ ᠮᠡᠷᠭᠡᠵᠢᠯ ᠤᠨ ᠰᠢᠨ᠎ᠠ ᠶᠢ ᠡᠭᠦᠳᠬᠦ᠂ ᠵᠠᠬ᠎ᠠ ᠲᠡᠯᠭᠡᠭᠦᠷ ᠤᠨ ᠰᠢᠨ᠎ᠠ ᠶᠢ ᠡᠭᠦᠳᠬᠦ ᠶᠢ ᠵᠤᠷᠢᠠᠠᠲᠠᠢ ᠠᠬᠢᠭᠤᠯᠵᠦ᠂ ᠮᠡᠷᠭᠡᠵᠢᠯ ᠤᠨ ᠰᠤᠲᠤᠯᠭᠠᠠ ᠨᠡᠭᠡᠭᠡᠠ ᠬᠦᠭᠵᠢᠭᠦᠯᠦᠯᠲᠡ ᠪᠤᠯᠤᠨ ᠬᠦᠮᠦᠨ ᠤ ᠬᠦᠴᠤᠨ ᠤ ᠬᠦᠷᠦᠩᠭᠡ ᠶᠢᠨ ᠤᠷᠤᠭᠤᠯᠤᠯᠲᠠ ᠶᠢ ᠴᠢᠬᠤᠯᠠᠴᠢᠯᠠᠠ ᠦᠵᠡᠵᠦ᠂ ᠠᠵᠢᠯᠲᠠᠳ‌‍ᠤᠨ ᠢᠶᠠᠨ ᠡᠭᠦᠳᠦᠨ ᠪᠦᠲᠦᠭᠡᠬᠦ ᠴᠢᠲᠠᠪᠤᠷᠢ ᠶᠢ ᠪᠦᠲᠦᠮᠵᠢᠲᠠᠢ ᠲᠠᠶᠢᠴᠢᠯᠠᠵᠦ᠂ ᠠᠵᠦ ᠠᠬᠤᠢᠢᠯᠠᠯ ᠢᠶᠠᠨ ᠬᠦᠴᠦᠷᠭᠡᠭ ᠶᠡᠭᠡ ᠰᠢᠨ᠎ᠠ ᠶᠢ ᠡᠭᠦᠳᠬᠦ ᠭᠤᠤᠯ ᠴᠤᠭᠴᠠ ᠪᠤᠯᠭᠠᠬᠤ ᠪᠠᠷ ᠴᠢᠷᠮᠠᠶᠢᠵᠦ᠂ ᠬᠦᠴᠢᠷᠲᠠᠯᠲᠦ ᠪᠠᠶᠢᠲᠠᠯ ᠲᠤᠮᠲᠠ ᠬᠦᠴᠢᠷ ᠪᠡᠷᠭᠡ ᠶᠢ ᠲᠤᠭᠤᠯᠤᠨ ᠭᠠᠷᠴᠤ ᠲᠠᠬᠢᠨ ᠠᠮᠢᠯᠠᠬᠤ ᠪᠠᠷ ᠴᠢᠷᠮᠠᠶᠢᠬᠤ ᠭᠡᠷᠡᠭᠲᠡᠢ᠃      ᠭᠤᠷᠪᠠᠲᠤᠭᠠᠷ ᠲᠤ᠂ ᠤᠯᠠᠨ ᠢᠶᠠᠷ ᠢᠶᠠᠨ ᠦᠨᠡᠡᠴᠢ ᠢᠲᠡᠭᠡᠮᠵᠢᠲᠠᠢ ᠪᠠᠶᠢᠵᠤ᠂ ᠬᠠᠤᠯᠢ ᠶᠢ ᠰᠠᠬᠢᠬᠤ ᠶᠢ ᠬᠦᠰᠡᠵᠦ ᠪᠠᠶᠢᠨ᠎ᠠ᠃ ︽ᠦᠨᠡᠡᠴᠢ ᠢᠲᠡᠭᠡᠮᠵᠢᠲᠠᠢ ᠪᠠᠶᠢᠬᠤ ᠪᠤᠯ ᠲᠡᠭᠷᠢ ᠶᠢᠨ ᠶᠤᠰᠤᠨ ᠮᠦᠨ︔ ᠦᠨᠡᠡᠴᠢ ᠢᠲᠡᠭᠡᠮᠵᠢᠲᠡᠢ ᠶᠠᠪᠤᠬᠤ ᠶᠢ ᠡᠷᠬᠢᠮᠯᠡᠬᠦ ᠪᠤᠯ ᠬᠦᠮᠦᠨ ᠪᠤᠯᠬᠤ ᠶᠢᠨ ᠶᠤᠰᠤᠨ ᠪᠤᠯᠠᠢ︾᠃ ᠬᠦᠮᠦᠨ ᠢᠲᠡᠭᠡᠯ ᠠᠯᠲᠠᠪᠠᠯ ᠨᠡᠶᠢᠭᠡᠮ ᠲᠡᠭᠡᠷ᠎ᠡ ᠬᠦᠯ ᠲᠤᠭᠲᠠᠨᠢᠬᠤ ᠳᠤ ᠬᠡᠴᠡᠭᠦᠤ᠂ ᠠᠵᠦ ᠠᠬᠤᠢᠢᠯᠠᠯ ᠪᠠ ᠠᠵᠤ ᠠᠬᠤᠢᠢᠯᠠᠯᠲᠠᠨ ᠨᠡᠩ ᠴᠤ ᠡᠶᠢᠮᠦ ᠪᠠᠶᠢᠲᠠᠭ᠃ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠦ ᠠᠬᠤᠢ ᠪᠤᠯ ᠢᠲᠡᠭᠡᠮᠵᠢᠲᠦ ᠠᠵᠦ ᠠᠬᠤᠢ᠂ ᠬᠠᠤᠯᠢᠵᠢᠯ ᠤᠨ ᠠᠵᠦ ᠠᠬᠤᠢ ᠮᠦᠨ᠃ ᠠᠵᠦ ᠠᠬᠤᠢᠢᠯᠠᠯᠲᠠᠠ ᠲᠠᠯ᠎ᠠ ᠲᠠᠯ᠎ᠠ ᠶᠢᠨ ᠬᠢᠨ ᠲᠠᠢ ᠬᠠᠷᠢᠯᠴᠠᠵᠦ᠂ ᠬᠦᠮᠦᠨ ᠤ ᠬᠦᠴᠦᠨ᠂ ᠡᠳ᠋ ᠤᠨ ᠬᠦᠴᠦᠨ᠂ ᠪᠤᠲᠠᠰ ᠤᠨ ᠬᠦᠴᠦᠨ ᠵᠡᠷᠭᠡ ᠡᠯ᠎ᠠ ᠵᠦᠢᠯ ᠤᠨ ᠡᠬᠢ ᠪᠠᠶᠠᠯᠢᠭ ᠢ ᠲᠤᠬᠢᠷᠠᠭᠤᠯᠵᠤ ᠲᠠᠶᠢᠴᠢᠯᠠᠵᠦ ᠪᠠᠶᠢᠬᠤ ᠪᠤᠯᠬᠤᠷ ᠢᠲᠡᠭᠡᠯ ᠭᠡᠵᠤ ᠪᠠᠶᠢᠬᠤ ᠦᠭᠡᠢ ᠪᠤᠯ ᠠᠯᠬᠤᠮ ᠪᠦᠷᠢ ᠳᠤ ᠬᠦᠴᠢᠷ ᠪᠠᠶᠢᠲᠠᠭ᠃ ᠡᠯ᠎ᠠ ᠵᠦᠢᠯ ᠤᠨ ᠤᠴᠢᠷ ᠰᠢᠯᠲᠠᠭᠠᠠ ᠠᠴᠠ ᠪᠤᠯᠵᠦ᠂ ᠵᠠᠷᠢᠮ ᠠᠵᠦ ᠠᠬᠤᠢᠢᠯᠠᠯ ᠤᠨ ᠬᠢᠨ ᠡᠵᠡᠩᠨᠡᠯᠲᠡ ᠶᠢᠨ ᠠᠵᠢᠯᠯᠠᠭ᠎ᠠ ᠲᠤᠮᠲᠠ ᠢᠲᠡᠭᠡᠯ ᠢ ᠡᠷᠬᠢᠮᠯᠡᠬᠦ ᠦᠭᠡᠢ ᠲᠡᠷᠡᠴᠢᠯᠠᠠ ᠲᠦᠷᠢᠮ ᠲᠤᠭᠲᠠᠭᠠᠯ ᠬᠠᠤᠯᠢ ᠴᠠᠭᠠᠵᠠ ᠠᠴᠠ ᠵᠦᠷᠢᠴᠠᠵᠦ ᠪᠠᠶᠢᠬᠤ ᠦᠵᠡᠭᠲᠡᠯ ᠤᠷᠤᠰᠢᠵᠦ ᠪᠠᠶᠢᠨ᠎ᠠ᠃ ᠬᠠᠤᠯᠢᠵᠢᠯ ᠤᠨ ᠤᠬᠠᠮᠰᠠᠷ᠂ ᠬᠡᠷ᠎ᠠ ᠶᠢᠨ ᠵᠤᠷᠢᠭ ᠰᠠᠨᠠᠭ᠎ᠠ᠂ ᠬᠡᠷ᠎ᠠ ᠶᠢ ᠪᠠᠷᠢᠮᠲᠠᠯᠠᠬᠤ ᠦᠵᠡᠯᠲᠡ ᠪᠤᠯ ᠤᠲᠤ ᠦᠶ᠎ᠠ ᠶᠢᠨ ᠠᠵᠦ ᠠᠬᠤᠢ ᠶᠢᠨ ᠠᠵᠢᠯᠯᠠᠭ᠎ᠠ ᠶᠢᠨ ᠴᠢᠬᠤᠯᠠ ᠤᠬᠠᠮᠰᠠᠷ ᠤᠨ ᠵᠢᠷᠤᠮᠵᠢᠯ ᠮᠦᠨ᠂ ᠮᠦᠨ ᠴᠤ ᠢᠲᠡᠭᠡᠮᠵᠢᠲᠦ ᠠᠵᠦ ᠠᠬᠤᠢ᠂ ᠬᠠᠤᠯᠢᠵᠢᠯ ᠤᠨ ᠠᠵᠦ ᠠᠬᠤᠢ ᠶᠢᠨ ᠴᠢᠬᠤᠯᠠ ᠱᠠᠭᠠᠷᠲᠠᠯᠭ᠎ᠠ ᠮᠦᠨ᠃ ᠠᠵᠦ ᠠᠬᠤᠢᠢᠯᠠᠯᠲᠠᠠ ᠦᠨᠡᠨᠴᠢ ᠢᠲᠡᠭᠡᠮᠵᠢᠲᠠᠢ ᠪᠠᠶᠢᠬᠤ᠂ ᠬᠠᠤᠯᠢ ᠶᠢ ᠰᠠᠬᠢᠬᠤ ᠶᠢᠨ ᠦᠯᠢᠭᠡᠷ ᠲᠠᠭᠤᠷᠢᠶᠠᠯ ᠪᠤᠯᠵᠦ᠂ ᠪᠦᠬᠦ ᠨᠡᠶᠢᠭᠡᠮ ᠤᠨ ᠶᠤᠰᠤ ᠰᠤᠷᠲᠠᠬᠤᠠ ᠤ ᠬᠡᠪ ᠴᠢᠨᠠᠷ ᠪᠤᠯᠤᠨ ᠪᠤᠯᠪᠠᠰᠤᠨ ᠤ ᠬᠡᠮᠵᠢᠶ᠎ᠠ ᠶᠢ ᠲᠡᠭᠡᠭᠰᠢᠯᠡᠭᠦᠯᠬᠦ ᠶᠢ ᠲᠠᠶᠢᠴᠢᠯᠠᠬᠤ ᠭᠡᠷᠡᠭᠲᠡᠢ᠃      ᠲᠦᠷᠪᠡᠲᠦᠭᠡᠷ ᠲᠤ᠂ ᠤᠯᠠᠨ ᠢᠶᠠᠷ ᠢᠶᠠᠨ ᠨᠡᠶᠢᠭᠡᠮ ᠤᠨ ᠬᠠᠷᠢᠭᠤᠴᠠᠯᠭ᠎ᠠ ᠡᠬᠦᠷᠭᠡᠯᠡᠬᠦ ᠶᠢ ᠬᠦᠰᠡᠵᠦ ᠪᠠᠶᠢᠨ᠎ᠠ᠃ ᠠᠵᠦ ᠠᠬᠤᠢᠢᠯᠠᠯ ᠳᠤ ᠠᠵᠦ ᠠᠬᠤᠢ ᠶᠢᠨ ᠬᠠᠷᠢᠭᠤᠴᠠᠯᠭ᠎ᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠᠶᠢᠬᠤ ᠪᠠᠷ ᠪᠠᠷᠠᠬᠤ ᠦᠭᠡᠢ ᠪᠠᠰᠠ ᠨᠡᠶᠢᠭᠡᠮ ᠤᠨ ᠬᠠᠷᠢᠭᠤᠴᠠᠯᠭ᠎ᠠ᠂ ᠶᠤᠰᠤ ᠰᠤᠷᠲᠠᠬᠤᠨ ᠤ ᠬᠠᠷᠢᠭᠤᠴᠠᠯᠭ᠎ᠠ ᠪᠠᠶᠢᠭ᠎ᠠ ᠭᠡᠵᠦ ᠪᠢ ᠬᠡᠯᠡᠵᠦ ᠦᠩᠭᠡᠷᠠᠵᠠᠢ᠃ ᠶᠠᠮᠠᠷᠪᠠ ᠠᠵᠦ ᠠᠬᠤᠢᠢᠯᠠᠯ ᠪᠦᠷ ᠨᠡᠶᠢᠭᠡᠮ ᠤᠨ ᠲᠤᠮᠲᠠ ᠤᠷᠤᠰᠢᠵᠦ᠂ ᠪᠦᠷ ᠨᠡᠶᠢᠭᠡᠮ ᠤᠨ ᠠᠵᠦ ᠠᠬᠤᠢᠢᠯᠠᠯ ᠮᠦᠨ᠃ ᠨᠡᠶᠢᠭᠡᠮ ᠪᠤᠯ ᠠᠵᠦ ᠠᠬᠤᠢᠢᠯᠠᠯᠲᠠᠠ ᠤ ᠡᠷᠲᠡᠮ ᠴᠢᠲᠠᠪᠤᠷᠢ ᠪᠠᠨ ᠪᠠᠲᠠᠷᠠᠭᠤᠯᠬᠤ ᠲᠡᠪᠴᠠᠩ ᠮᠦᠨ᠃ ᠭᠠᠭᠴᠡ ᠬᠦ ᠦᠨᠡᠡ ᠰᠡᠳᠭᠢᠯ‌ᠡᠴᠠ ᠪᠠᠨ ᠨᠡᠶᠢᠭᠡᠮ ᠤᠨ ᠠᠴᠢ ᠶᠢ ᠬᠠᠷᠢᠭᠤᠯᠵᠦ᠂ ᠨᠡᠶᠢᠭᠡᠮ ᠤᠨ ᠬᠠᠷᠢᠭᠤᠴᠠᠯᠭ᠎ᠠ ᠪᠠᠨ ᠦᠨᠡᠡ ᠬᠦ ᠬᠦᠢᠴᠡᠳᠭᠡᠬᠦ ᠠᠵᠦ ᠠᠬᠤᠢᠢᠯᠠᠯᠲᠠᠠ ᠰᠠᠶᠢ ᠨᠡᠶᠢᠭᠡᠮ ᠳᠤ ᠮᠡᠲᠡᠷᠡᠭᠲᠡᠵᠦ᠂ ᠰᠠᠶ᠋ᠢ ᠴᠠᠭ ᠦᠶ᠎ᠠ ᠶᠢᠨ ᠱᠠᠭᠠᠷᠲᠠᠯᠭ᠎ᠠ ᠳᠤ ᠨᠡᠶᠢᠴᠡᠬᠦ ᠠᠵᠦ ᠠᠬᠤᠢᠢᠯᠠᠯᠲᠠᠠ ᠮᠦᠨ᠃ ᠡᠲᠡᠭᠡᠷ ᠵᠢᠯ ᠤᠨ ᠲᠤᠷᠰᠢ᠂ ᠤᠯᠠᠮ ᠠᠴᠠ ᠤᠯᠠᠮ ᠤᠯᠠᠠ ᠠᠵᠦ ᠠᠬᠤᠢᠢᠯᠠᠯᠲᠠᠠ ᠡᠯ᠎ᠠ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠤᠷᠤᠯᠴᠠᠵᠦ ᠪᠤᠢ᠃ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠲᠡᠮᠡᠴᠡᠯ ᠲᠤᠮᠲᠠ᠂ ᠦᠷᠭᠡᠡ ᠤᠯᠠᠠ ᠠᠵᠦ ᠠᠬᠤᠢᠢᠯᠠᠯᠲᠠᠠ ᠢᠲᠡᠪᠬᠢᠲᠠᠢ ᠪᠠᠷ ᠵᠤᠭᠤᠰ ᠪᠠ ᠡᠳ᠋ ᠪᠤᠲᠠᠰ ᠢᠪᠡᠭᠡᠡ ᠲᠤᠰᠠᠯᠠᠵᠦ᠂ ᠰᠠᠶᠢᠨ ᠲᠤᠷ᠎ᠠ ᠶᠢᠨ ᠦᠢᠯᠡᠴᠢᠯᠡᠭᠡ ᠬᠠᠩᠭᠠᠵᠦ᠂ ᠴᠢᠬᠤᠯᠠ ᠬᠤᠪᠢ ᠨᠡᠮᠡᠷᠢ ᠦᠵᠡᠭᠦᠯᠵᠠᠢ᠂ ᠡᠭᠦᠨ ᠢ ᠬᠦᠢᠴᠡᠳ ᠨᠤᠲᠠᠯᠠᠭᠤᠰᠢᠲᠠᠢ ᠪᠠᠶᠢᠨ᠎ᠠ᠃ ᠤᠲᠤᠬᠠᠠ ᠳᠤ᠂ ᠠᠵᠢᠯ ᠤᠯᠭᠤᠯᠲᠠ ᠶᠢᠨ ᠲᠠᠷᠤᠭᠠᠰᠤ ᠶᠡᠭᠡ᠂ ᠨᠢᠭᠡ ᠪᠦᠯᠦᠭ ᠬᠦᠲᠡᠯᠮᠦᠷᠢᠯᠡᠭᠴᠢᠳ ᠠᠵᠢᠯ ᠠᠯᠲᠠᠬᠤ ᠲᠦᠭᠰᠢᠬᠦᠷᠢ ᠳᠤ ᠲᠤᠯᠭᠠᠷᠠᠵᠦ ᠪᠠᠶᠢᠨ᠎ᠠ᠃ ᠠᠵᠢᠯᠲᠠᠳ ᠢᠶᠠᠨ ᠬᠠᠶᠢᠷᠠᠯᠠᠠ ᠬᠠᠯᠠᠮᠵᠢᠯᠠᠬᠤ ᠪᠤᠯ ᠠᠵᠦ ᠠᠬᠤᠢᠢᠯᠠᠯᠲᠠᠳ ᠤᠨ ᠨᠡᠶᠢᠭᠡᠮ ᠤᠨ ᠬᠠᠷᠢᠭᠤᠴᠠᠯᠭ᠎ᠠ ᠪᠠᠨ ᠬᠦᠢᠴᠡᠳᠬᠡᠬᠦ‍ ᠨᠢᠭᠡ ᠴᠢᠬᠤᠯᠠ ᠲᠠᠯ᠎ᠠ ᠪᠤᠯᠤᠨ᠎ᠠ᠂ ᠠᠵᠢᠯ ᠤᠯᠭᠤᠯᠲᠠ ᠶᠢᠨ ᠠᠵᠢᠯ ᠤᠨ ᠪᠠᠶᠢᠷᠢ ᠶᠢ ᠴᠢᠷᠮᠠᠶᠢᠨ ᠲᠤᠭᠲᠠᠪᠤᠷᠢᠵᠢᠭᠤᠯᠵᠦ᠂ ᠠᠵᠢᠯᠲᠠᠳ ᠤᠨ ᠢᠶᠠᠨ ᠡᠷᠡᠭᠦᠯ ᠮᠡᠡᠲᠦ ᠶᠢ ᠬᠠᠯᠠᠮᠵᠢᠯᠠᠵᠦ᠂ ᠠᠵᠢᠯᠲᠠᠳ ᠲᠠᠢ ᠪᠠᠨ ᠭᠠᠷ ᠬᠤᠯᠪᠤᠠ ᠬᠦᠴᠢᠷᠲᠡᠯ ᠢ ᠲᠤᠭᠤᠯᠵᠦ ᠭᠠᠷᠬᠤ ᠭᠡᠷᠡᠭᠲᠡᠢ᠃      ᠲᠠᠪᠤᠳᠤᠭᠠᠷ ᠲᠤ᠂ ᠤᠯᠠᠨ ᠢᠶᠠᠷ ᠢᠶᠠᠨ ᠲᠡᠯᠡᠬᠡᠢ ᠶᠢᠨ ᠬᠠᠷᠠᠭ᠎ᠠ ᠪᠠᠨ ᠦᠷᠬᠡᠳᠬᠡᠬᠦ ᠶᠢ ᠬᠦᠰᠡᠵᠤ ᠪᠠᠶᠢᠨ᠎ᠠ᠃ ᠬᠡᠳᠤᠢ ᠦᠷᠬᠡᠨ ᠬᠠᠷᠠᠭ᠎ᠠ ᠲᠠᠢ ᠪᠠᠶᠢᠪᠠᠯ ᠲᠡᠳᠤᠢ ᠠᠭᠤᠵᠢᠭᠤ ᠬᠡᠭᠦᠳᠡᠭ ᠴᠡᠭᠡᠵᠢ ᠲᠠᠢ ᠪᠤᠯᠲᠠᠭ᠃ ᠦᠬᠡᠷᠡᠴᠢᠯᠠᠯᠳᠠ ᠨᠡᠬᠡᠬᠡᠯᠳᠠ ᠬᠢᠭᠰᠡᠨ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠢᠢᠯᠠᠯ ᠲᠡᠯᠡᠬᠡᠢ ᠶᠢᠨ ᠵᠠᠬ᠎ᠠ ᠲᠡᠯᠬᠡᠬᠦᠷ ᠲᠤ ᠲᠠᠪᠳᠠᠨ ᠪᠤᠯᠪᠠᠰᠤᠷᠠᠵᠤ ᠦᠰᠤᠨ ᠪᠤᠶᠢᠵᠢᠵᠤ᠂ ᠤᠯᠤᠰ ᠤᠨ ᠳᠤᠳᠤᠭᠠᠳᠤ ᠭᠠᠳᠠᠭᠠᠳᠤ ᠬᠤᠶᠠᠷ ᠵᠠᠬ᠎ᠠ ᠲᠡᠯᠬᠡᠬᠦᠷ᠂ ᠬᠤᠶᠠᠷ ᠵᠦᠢᠯ ᠤᠨ ᠡᠬᠢ ᠪᠠᠶᠠᠯᠢᠬ ᠢ ᠠᠰᠢᠬᠯᠠᠬᠤ ᠴᠢᠳᠠᠪᠤᠷᠢ ᠲᠠᠰᠤᠷᠠᠯᠳᠠ ᠦᠬᠡᠢ ᠲᠡᠭᠡᠭᠰᠢᠯᠠᠪᠠ᠃ ᠦᠩᠬᠡᠷᠡᠭᠰᠡᠨ 10 ᠵᠢᠯ ᠳᠤ᠂ ᠮᠠᠨ ᠤ ᠤᠯᠤᠰ ᠤᠨ ᠠᠵᠤ ᠠᠬᠤᠢᠢᠯᠠᠯ ᠤᠨ ᠭᠠᠳᠠᠬᠰᠢ ᠭᠠᠷᠴᠤ ᠶᠠᠪᠤᠬᠤ ᠠᠯᠬᠤᠮ ᠢᠯᠡᠳᠳᠡ ᠲᠦᠷᠬᠡᠨ ᠪᠤᠯᠵᠤ᠂ ᠲᠡᠯᠡᠬᠡᠢ ᠶᠢᠨ ᠵᠠᠬ᠎ᠠ ᠲᠡᠯᠬᠡᠬᠦᠷ ᠤᠨ ᠨᠡᠬᠡᠬᠡᠯᠳᠠ ᠳᠤ ᠨᠡᠩ ᠦᠷᠬᠡᠨ ᠢᠶᠠᠷ ᠨᠡᠩ ᠬᠦᠨᠵᠡᠬᠡᠢ ᠤᠷᠤᠯᠴᠠᠵᠤ᠂ ᠲᠡᠯᠡᠬᠡᠢ ᠶᠢᠨ ᠲᠡᠰ ᠤᠨ ᠠᠵᠤ ᠠᠬᠤᠢᠢᠯᠠᠯ ᠤᠯᠠᠮ ᠠᠴᠠ ᠤᠯᠠᠨ ᠴᠤᠯᠭᠤᠷᠠᠨ ᠭᠠᠷᠤᠬᠰᠠᠨ ᠪᠠᠶᠢᠨ᠎ᠠ᠃ ᠤᠢᠢᠷ᠎ᠠ ᠶᠢᠨ ᠵᠢᠯ ᠤᠨ ᠲᠤᠷᠰᠢ᠂ ᠠᠵᠤ ᠠᠬᠤᠢ ᠶᠢᠨ ᠲᠡᠯᠡᠬᠡᠶᠢᠵᠢᠯᠲᠡ ᠰᠦᠷᠬᠡᠤ ᠤᠷᠤᠰᠬᠠᠯ ᠳᠤ ᠤᠴᠠᠷᠠᠵᠤ᠂ ᠠᠵᠤ ᠠᠬᠤᠢ ᠠᠷᠠᠯᠵᠢᠶᠠᠨ ᠤ ᠵᠦᠷᠢᠯᠳᠤᠬᠡᠨ ᠬᠤᠷᠴᠠᠳᠤᠬᠰᠠᠨ ᠪᠠᠶᠢᠨ᠎ᠠ᠃ ᠵᠠᠷᠢᠮ ᠠᠵᠤ ᠠᠬᠤᠢᠢᠯᠠᠯ ᠨᠢ ᠴᠢᠬᠤᠯᠡ ᠡᠯᠧᠮᠧᠨ᠋ᠲ ᠤᠨ ᠦᠪᠡᠷ ᠤᠨ ᠦᠷᠳᠡᠭ ᠪᠤᠯᠤᠨ ᠠᠷᠠᠯᠵᠢᠶᠠᠨ ᠤ ᠤᠷᠴᠢᠨ ᠪᠠᠶᠢᠳᠠᠯ ᠵᠡᠷᠬᠡ ᠲᠠᠯ᠎ᠠ ᠠᠴᠠ ᠪᠤᠳᠤᠯᠬᠢᠯᠠᠵᠤ᠂ ᠠᠵᠤ ᠤᠢᠢᠯᠡᠰ ᠤᠨ ᠪᠠᠶᠢᠷᠢᠰᠢᠯ ᠪᠤᠯᠤᠨ ᠪᠦᠬᠦ ᠪᠦᠮᠪᠦᠷᠴᠡᠭ ᠤᠨ ᠡᠬᠢ ᠪᠠᠶᠠᠯᠢᠬ ᠤᠨ ᠬᠤᠪᠢᠶᠠᠷᠢᠯᠠᠯᠳᠠ‌‍ᠳᠠᠭᠠᠨ ᠲᠤᠬᠢᠷᠠᠭᠤᠯᠤᠯᠳᠠ ᠬᠢᠭᠰᠡᠨ ᠪᠠᠶᠢᠨ᠎ᠠ᠃ ᠡᠨᠡ ᠪᠤᠯ ᠬᠡᠪ ᠤᠨ ᠤᠢᠢᠯᠡᠳᠪᠤᠷᠢᠯᠡᠯ ᠡᠵᠡᠩᠨᠠᠯᠳᠠ ᠶᠢᠨ ᠲᠤᠬᠢᠷᠠᠭᠤᠯᠤᠯᠳᠠ ᠪᠤᠯᠤᠨ᠎ᠠ᠃ ᠡᠬᠦᠨ ᠤ ᠬᠠᠮᠳᠤ᠂ ᠳᠤᠮᠳᠠᠳᠤ ᠤᠯᠤᠰ ᠪᠤᠯ ᠪᠦᠬᠦ ᠪᠦᠮᠪᠦᠷᠴᠡᠭ ᠤᠨ ᠬᠠᠮᠤᠬ ᠤᠨ ᠲᠠᠯᠳᠠ ᠬᠦᠴᠤᠨ ᠲᠠᠢ ᠶᠡᠭᠡ ᠵᠠᠬ᠎ᠠ ᠲᠡᠯᠬᠡᠬᠦᠷ᠂ ᠬᠠᠮᠤᠬ ᠤᠨ ᠪᠦᠷᠢᠨ ᠲᠡᠬᠦᠯᠳᠡᠷ ᠠᠵᠤ ᠤᠢᠢᠯᠡᠰ ᠤᠨ ᠲᠦᠬᠦᠷ ᠨᠦᠬᠦᠴᠠᠯ ᠪᠦᠷᠢᠯᠳᠦᠬᠦᠯᠦᠭᠰᠡᠨ ᠢ ᠪᠢᠳᠡ ᠤᠯᠵᠤ ᠬᠠᠷᠠᠬᠤ ᠭᠡᠷᠡᠭᠳᠠᠢ᠃ ᠠᠵᠤ ᠠᠬᠤᠢᠢᠯᠠᠯᠳᠠ ᠨᠢ ᠳᠤᠮᠳᠠᠳᠤ ᠤᠯᠤᠰ ᠲᠤ ᠰᠠᠭᠤᠷᠢᠯᠠᠵᠤ᠂ ᠲᠡᠯᠡᠬᠡᠢ ᠳ᠋ᠠᠬᠢᠨ ᠢ ᠪᠠᠷᠠᠯᠠᠵᠤ᠂ ᠲᠡᠯᠡᠬᠡᠢ ᠶᠢᠨ ᠵᠠᠬ᠎ᠠ ᠲᠡᠯᠬᠡᠬᠦᠷ ᠤᠨ ᠬᠠᠨᠳᠤᠰᠢ ᠪᠤᠯᠤᠨ ᠭᠡᠷᠡᠭᠴᠡᠭᠡ ᠶᠢᠨ ᠤᠨᠴᠠᠯᠢᠬ ᠢ ᠡᠵᠡᠮᠳᠡᠬᠦ ᠴᠢᠳᠠᠪᠤᠷᠢ ᠪᠠᠨ ᠲᠡᠭᠡᠭᠰᠢᠯᠡᠬᠦᠯᠵᠤ᠂ ᠲᠡᠯᠡᠬᠡᠢ ᠶᠢᠨ ᠪᠠᠷᠢᠮᠵᠢᠶ᠎ᠠ ᠶᠢ ᠡᠵᠡᠮᠳᠡᠬᠦ ᠴᠢᠳᠠᠪᠤᠷᠢ ᠪᠠᠨ ᠲᠡᠭᠡᠭᠰᠢᠯᠡᠬᠦᠯᠵᠤ᠂ ᠲᠡᠯᠡᠬᠡᠢ ᠶᠢᠨ ᠵᠠᠬ᠎ᠠ ᠲᠡᠯᠬᠡᠬᠦᠷ ᠢ ᠨᠡᠬᠡᠬᠡᠨ ᠬᠦᠭᠵᠢᠬᠦᠯᠬᠦ ᠴᠢᠳᠠᠪᠤᠷᠢ ᠪᠠᠨ ᠲᠡᠭᠡᠭᠰᠢᠯᠡᠬᠦᠯᠵᠤ᠂ ᠲᠡᠯᠡᠬᠡᠢ ᠶᠢᠨ ᠵᠠᠬ᠎ᠠ ᠲᠡᠯᠬᠡᠬᠦᠷ ᠤᠨ ᠠᠶᠤᠯ ᠲᠦᠭᠰᠢᠬᠦᠷᠢ ᠶᠢ ᠰᠡᠷᠬᠡᠶᠢᠯᠡᠬᠦ ᠴᠢᠳᠠᠪᠤᠷᠢ ᠪᠠᠨ ᠲᠡᠭᠡᠭᠰᠢᠯᠡᠬᠦᠯᠵᠤ᠂ ᠠᠵᠤ ᠠᠬᠤᠢᠢᠯᠠᠯ ᠢ ᠲᠠᠶᠢᠴᠢᠯᠠᠵᠤ ᠨᠡᠩ ᠦᠨᠳᠤᠷ ᠲᠦᠪᠰᠢᠨ ᠲᠠᠢ ᠭᠠᠳᠠᠭᠠᠳᠤ ᠨᠡᠬᠡᠬᠡᠯᠳᠠ ᠳᠤ ᠨᠡᠩ ᠰᠠᠶᠢᠨ ᠬᠦᠭᠵᠢᠯᠳᠠ ᠶᠢ ᠪᠡᠶᠡᠯᠡᠬᠦᠯᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠤᠤᠰ ᠡᠷᠬᠢᠯᠳᠠ ᠶᠢ ᠠᠬᠢᠭᠤᠯᠬᠤ ᠭᠡᠷᠡᠭᠳᠠᠢ᠃      ᠭᠤᠷᠪᠠ᠂ ᠬᠦᠴᠤᠨ ᠢᠶᠠᠨ ᠲᠦᠪᠯᠡᠷᠡᠬᠦᠯᠵᠤ ᠪᠠᠶᠢᠭᠠᠳ ᠦᠪᠡᠷ ᠤᠨ ᠶᠠᠪᠤᠳᠠᠯ ᠢᠶᠠᠨ ᠰᠠᠶᠢᠨ ᠬᠢᠬᠦ ᠭᠡᠷᠡᠭᠳᠠᠢ      ᠪᠢ ᠡᠨᠡ ᠵᠢᠯ ᠤᠨ ᠪᠦᠬᠦ ᠤᠯᠤᠰ ᠤᠨ ︽ᠬᠤᠶᠠᠷ ᠬᠤᠷᠠᠯ︾ ᠲᠡᠭᠡᠷ᠎ᠠ᠂ ᠢᠷᠡᠬᠡᠳᠤᠢ ᠳᠤ ᠬᠠᠨᠳᠤᠵᠤ᠂ ᠪᠢᠳᠡ ᠤᠯᠤᠰ ᠤᠨ ᠳᠤᠳᠤᠭᠠᠳᠤ ᠶᠢᠨ ᠶᠡᠭᠡ ᠡᠷᠬᠢᠯᠳᠠ ᠪᠠᠷ ᠭᠤᠤᠯ ᠴᠤᠬᠴᠠ ᠪᠤᠯᠭᠠᠬᠤ᠂ ᠤᠯᠤᠰ ᠤᠨ ᠳᠤᠳᠤᠭᠠᠳᠤ ᠤᠯᠤᠰ ᠤᠨ ᠭᠠᠳᠠᠭᠠᠳᠤ ᠶᠢᠨ ᠬᠤᠤᠰ ᠡᠷᠬᠢᠯᠳᠠ ᠬᠠᠷᠢᠯᠴᠠᠨ ᠠᠬᠢᠭᠤᠯᠤᠬᠰᠠᠨ ᠰᠢᠨ᠎ᠠ ᠬᠦᠭᠵᠢᠯᠳᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠬᠦᠯᠬᠦ ᠭᠡᠷᠡᠭᠳᠠᠢ ᠬᠡᠵᠤ ᠶᠠᠷᠢᠬᠰᠠᠨ ᠪᠠᠶᠢᠨ᠎ᠠ᠃ ᠡᠨᠡ ᠨᠢ ᠭᠤᠤᠯᠳᠠᠭᠤ᠄ ᠤᠳᠤᠬᠠᠨ ᠤ ᠲᠡᠯᠡᠬᠡᠢ ᠶᠢᠷᠳᠢᠨᠴᠤ ᠵᠠᠭᠤᠨ ᠵᠢᠯ ᠲᠤᠬᠢᠶᠠᠯᠳᠤᠭ᠎ᠠ ᠦᠬᠡᠢ ᠶᠡᠭᠡ ᠬᠤᠪᠢᠷᠠᠯᠳᠠ ᠶᠢ ᠦᠩᠬᠡᠷᠡᠬᠡᠵᠤ᠂ ᠰᠢᠨ᠎ᠠ ᠨᠢᠬᠡ ᠡᠬᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠤᠪᠢᠰᠬᠠᠯ ᠪᠤᠯᠤᠨ ᠠᠵᠤ ᠤᠢᠢᠯᠡᠰ ᠤᠨ ᠬᠤᠪᠢᠰᠤᠯᠳᠠ ᠦᠷᠨᠢᠨ ᠬᠦᠭᠵᠢᠵᠤ ᠪᠠᠶᠢᠨ᠎ᠠ᠃ ᠤᠤᠯ ᠳᠠᠭᠠᠨ᠂ ᠠᠵᠤ ᠠᠬᠤᠢ ᠶᠢᠨ ᠲᠡᠯᠡᠬᠡᠶᠢᠵᠢᠯᠲᠡ ᠬᠦᠨᠵᠡᠬᠡᠶᠢᠷᠡᠨ ᠬᠦᠭᠵᠢᠬᠦ ᠭᠠᠳᠠᠭᠠᠳᠤ ᠤᠷᠴᠢᠨ ᠪᠠᠶᠢᠳᠠᠯ ᠳᠤ᠂ ᠵᠠᠬ᠎ᠠ ᠲᠡᠯᠬᠡᠬᠦᠷ ᠪᠤᠯᠤᠨ ᠡᠬᠢ ᠪᠠᠶᠠᠯᠢᠬ ︽ᠬᠤᠶᠠᠭᠤᠯᠠ ᠪᠠᠨ ᠭᠠᠳᠠᠭᠠᠳᠤ ᠳᠤ ᠪᠠᠶᠢᠬᠤ︾ ᠪᠠᠶᠢᠳᠠᠯ ᠨᠢ ᠮᠠᠨ ᠤ ᠤᠯᠤᠰ ᠤᠨ ᠲᠦᠷᠬᠡᠨ ᠬᠦᠭᠵᠢᠯᠳᠠ ᠳᠤ ᠴᠢᠬᠤᠯᠠ ᠤᠢᠢᠯᠡᠳᠤᠯ ᠦᠵᠡᠬᠦᠯᠪᠠ᠃ ᠤᠳᠤᠬᠠᠨ ᠳᠤ ᠬᠠᠮᠠᠭᠠᠯᠠᠬᠤ ᠦᠵᠡᠯ ᠴᠢᠩᠭᠠᠷᠠᠵᠤ᠂ ᠲᠡᠯᠡᠬᠡᠢ ᠶᠢᠨ ᠠᠵᠤ ᠠᠬᠤᠢ ᠦᠬᠡᠳᠠ ᠦᠬᠡᠢ᠂ ᠪᠦᠬᠦ ᠪᠦᠮᠪᠦᠷᠴᠡᠭ ᠤᠨ ᠵᠠᠬ᠎ᠠ ᠲᠡᠯᠬᠡᠬᠦᠷ ᠮᠠᠭᠤᠳᠠᠬᠤ ᠭᠠᠳᠠᠭᠠᠳᠤ ᠤᠷᠴᠢᠨ ᠪᠠᠶᠢᠳᠠᠯ ᠳᠤ᠂ ᠪᠢᠳᠠ ᠡᠷᠬᠡᠪᠰᠢ ᠤᠯᠤᠰ ᠤᠨ ᠳᠤᠳᠤᠭᠠᠳᠤ ᠶᠢᠨ ᠯᠤᠳᠤ ᠶᠡᠭᠡ ᠬᠡᠪᠴᠢᠶᠠᠨ ᠤ ᠵᠠᠬ᠎ᠠ ᠲᠡᠯᠬᠡᠬᠦᠷ ᠤᠨ ᠲᠠᠪᠠᠭᠤᠯᠢᠬ ᠢ ᠬᠦᠢᠴᠡᠳ ᠪᠠᠳᠠᠷᠠᠭᠤᠯᠵᠤ᠂ ᠤᠯᠤᠰ ᠤᠨ ᠳᠤᠳᠤᠭᠠᠳᠤ ᠶᠢᠨ ᠠᠵᠤ ᠠᠬᠤᠢ ᠶᠢ ᠴᠡᠴᠡᠭᠯᠡᠬᠦᠯᠤᠨ ᠬᠦᠭᠵᠢᠬᠦᠯᠬᠦ᠂ ᠤᠯᠤᠰ ᠤᠨ ᠳᠤᠳᠤᠭᠠᠳᠤ ᠶᠢᠨ ᠶᠡᠭᠡ ᠡᠷᠬᠢᠯᠳᠠ ᠶᠢ ᠰᠢᠯᠤᠭᠤᠳᠬᠠᠬᠤ ᠪᠠᠷ ᠲᠠᠮᠵᠢᠭᠤᠯᠵᠤ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠳᠤ ᠬᠦᠴᠤᠨ ᠨᠡᠮᠡᠷᠢᠯᠠᠵᠤ᠂ ᠲᠡᠯᠡᠬᠡᠢ ᠶᠢᠨ ᠠᠵᠤ ᠠᠬᠤᠢ ᠶᠢᠨ ᠰᠡᠷᠬᠦᠯᠳᠠ ᠶᠢ ᠲᠠᠶᠢᠴᠢᠯᠠᠬᠤ ᠭᠡᠷᠡᠭᠳᠠᠢ᠃ ᠠᠵᠤ ᠤᠢᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢᠨ ᠤᠳᠤᠬᠢᠴᠢᠯᠠᠯᠳᠠ ᠶᠢᠨ ᠲᠦᠪᠰᠢᠨ ᠢ ᠲᠡᠭᠡᠭᠰᠢᠯᠡᠬᠦᠯᠵᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠶᠢ ᠶᠡᠭᠡ ᠪᠠᠷ ᠠᠬᠢᠭᠤᠯᠵᠤ᠂ ᠵᠠᠩᠬᠢᠯᠠᠭ᠎ᠠ ᠶᠢᠨ ᠭᠤᠤᠯᠯᠠᠬᠴᠢ ᠮᠡᠷᠬᠡᠵᠢᠯ ᠤᠨ ᠰᠢᠪᠳᠤᠯᠤᠯᠳᠠ ᠶᠢ ᠲᠦᠷᠬᠡᠳᠬᠡᠵᠤ᠂ ᠢᠷᠡᠬᠡᠳᠤᠢ ᠶᠢᠨ ᠬᠦᠭᠵᠢᠯᠳᠠ ᠶᠢᠨ ᠰᠢᠨ᠎ᠠ ᠲᠠᠪᠠᠭᠤᠯᠢᠬ ᠢ ᠴᠤᠬᠴᠠᠯᠠᠬᠤ ᠬᠡᠷᠡᠭᠲᠡᠢ ᠪᠠᠶᠢᠭ᠎ᠠ ᠵᠡᠷᠭᠡ ᠶᠢ ᠪᠤᠳᠤᠯᠬᠢᠯᠠᠬᠰᠠᠨ ᠪᠠᠶᠢᠨ᠎ᠠ᠃      ᠳᠤᠮᠳᠠᠳᠤ ᠤᠯᠤᠰ ᠤᠨ ᠨᠡᠬᠡᠬᠡᠯᠳᠠ ᠶᠢᠨ ᠶᠡᠭᠡ ᠬᠠᠭᠠᠯᠭ᠎ᠠ ᠬᠡᠵᠢᠶᠡᠲᠡ ᠬᠠᠭᠠᠭᠲᠠᠬᠤ ᠦᠭᠡᠢ ᠶᠤᠮ᠂ ᠬᠠᠷᠢᠨ ᠨᠡᠬᠡᠬᠡᠬᠦ ᠳᠤᠳᠤᠮ ᠶᠡᠭᠡ ᠪᠤᠯᠤᠨ᠎ᠠ ᠬᠡᠵᠤ ᠪᠢ ᠤᠯᠠᠨᠳᠠ ᠴᠢᠬᠤᠯᠠᠴᠢᠯᠠᠪᠠ᠃ ᠤᠯᠤᠰ ᠤᠨ ᠳᠤᠳᠤᠭᠠᠳᠤ ᠶᠢᠨ ᠶᠡᠭᠡ ᠡᠷᠬᠢᠯᠳᠠ ᠪᠠᠷ ᠭᠤᠤᠯ ᠴᠤᠬᠴᠠ ᠪᠤᠯᠭᠠᠬᠤ ᠨᠢ ᠡᠬᠦᠳᠠ ᠪᠠᠨ ᠬᠠᠭᠠᠵᠤ ᠪᠢᠳᠡᠬᠦᠮᠵᠢᠯᠠᠨ ᠡᠷᠬᠢᠯᠳᠤᠬᠦ ᠪᠤᠰᠤ᠂ ᠬᠠᠷᠢᠨ ᠳᠤᠳᠤᠭᠠᠳᠤ ᠭᠡᠷᠡᠭᠴᠡᠭᠡ ᠶᠢᠨ ᠲᠠᠯᠳᠠ ᠬᠦᠴᠤᠨ ᠢ ᠪᠠᠳᠠᠷᠠᠭᠤᠯᠬᠤ ᠪᠠᠷ ᠲᠠᠮᠵᠢᠭᠤᠯᠵᠤ᠂ ᠤᠯᠤᠰ ᠤᠨ ᠳᠤᠳᠤᠭᠠᠳᠤ ᠶᠢᠨ ᠵᠠᠬ᠎ᠠ ᠲᠡᠯᠬᠡᠬᠦᠷ ᠪᠤᠯᠤᠨ ᠤᠯᠤᠰ ᠤᠨ ᠭᠠᠳᠠᠭᠠᠳᠤ ᠶᠢᠨ ᠵᠠᠬ᠎ᠠ ᠲᠡᠯᠬᠡᠬᠦᠷ ᠢ ᠨᠡᠩ ᠰᠠᠶᠢᠨ ᠬᠤᠯᠪᠤᠭᠠᠯᠠᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠤᠶᠠᠷ ᠵᠠᠬ᠎ᠠ ᠲᠡᠯᠬᠡᠬᠦᠷ᠂ ᠬᠤᠶᠠᠷ ᠵᠦᠢᠯ ᠤᠨ ᠡᠬᠢ ᠪᠠᠶᠠᠯᠢᠬ ᠢ ᠨᠡᠩ ᠰᠠᠶᠢᠨ ᠠᠰᠢᠬᠯᠠᠵᠤ᠂ ᠨᠡᠩ ᠬᠦᠴᠦᠨ ᠪᠦᠬᠦᠢ ᠦᠷᠬᠦᠯᠵᠢᠯᠡᠬᠦ ᠬᠦᠭᠵᠢᠯᠳᠠ ᠶᠢ ᠪᠡᠶᠡᠯᠡᠬᠦᠯᠬᠦ ᠪᠤᠯᠤᠨ᠎ᠠ᠃ ᠠᠯᠤᠰ ᠢᠷᠡᠭᠡᠳᠤᠢ ᠠᠴᠠ ᠦᠵᠡᠬᠦ ᠳᠤ᠂ ᠠᠵᠤ ᠠᠬᠤᠢ ᠶᠢᠨ ᠲᠡᠯᠡᠬᠡᠶᠢᠵᠢᠯᠲᠡ ᠨᠢ ᠮᠦᠨ ᠯᠡ ᠲᠡᠤᠬᠡ ᠶᠢᠨ ᠤᠷᠤᠰᠬᠠᠯ ᠪᠤᠯᠵᠤ᠂ ᠡᠯ᠎ᠠ ᠤᠯᠤᠰ ᠤᠨ ᠠᠵᠢᠯ ᠤᠨ ᠬᠤᠪᠢᠶᠠᠷᠢᠯᠠᠯ ᠬᠠᠮᠳᠤᠷᠠᠯᠴᠠᠭ᠎ᠠ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠪᠤᠯ ᠤᠷᠳᠤ ᠬᠤᠭᠤᠴᠠᠭᠠᠨ ᠤ ᠬᠠᠨᠳᠤᠰᠢ ᠪᠤᠯᠤᠨ᠎ᠠ᠃ ᠪᠢᠳᠠ ᠲᠡᠤᠬᠡ ᠶᠢᠨ ᠵᠦᠪ ᠲᠠᠯ᠎ᠠ ᠳᠤ ᠵᠤᠭᠰᠤᠵᠤ᠂ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ᠂ ᠨᠡᠬᠡᠬᠡᠯᠳᠠ ᠶᠢ ᠦᠷᠬᠡᠳᠬᠡᠬᠦ ᠶᠢ ᠪᠠᠷᠢᠮᠳᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠦᠷᠢᠶᠠᠨ ᠤ ᠨᠡᠬᠡᠬᠡᠯᠳᠠ ᠬᠠᠮᠳᠤᠷᠠᠯᠴᠠᠭ᠎ᠠ ᠶᠢ ᠴᠢᠩᠭᠠᠳᠬᠠᠵᠤ᠂ ᠨᠡᠬᠡᠬᠡᠯᠳᠡᠳᠤ ᠮᠠᠶ᠋ᠢᠬ‌‍ᠤᠨ ᠲᠡᠯᠡᠬᠡᠢ ᠶᠢᠨ ᠠᠵᠤ ᠠᠬᠤᠢ ᠶᠢ ᠪᠦᠳᠤᠬᠡᠨ ᠪᠠᠶᠢᠭᠤᠯᠬᠤ ᠶᠢ ᠠᠬᠢᠭᠤᠯᠵᠤ᠂ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠦᠳᠤᠬᠡᠨ ᠪᠠᠶᠢᠭᠤᠯᠬᠤ ᠶᠢ ᠠᠬᠢᠭᠤᠯᠬᠤ ᠭᠡᠷᠡᠭᠳᠠᠢ᠃      ᠲᠠᠷᠠᠭ᠎ᠠ ᠵᠢᠯ ᠠᠴᠠ ᠡᠬᠢᠯᠠᠵᠤ᠂ ᠮᠠᠨ ᠤ ᠤᠯᠤᠰ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢᠨ ᠬᠤᠭᠤᠴᠠᠭᠠᠨ ᠳᠤ ᠤᠷᠤᠨ᠎ᠠ᠂ ᠡᠨᠡ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠦᠭᠰᠡᠨ ᠰᠠᠭᠤᠷᠢ ᠲᠡᠭᠡᠷ᠎ᠠ ᠨᠡᠶᠢᠬᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠠᠶᠢᠭᠤᠯᠬᠤ ᠰᠢᠨ᠎ᠠ ᠠᠶᠠᠨ ᠢᠶᠠᠨ ᠡᠬᠢᠯᠡᠬᠦᠯᠬᠦ ᠠᠩᠬᠠᠳᠤᠭᠠᠷ ᠲᠠᠪᠤᠨ ᠵᠢᠯ ᠪᠤᠯᠬᠤᠷ ᠠᠴᠢ ᠬᠤᠯᠪᠤᠬᠳᠠᠯ ᠨᠢ ᠲᠦᠢᠯ ᠤᠨ ᠶᠡᠭᠡ ᠶᠤᠮ᠃ ᠨᠠᠮ ᠤᠨ ᠲᠦᠪ ᠬᠤᠷᠢᠶᠠᠨ ᠠᠴᠠ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠲᠤᠭᠳᠠᠭᠠᠬᠤ ᠶᠢ ᠮᠠᠰᠢ ᠴᠢᠬᠤᠯᠠᠴᠢᠯᠠᠵᠤ᠂ ᠬᠤᠯᠪᠤᠬᠳᠠᠯ ᠪᠦᠬᠦᠢ ᠪᠡᠯᠡᠳᠬᠡᠯ ᠠᠵᠢᠯ ᠶᠠᠬ ᠶᠠᠪᠤᠬᠳᠠᠵᠤ ᠪᠤᠢ᠃ ᠡᠨᠡ ᠡᠳᠤᠷ᠂ ᠤᠯᠠᠨ ᠢᠶᠠᠷ ᠢᠶᠠᠨ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ‌‍ᠶᠢ ᠲᠤᠭᠳᠠᠭᠠᠬᠤ ᠳᠤ ᠮᠠᠰᠢ ᠤᠯᠠᠨ ᠦᠨ᠎ᠠ ᠦᠷᠳᠡᠭ ᠲᠠᠢ ᠰᠠᠨᠠᠯ ᠰᠠᠨᠠᠭᠤᠯᠭ᠎ᠠ ᠲᠤᠷᠠᠳᠴᠠᠢ᠂ ᠬᠤᠯᠪᠤᠬᠳᠠᠯ ᠪᠦᠬᠦᠢ ᠲᠠᠯ᠎ᠠ ᠬᠢᠨ ᠨᠠᠷᠢᠨ ᠬᠢᠨᠠᠮᠠᠭᠠᠢ ᠰᠤᠳᠤᠯᠵᠤ ᠰᠢᠩᠬᠡᠭᠡᠨ ᠠᠪᠬᠤ ᠭᠡᠷᠡᠭᠳᠠᠢ᠃ ᠬᠠᠮᠳᠤ ᠶᠢᠨ ᠴᠢᠷᠮᠠᠶᠢᠯᠭ᠎ᠠ ᠪᠠᠷ᠂ ᠦᠷᠬᠡᠨ ᠤᠯᠠᠨ ᠠᠵᠤ ᠠᠬᠤᠢᠢᠯᠠᠯ ᠪᠤᠯᠤᠨ ᠬᠤᠪᠢ ᠶᠢᠨ ᠤᠢᠢᠯᠡᠳᠪᠤᠷᠢ ᠬᠤᠳᠠᠯᠳᠤᠭ᠎ᠠ ᠶᠢᠨ ᠡᠷᠤᠬᠡ ᠶᠢᠨ ᠬᠢᠨ ᠯᠠᠪᠳᠠᠢ ᠮᠠᠨ ᠤ ᠤᠯᠤᠰ ᠤᠨ ᠨᠡᠶᠢᠬᠡᠮ ᠵᠢᠷᠤᠮ ᠤᠨ ᠤᠳᠤᠬᠢᠴᠢᠯᠠᠯᠲᠠ ᠶᠢᠨ ᠠᠬᠢᠴᠠ ᠳᠤ ᠨᠡᠩ ᠶᠡᠭᠡ ᠤᠢᠢᠯᠡᠳᠤᠯ ᠢᠶᠠᠨ ᠪᠠᠳᠠᠷᠠᠭᠤᠯᠵᠤ᠂ ᠨᠡᠩ ᠶᠡᠭᠡ ᠬᠦᠭᠵᠢᠯᠳᠠ ᠪᠠᠨ ᠪᠡᠶᠡᠯᠡᠬᠦᠯᠬᠦ ᠪᠤᠯᠤᠨ᠎ᠠ ᠭᠡᠵᠤ ᠢᠳᠡᠬᠡᠵᠤ ᠪᠠᠶᠢᠨ᠎ᠠ᠃      ︵ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 21 ᠤ ᠴᠠᠬᠢᠯᠭᠠᠨ ᠮᠡᠳᠡᠭᠡ︶    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号